— ᠬᠠᠩᠭᠢᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠠᠨᠳᠦᠯ᠎ᠠ | | ︽ᠬᠤᠲᠠ ᠶᠢᠨ ᠳᠥᠷᠪᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠢᠷᠡᠭᠡᠳᠦᠢ ᠶᠢᠨ ᠲᠠᠪᠤᠨ ᠵᠢᠯ ᠤᠨ ᠪᠦᠬᠦ ᠬᠤᠲᠠ ᠶᠢᠨ | ᠠᠵᠢᠯ ᠤᠨ ᠶᠡᠷᠦᠩᠬᠡᠢ ᠰᠡᠳᠬᠢᠮᠵᠢ ᠶᠢ ᠲᠣᠭᠲᠠᠭᠠᠵᠤ᠂ ︿ᠲᠠᠪᠤᠨ ᠲᠠᠯ᠎ᠠ﹀ ᠶᠢᠨ ᠵᠣᠬᠢᠴᠠᠩᠭᠤᠢ ᠬᠥᠭᠵᠢᠯᠲᠡ ᠶᠢ ᠳᠤᠷᠠᠳᠴᠤ᠂ ︿ᠤᠰᠤ᠂ ᠨᠣᠭᠤᠭᠠᠨ᠂ ᠰᠣᠶᠣᠯ﹀ | ᠭᠡᠬᠦ ᠭᠤᠷᠪᠠᠨ ᠠᠵᠢᠯ ᠢ ᠰᠠᠢᠲᠤᠷ ᠬᠢᠵᠦ᠂ ᠲᠠᠪᠤᠨ ᠶᠡᠭᠡ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠣᠯᠳᠠ ᠶᠢ ᠰᠠᠶᠢᠳᠣᠷ ᠠᠳᠬᠤᠵᠤ᠂ ︿ᠪᠣᠬᠢᠷᠲᠤᠯ ᠦᠭᠡᠢ | ᠬᠥᠭᠵᠢᠨ ᠮᠠᠨᠳᠤᠵᠤ᠂ ᠵᠢᠶᠠᠩᠨᠠᠨ ᠢ ᠳᠠᠪᠠᠭ᠋ᠤ﹀ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠵᠦ᠂ ᠬᠥᠮᠦᠰ ᠤᠨ ᠰᠡᠳᠬᠢᠯ ᠢ ᠵᠣᠷᠢᠭᠵᠢᠭᠤᠯᠵᠤ᠂ ᠬᠥᠮᠦᠰ ᠢ | ᠵᠣᠷᠢᠭᠵᠢᠭᠤᠯᠤᠨ ᠤᠷᠤᠭᠰᠢᠯᠠᠭᠤᠯᠤᠨ᠎ᠠ᠃︾ ᠬᠠᠩᠭᠢᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠠᠨᠳᠦᠯ᠎ᠠ ᠰᠤᠷᠪᠤᠯᠵᠢᠯᠠᠭ᠎ᠠ ᠭᠥᠯᠢᠶᠡᠵᠣ | ᠢᠯᠡᠷᠬᠡᠶᠢᠯᠡᠬᠦ ᠳᠡᠭᠡᠨ᠂ ᠬᠠᠩᠬᠢᠨ ᠬᠤᠶᠢᠳᠣ ᠬᠤᠰᠢᠭᠤ ᠶᠢᠨ ᠳᠥᠷᠪᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠭᠰᠠᠨ | ᠲᠡᠮᠡᠴᠡᠯ ᠤᠨ ᠬᠠᠷᠠᠯᠲᠠ ᠪᠠ ᠡᠯ᠎ᠡ ᠵᠦᠢᠯ ᠤᠨ ᠪᠣᠳᠠᠲᠠᠶ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠰᠢᠨ᠎ᠡ ᠣᠶᠢᠯᠠᠭᠠᠭᠳᠠᠬᠤᠨ ᠢ ᠦᠢᠯᠡᠳᠥᠯᠭᠡᠵᠢᠬᠦᠯᠵᠤ᠂ ᠰᠢᠨ᠎ᠡ | ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠥᠭᠵᠢᠯᠲᠡ ᠶᠢᠨ ᠳᠠᠪᠠᠭᠤᠯᠢᠭ ᠢ ᠨᠡᠮᠡᠭᠳᠡᠭᠦᠯᠵᠦ᠂ ᠬᠥᠭᠵᠢᠯᠲᠡ ᠶᠢᠨ ᠲᠣᠳᠠᠭᠳᠠᠯ ᠢ ᠨᠥᠬᠦᠪᠥᠷᠢᠯᠡᠵᠦ᠂ ︽ᠨᠢᠭᠡ ᠪᠦᠰᠡ | ᠨᠢᠭᠡ ᠵᠠᠮ︾ ᠤᠨ ᠴᠢᠬᠤᠯᠠ ᠵᠠᠩᠭᠢᠯᠠᠭ᠎ᠠ ᠶᠢᠨ ᠴᠡᠭ ᠤᠨ ᠳᠠᠪᠠᠭᠤᠯᠢᠭ ᠲᠤ ᠲᠦᠰᠢᠭᠯᠡᠨ᠂ ᠯᠢᠨ ᠾᠧ ᠱᠠᠮᠪᠡ ᠬᠤᠲᠠ ᠶᠢ ᠨᠢᠭᠡᠳᠦᠭᠦᠯᠦᠭᠰᠡᠨ ᠬᠥᠭᠵᠢᠯᠲᠡ ᠶᠢᠨ ᠠᠵᠠ | ᠲᠣᠬᠢᠶᠠᠯ ᠢ ᠠᠮᠵᠢᠵᠤ᠂ ᠪᠠᠶᠢᠷᠢ ᠰᠣᠯᠪᠢᠴᠠᠨ ᠬᠥᠭᠵᠢᠬᠦ᠂ ᠣᠨᠴᠠᠯᠢᠭ ᠢᠶᠠᠨ ᠳᠡᠭᠡᠭᠰᠢᠯᠡᠭᠦᠯᠬᠦ᠂ ᠪᠣᠬᠢᠷᠲᠤᠯ ᠦᠭᠡᠢ ᠪᠠᠷ ᠬᠥᠭᠵᠢᠨ ᠮᠠᠨᠳᠤᠬᠤ ᠳᠡᠭᠡᠷ᠎ᠡ ᠬᠦᠴᠦ | ᠲᠠᠯᠪᠢᠨ ᠠᠷᠭ᠎ᠠ ᠤᠬᠠᠭᠠᠨ ᠭᠠᠷᠭᠠᠵᠤ᠂ ᠷᠢᠳᠢ ᠰᠢᠳᠢ ᠲᠠᠢ ᠬᠠᠩᠭᠠᠭᠰᠠᠨ ᠤ ᠳᠠᠷᠠᠭ᠎ᠠ ᠨᠠᠩ ᠲᠣᠬᠢᠲᠠᠶ ᠠᠵᠢᠯᠯᠠᠵᠤ ᠠᠮᠢᠳᠤᠷᠠᠬᠤ ᠳᠤ ᠨᠠᠩ ᠲᠣᠬᠢᠷᠠᠮᠵᠢᠲᠠᠶ ᠪᠣᠯᠭᠠᠨ᠎ᠠ | ᠭᠡᠵᠡᠶ᠃ | ᠮᠠᠨᠳᠦᠯ᠎ᠠ᠂ ᠪᠢᠳᠡ ᠰᠢᠨ᠎ᠡ ᠶᠢ ᠡᠭᠦᠳᠴᠦ᠂ ᠰᠡᠳᠬᠢᠬᠦᠶ ᠶᠢᠨ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠪᠠᠶᠢᠳᠠᠯ ᠤᠨ ᠬᠤᠪᠢᠷᠠᠯᠲᠠ ᠪᠣᠯᠤᠨ ᠱᠠᠭᠠᠷᠳᠠᠯᠭ᠎ᠠ ᠳᠤ | ᠢᠳᠡᠪᠬᠢᠲᠡᠢ ᠵᠣᠬᠢᠴᠠᠵᠤ᠂ ᠬᠤᠲᠠ ᠶᠢᠨ ᠳᠥᠷᠪᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠢᠳᠡᠪᠬᠢᠲᠡᠢ | ᠠᠷᠭ᠎ᠠ ᠬᠡᠮᠵᠢᠶ᠎ᠡ ᠠᠪᠴᠤ᠂ ᠤᠤᠯ ᠤᠨ ᠪᠠᠶᠢᠭᠰᠠᠨ ᠰᠠᠭᠤᠷᠢ ᠳᠠᠪᠠᠭᠤᠯᠢᠭ ᠢᠶᠠᠨ ᠰᠠᠶᠢᠲᠤᠷ ᠠᠰᠢᠭᠯᠠᠵᠤ᠂ ᠥᠭᠡᠷᠡᠴᠢᠯᠡᠯᠲᠡ ᠬᠥᠭᠵᠢᠯᠲᠡ ᠶᠢᠨ ᠳᠤᠮᠳᠠ | ᠪᠦᠷᠢᠯᠳᠦᠭᠰᠡᠨ ᠰᠢᠨ᠎ᠡ ᠬᠥᠭᠵᠢᠯᠲᠡ ᠶᠢᠨ ᠳᠠᠪᠠᠭᠤᠯᠢᠭ ᠢ ᠪᠠᠬᠢᠵᠢᠭᠦᠯᠦᠨ ᠥᠷᠭᠡᠳᠬᠡᠵᠦ᠂ ᠢᠷᠡᠭᠡᠳᠦᠢ ᠳᠤ ᠭᠠᠷᠴᠤ ᠮᠡᠳᠡᠬᠦ ᠳᠠᠯᠳᠠ ᠳᠠᠪᠠᠭᠤᠯᠢᠭ ᠢ ᠰᠠᠶᠢᠲᠤᠷ | ᠪᠤᠶᠢᠵᠢᠭᠤᠯᠤᠨ ᠪᠠᠳᠠᠷᠠᠭᠤᠯᠵᠤ᠂ ᠪᠦᠬᠦ ᠬᠤᠰᠢᠭᠤᠨ ᠤ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠴᠢᠷᠮᠠᠶᠢᠨ ᠠᠬᠢᠭᠤᠯᠵᠤ᠂ ᠨᠠᠩ | ᠥᠨᠳᠥᠷ ᠳᠡᠰ ᠳᠠᠪᠬᠤᠷᠭ᠎ᠠ ᠳᠤ ᠭᠠᠷᠬᠤ ᠬᠡᠷᠡᠭᠲᠡᠶ ᠭᠡᠵᠦ ᠬᠡᠯᠡᠪᠡ᠃ | ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠪᠣᠬᠢᠷᠲᠤᠯ ᠦᠭᠡᠢ ᠠᠵᠤ ᠦᠢᠯᠡᠰ ᠤᠨ | ᠳᠠᠪᠠᠭᠤᠯᠢᠭ ᠢ ᠵᠤᠵᠠᠭᠠᠳᠬᠠᠬᠤ ᠬᠡᠷᠡᠭᠲᠡᠶ᠃ ᠬᠠᠩᠬᠢᠨ ᠬᠤᠶᠢᠳᠦ ᠬᠤᠰᠢᠭᠤ ᠬᠠᠳᠤᠨ ᠭᠤᠣᠯ ᠤᠨ ᠣᠨᠴᠠᠯᠢᠭ ᠪᠠ ᠠᠵᠤ ᠦᠢᠯᠡᠰ ᠤᠨ ᠰᠠᠭᠤᠷᠢ ᠳᠤ ᠰᠠᠭᠤᠷᠢᠯᠠᠨ᠂ | ᠪᠣᠬᠢᠷᠲᠤᠯ ᠦᠭᠡᠢ ᠪᠠᠶᠢᠬᠤ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠠᠵᠤ ᠦᠢᠯᠡᠰ ᠤᠨ ᠣᠨᠴᠠᠯᠢᠭ ᠢ ᠪᠤᠶᠢᠵᠢᠭᠤᠯᠤᠨ᠂ ᠠᠷᠠᠳ ᠢᠶᠠᠨ ᠪᠠᠶᠠᠵᠢᠭᠤᠯᠵᠤ | ᠣᠷᠣᠯᠭ᠎ᠠ ᠪᠠᠨ ᠨᠡᠮᠡᠭᠳᠡᠭᠦᠯᠬᠦ ᠰᠠᠭᠤᠷᠢ ᠶᠢ ᠪᠠᠬᠢᠵᠢᠭᠦᠯᠦᠨ᠎ᠡ᠃ | ᠨᠢᠭᠡ ᠳᠤ᠂ ᠨᠠᠷᠢᠯᠢᠭ ᠪᠥᠭᠡᠳ ᠪᠣᠬᠢᠷᠲᠤᠯ ᠦᠭᠡᠢ ᠲᠠᠷᠢᠶᠠᠯᠠᠩ ᠢ ᠬᠢᠨ᠎ᠡ᠃ ᠤᠯᠠᠮᠵᠢᠯᠠᠯᠲᠤ ᠲᠠᠷᠢᠶᠠᠯᠠᠩ ᠤᠨ ᠭᠠᠵᠠᠷ ᠣᠷᠣᠨ ᠤ ᠳᠠᠯᠳᠠ ᠬᠦᠴᠦᠨ ᠢ | ᠭᠥᠢᠴᠡᠳ ᠠᠭᠤᠳᠠᠯᠵᠤ᠂ ᠲᠠᠷᠢᠶᠠᠯᠠᠩ ᠢ ᠰᠠᠶᠢᠲᠤᠷ ᠬᠠᠮᠠᠭᠠᠯᠠᠨ ᠪᠤᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠳᠠᠭᠠᠭᠤᠯᠤᠭᠴᠢ ᠪᠣᠯᠬᠤ ᠪᠠᠷ | ᠴᠢᠷᠮᠠᠶᠢᠨ᠎ᠠ᠃ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠲᠦᠷᠭᠡᠪᠴᠢᠯᠡᠨ ᠠᠬᠢᠭᠤᠯᠵᠤ᠂ ᠭᠠᠵᠠᠷ ᠰᠢᠷᠣᠶ ᠶᠢᠨ | ᠡᠷᠬᠡ ᠶᠢ ᠨᠤᠲᠠᠯᠠᠨ ᠲᠣᠭᠲᠠᠭᠠᠬᠤ ᠠᠵᠢᠯ ᠢ ᠳᠣᠪᠤᠶᠢᠯᠭᠠᠨ ᠰᠠᠶᠢᠲᠤᠷ ᠠᠳᠬᠤᠵᠤ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠡᠮᠬᠢ | ᠵᠢᠷᠤᠮ ᠲᠠᠢ ᠪᠠᠷ ᠡᠷᠭᠢᠯᠲᠡ ᠳᠤ ᠣᠷᠣᠭᠤᠯᠬᠤ ᠶᠢ ᠬᠥᠲᠥᠯᠥᠨ ᠵᠢᠯᠣᠭᠤᠳᠴᠤ᠂ ᠲᠠᠷᠢᠶᠠᠯᠠᠩ ᠤᠨ ᠵᠣᠬᠢᠰᠲᠠᠶ ᠪᠠᠶᠢᠬᠤ ᠶᠢ ᠠᠬᠢᠭᠤᠯᠤᠨ᠂ ᠲᠠᠷᠢᠶᠠᠯᠠᠩ ᠤᠨ | ᠦᠢᠯᠡᠳᠪᠦᠷᠢᠯᠡᠯ ᠤᠨ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠶᠢ ᠳᠡᠭᠡᠭᠰᠢᠯᠡᠭᠦᠯᠵᠦ᠂ ᠦᠢᠯᠡᠳᠪᠦᠷᠢᠯᠠᠯ ᠤᠨ ᠥᠪᠡᠷ ᠤᠨ ᠥᠷᠲᠡᠭ ᠢ ᠳᠡᠭᠡᠭᠰᠢᠯᠡᠭᠦᠯᠦᠨ᠂ | ᠦᠢᠯᠡᠳᠭᠦᠨ ᠤ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ᠃ ︽ᠬᠠᠩᠭᠢᠨ ᠬᠤᠶᠢᠲᠤ ᠬᠤᠰᠢᠭᠤᠨ ᠤ ᠤᠯᠤᠰ ᠤᠨ ᠲᠠᠷᠢᠶᠠᠯᠠᠩ ᠤᠨ ᠦᠷᠭᠦᠯᠵᠢᠯᠡᠬᠦ | ᠬᠥᠭᠵᠢᠯᠲᠡ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠣᠷᠣᠨ︾ ᠤ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠭᠤᠷᠪᠠᠨ ᠶᠡᠭᠡ ᠴᠢᠳᠠᠮᠵᠢᠲᠤ ᠣᠷᠣᠨ | ᠂ ᠠᠷᠪᠠᠨ ᠵᠦᠢᠯ ᠤᠨ ᠦᠷᠭᠦᠯᠵᠢᠯᠡᠬᠦ ᠠᠵᠤ ᠦᠢᠯᠠᠰ᠂ ᠬᠤᠷᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ | ᠪᠠᠶᠢᠷᠢᠰᠢᠯ ᠢ ᠪᠦᠬᠦᠯᠢ ᠴᠣᠭᠴᠠ ᠪᠠᠷ ᠪᠦᠷᠢᠯᠳᠦᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠲᠦᠷᠭᠡᠳᠬᠡᠵᠦ᠂ | ᠪᠣᠷᠳᠣᠭᠤᠷ ᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ᠂ ᠡᠮ ᠢ ᠬᠢᠵᠠᠭᠠᠷᠯᠠᠨ ᠬᠥᠨᠥᠭᠡᠯ ᠢ ᠪᠠᠭᠠᠰᠬᠠᠬᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠵᠡᠷᠭᠡ | ᠮᠡᠷᠭᠡᠵᠢᠯ ᠢ ᠳᠡᠯᠭᠡᠷᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠴᠢᠨᠠᠷ ᠰᠠᠶᠢᠲᠠᠶ ᠪᠥᠭᠡᠳ ᠦᠨ᠎ᠡ ᠥᠨᠳᠥᠷ ᠪᠠᠶᠢᠬᠤ ᠶᠢ ᠪᠡᠶᠡᠯᠡᠭᠦᠯᠵᠦ᠂ ᠲᠠᠷᠢᠶᠠᠯᠠᠩ ᠤᠨ ᠣᠯᠠᠨ | ᠡᠬᠢᠲᠦ ᠪᠣᠬᠢᠷᠲᠤᠯ ᠢ ᠪᠠᠭᠠᠰᠬᠠᠨ᠎ᠠ᠃ ᠲᠣᠮᠣ ᠲᠠᠷᠢᠶᠠᠯᠠᠩ ᠤᠨ ᠳᠣᠲᠣᠭᠠᠳᠤ ᠪᠦᠲᠦᠴᠡ ᠶᠢ ᠲᠠᠰᠤᠷᠠᠯᠲᠠ ᠦᠭᠡᠢ ᠲᠣᠬᠢᠷᠠᠭᠤᠯᠵᠤ᠂ ᠣᠨᠴᠠᠯᠢᠭᠲᠤ ᠲᠥᠷᠥᠯ | ᠲᠡᠮᠳᠡᠭ ᠤᠨ ᠲᠠᠷᠢᠮᠠᠯ ᠤᠨ ᠦᠢᠯᠠᠰ ᠢ ᠶᠡᠬᠡᠪᠡᠷ ᠬᠥᠭᠵᠢᠭᠦᠯᠵᠦ᠂ ᠢᠯᠠᠩᠭᠤᠶ᠎ᠠ ᠮᠠᠯ ᠠᠵᠤ ᠠᠬᠤᠢ ᠶᠢᠨ ᠬᠤᠪᠢ ᠶᠢᠨ ᠵᠢᠩ ᠢ ᠳᠡᠭᠡᠭᠰᠢᠯᠡᠭᠦᠯᠵᠦ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠮᠠᠯ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠳᠠᠶᠢᠴᠢᠯᠠᠨ᠎ᠠ᠃ | ᠨᠢᠭᠡ ᠪᠦᠯᠦᠭ ᠪᠣᠬᠢᠷᠲᠤᠯ ᠥᠬᠡᠶ᠂ ᠣᠯᠠᠨ ᠨᠡᠶᠢᠲᠡ ᠳᠤ ᠬᠤᠤᠷᠳᠠᠭᠳᠠᠯ ᠥᠬᠡᠶ᠂ ᠣᠷᠭᠠᠨᠢᠭ ᠨᠡᠷᠡᠲᠦ ᠲᠥᠷᠥᠯ ᠲᠡᠮᠳᠡᠭᠲᠦ ᠶᠢ ᠪᠤᠶᠢᠵᠢᠭᠤᠯᠤᠨ ᠳᠠᠩᠰᠠᠯᠠᠭᠤᠯᠵᠤ᠂ | ᠬᠠᠩ ᠾᠧᠦ ᠲᠠᠷᠢᠶᠠᠯᠠᠩ ᠤᠨ ᠪᠦᠲᠦᠭᠡᠭᠳᠡᠬᠦᠨ ᠢ ᠦᠨᠡᠨᠬᠦ ︽ᠪᠣᠷᠣᠲᠣᠬᠤᠶ ᠶᠢᠨ ᠪᠣᠬᠢᠷᠲᠤᠯ ᠥᠬᠡᠶ ᠠᠮᠤᠷ ᠲᠦᠪᠰᠢᠨ ᠢᠳᠡᠭᠡᠨ︾ ᠤ ᠲᠥᠯᠥᠭᠡᠨ ᠤ ᠨᠡᠷ᠎ᠡ ᠦᠭᠡ | ᠪᠣᠯᠭᠠᠨ᠎ᠠ᠃ | ᠬᠤᠶᠠᠷ ᠲᠤ᠂ ᠪᠣᠬᠢᠷᠲᠤᠯ ᠦᠭᠡᠢ ᠠᠵᠤ ᠦᠢᠯᠡᠳᠪᠦᠷᠢ ᠶᠢ ᠬᠦᠴᠦᠷᠬᠡᠭᠵᠢᠭᠦᠯᠦᠨ᠎ᠡ᠃ ᠠᠵᠤ ᠦᠢᠯᠡᠳᠪᠦᠷᠢᠵᠢᠯᠳᠡ ᠶᠢᠨ ᠣᠶᠢᠯᠠᠭᠠᠭᠳᠠᠬᠤᠨ ᠢᠶᠠᠷ | ᠲᠠᠷᠢᠶᠠᠯᠠᠩ ᠢ ᠬᠥᠭᠵᠢᠭᠦᠯᠬᠦ ᠶᠢ ᠪᠠᠷᠢᠮᠲᠠᠯᠠᠵᠤ᠂ ᠬᠤᠯᠪᠣᠯᠳᠤᠬᠤ ᠵᠠᠭᠪᠤᠷ ᠢ ᠲᠡᠭᠦᠯᠳᠡᠷᠵᠢᠭᠦᠯᠦᠨ ᠰᠢᠨ᠎ᠡ ᠶᠢ ᠡᠭᠦᠳᠴᠦ᠂ ᠲᠣᠯᠣᠭᠠᠶᠢᠯᠠᠭᠴᠢ ᠠᠵᠤ ᠠᠬᠤᠶᠢᠯᠠᠯ | ᠪᠣᠯᠤᠨ ᠲᠠᠷᠢᠶᠠᠴᠢᠳ ᠢ ᠠᠶᠤᠯ ᠲᠦᠭᠰᠢᠭᠦᠷᠢ ᠶᠢ ᠬᠠᠮᠲᠤ ᠪᠠᠷ ᠡᠭᠦᠷᠭᠡᠯᠡᠬᠦ᠂ ᠠᠰᠢᠭ ᠲᠤᠰᠠ ᠶᠢᠨ ᠬᠠᠮᠲᠤ ᠶᠢᠨ ᠴᠣᠭᠴᠠ ᠶᠢ ᠪᠤᠢ ᠪᠣᠯᠭᠠᠬᠤ ᠬᠡᠷᠡᠭᠲᠡᠶ᠃ ᠨᠤᠲᠤᠭ | ᠤᠰᠤᠨ ᠳᠠᠭᠠᠨ ᠰᠠᠭᠤᠷᠢᠯᠠᠨ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠵᠤ᠂ ᠲᠠᠷᠢᠶᠠᠯᠠᠩ ᠤᠨ ᠨᠡᠷᠡᠲᠦ ᠬᠥᠲᠥᠴᠢ ᠠᠵᠤ ᠠᠬᠤᠶᠢᠯᠠᠯ ᠤᠨ ᠮᠡᠷᠭᠡᠵᠢᠯ ᠤᠨ | ᠥᠭᠡᠷᠡᠴᠢᠯᠡᠯᠲᠡ ᠬᠢᠵᠦ ᠳᠡᠰ ᠳᠡᠪᠰᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ᠂ | ᠨᠠᠷᠢᠯᠢᠭᠵᠢᠭᠤᠯᠬᠤ᠂ ᠨᠡᠷᠡᠲᠦ ᠲᠡᠮᠳᠡᠭᠵᠢᠭᠦᠯᠬᠦ ᠪᠠ ᠲᠡᠭᠡᠳᠦ ᠦᠵᠦᠭᠦᠷᠵᠢᠭᠦᠯᠬᠦ ᠬᠥᠭᠵᠢᠯᠲᠡ ᠶᠢᠨ ᠵᠠᠮ ᠢᠶᠠᠷ ᠵᠠᠮᠨᠠᠨ᠂ ᠲᠡᠭᠡᠳᠦ ᠳᠣᠣᠷᠠᠳᠤ ᠤᠷᠤᠰᠬᠠᠯ ᠤᠨ ᠠᠵᠤ | ᠦᠢᠯᠠᠰ ᠢ ᠢᠵᠢ ᠪᠦᠷᠢᠳᠦᠭᠦᠯᠦᠨ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ | ᠨᠠᠷᠢᠯᠢᠭ ᠭᠦᠨᠵᠡᠭᠡᠶ ᠡᠳ᠋ᠰᠢᠭᠦᠯᠬᠦ ᠶᠢ ᠲᠦᠢᠯ ᠳᠤᠨᠢ ᠬᠦᠷᠦᠭᠦᠯᠬᠦ ᠪᠠᠷ ᠴᠢᠷᠮᠠᠶᠢᠵᠤ᠂ ᠠᠵᠤ ᠦᠢᠯᠡᠰ ᠤᠨ ᠰᠦᠷᠦᠭᠵᠢᠯ ᠤᠨ ᠬᠥᠭᠵᠢᠯᠲᠡ ᠪᠠ ᠪᠦᠲᠦᠴᠡ ᠶᠢᠨ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠤᠨ᠎ᠠ᠃ ᠣᠳᠣ ᠦᠶ᠎ᠡ ᠶᠢᠨ ᠬᠢᠮᠢ ᠶᠢᠨ ᠪᠣᠷᠳᠣᠭᠤᠷ᠂ ᠠᠮᠢᠳᠤ ᠪᠣᠳᠠᠰ ᠤᠨ ᠪᠣᠷᠳᠣᠭᠤᠷ᠂ ᠭᠡᠷᠡᠯ ᠸᠣᠯᠲ | ᠰᠢᠨ᠎ᠡ ᠡᠨᠧᠷᠭᠢ ᠵᠡᠷᠭᠡ ᠠᠵᠤ ᠦᠢᠯᠠᠰ ᠢ ᠢᠳᠡᠪᠬᠢᠲᠡᠢ ᠬᠥᠭᠵᠢᠭᠦᠯᠵᠦ᠂ ᠢᠯᠠᠩᠭᠤᠶ᠎ᠠ ᠲᠠᠷᠢᠶᠠᠯᠠᠩ ᠤᠨ ᠮᠠᠰᠢᠨ ᠤ ᠠᠵᠤ ᠦᠶ᠋ᠯᠡᠰ ᠢᠶᠠᠷ ᠲᠠᠷᠢᠶᠠᠯᠠᠩ ᠤᠨ | ᠮᠧᠬᠠᠨᠢᠭᠵᠢᠯᠲᠠ ᠶᠢ ᠬᠥᠲᠥᠯᠥᠨ ᠳᠠᠭᠠᠭᠤᠯᠬᠤ ᠴᠢᠬᠤᠯᠠ ᠭᠠᠷᠲᠠᠨ ᠪᠣᠯᠭᠠᠵᠤ᠂ ᠰᠤᠳᠤᠯᠤᠨ ᠨᠡᠭᠡᠭᠡᠬᠦ᠂ ᠦᠢᠯᠡᠳᠬᠦ᠂ ᠬᠠᠩᠭᠠᠬᠤ᠂ ᠦᠢᠯᠠᠴᠢᠯᠡᠬᠦ ᠶᠢ ᠨᠢᠭᠡ | ᠴᠣᠭᠴᠠᠵᠢᠭᠤᠯᠤᠭᠰᠠᠨ ᠠᠵᠤ ᠦᠢᠯᠡᠰ ᠤᠨ ᠰᠢᠰᠲ᠋ᠧᠮ ᠢ ᠪᠠᠢᠭᠤᠯᠵᠤ᠂ ᠬᠠᠩᠬᠢᠨ ᠬᠤᠶᠢᠳᠦ ᠬᠤᠰᠢᠭᠤ ᠲᠡᠮᠳᠡᠭᠲᠦ ᠲᠠᠷᠢᠶᠠᠯᠠᠩ ᠤᠨ ᠮᠠᠰᠢᠨ ᠤ ᠤᠮᠠᠷᠠᠲᠤ ᠣᠷᠣᠨ ᠪᠠ | ᠪᠠᠷᠠᠭᠤᠨ ᠬᠤᠶᠢᠲᠤ ᠶᠢᠨ ᠵᠠᠬ᠎ᠠ ᠳᠡᠯᠭᠡᠭᠦᠷ ᠢ ᠰᠠᠴᠤᠷᠠᠭᠤᠯᠬᠤ ᠶᠢ ᠠᠬᠢᠭᠤᠯᠬᠤ ᠬᠡᠷᠡᠭᠲᠡᠶ᠃ | ᠭᠤᠷᠪᠠ ᠳᠤ ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠰᠢᠯᠢᠳᠡᠭᠵᠢᠭᠦᠯᠦᠨ᠎ᠡ᠃ ᠲᠣᠮᠣ ᠳ᠋ᠠᠶᠢᠲ᠋ᠠ ᠶᠢᠨ ᠠᠵᠤ ᠦᠢᠯᠠᠰ ᠢ ᠢᠳᠡᠪᠬᠢᠲᠡᠶ ᠪᠠᠷ | ᠬᠥᠭᠵᠢᠭᠦᠯᠵᠦ᠂ ︽ᠢᠨᠲ᠋ᠧᠷ ᠰᠦᠯᠵᠢᠶ᠎ᠡ + ᠪᠣᠬᠢᠷᠲᠤᠯ ᠦᠭᠡᠢ ᠲᠠᠷᠢᠶᠠᠯᠠᠩ︾ ᠤᠨ ᠬᠥᠭᠵᠢᠯᠲᠡ ᠶᠢᠨ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠬᠥᠳᠡᠭᠡ | ᠲᠣᠰᠬᠤᠨ ᠤ ᠡᠯᠧᠺᠲᠷᠣᠨ ᠬᠤᠳᠠᠯᠳᠤᠭᠠᠨ ᠤ ᠲᠣᠤᠷ ᠰᠦᠯᠵᠢᠶ᠎ᠡ ᠶᠢ ᠠᠯᠬᠤᠮ ᠠᠯᠬᠤᠮ ᠢᠶᠠᠷ ᠪᠦᠷᠢᠨᠰᠢᠭᠦᠯᠵᠦ᠂ ︽ᠰᠦᠯᠵᠢᠶᠡᠨ ᠳᠡᠭᠡᠷ᠎ᠡ ᠪᠠᠷᠠᠭ᠎ᠠ ᠬᠥᠳᠡᠭᠡ | ᠪᠠᠭᠤᠬᠤ︾ ᠪᠠ ︽ᠲᠠᠷᠢᠶᠠᠯᠠᠩ ᠤᠨ ᠪᠦᠲᠦᠭᠡᠭᠳᠡᠬᠦᠨ ᠢ ᠬᠤᠲᠠ ᠳᠤ ᠣᠷᠣᠭᠤᠯᠬᠤ︾ ᠬᠤᠤᠰ ᠴᠢᠭᠯᠡᠯ ᠢᠶᠠᠷ ᠰᠢᠯᠵᠢᠬᠦ ᠶᠢ ᠪᠡᠶᠡᠯᠡᠭᠦᠯᠦᠨ᠎ᠡ᠃ ︽ᠨᠢᠭᠡ ᠪᠦᠰᠡ ᠨᠢᠭᠡ | ᠵᠠᠮ︾ ᠤᠨ ᠪᠠᠶᠢᠯᠳᠤᠬᠤ ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠨᠡᠭᠡᠭᠡᠯᠲᠡ ᠬᠢᠵᠦ ᠬᠠᠮᠲᠤᠷᠠᠯᠴᠠᠬᠤ ᠶᠢ ᠥᠷᠭᠡᠳᠬᠡᠨ᠂ ᠯᠢᠨ ᠾᠧ ᠠᠴᠠ | ᠬᠠᠷᠪᠢᠨ ᠬᠦᠷᠬᠦ ᠲᠦᠷᠭᠡᠨ ᠳᠠᠪᠬᠢᠬᠤ ᠵᠠᠰᠠᠮᠠᠯ ᠵᠠᠮ᠂ ᠯᠢᠨ ᠾᠧ ᠠᠴᠠ ᠴᠡᠭᠡ ᠬᠦᠷᠬᠦ ᠲᠡᠮᠦᠷ ᠵᠠᠮ ᠳᠤ ᠲᠦᠰᠢᠭᠯᠡᠨ᠂ ᠶᠡᠷᠦᠩᠬᠡᠶᠢᠯᠡᠭᠰᠡᠨ ᠪᠠᠷᠠᠭ᠎ᠠ ᠵᠢᠨᠬᠦ᠋ᠢᠯᠭᠡᠭᠡᠨ ᠤ | ᠳᠠᠮᠵᠢᠭᠤᠯᠬᠤ ᠥᠷᠲᠡᠭᠡ ᠶᠢᠨ ᠪᠦᠲᠦᠭᠡᠨ ᠪᠠᠶᠢᠭᠤᠯᠵᠤ᠂ ᠦᠢᠯᠡᠳᠪᠦᠷᠢᠯᠡᠯ᠂ ᠪᠠᠷᠠᠭ᠎ᠠ ᠶᠢᠨ ᠲᠡᠭᠡᠭᠡᠪᠦᠷᠢ ᠶᠢᠨ ᠬᠦᠢᠰᠦ ᠬᠡᠯᠪᠡᠷᠢ᠂ ᠠᠷᠠᠯᠵᠢᠶ᠎ᠠ ᠬᠤᠳᠠᠯᠳᠤᠭᠠᠨ ᠤ | ᠭᠦᠢᠯᠭᠡᠭᠡᠨ ᠤ ᠬᠡᠯᠪᠡᠷᠢ ᠶᠢᠨ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ ᠢ ᠬᠥᠭᠵᠢᠭᠦᠯᠵᠦ᠂ ᠪᠥᠬᠦ ᠤᠯᠤᠰ ᠢ ᠬᠤᠳᠠᠯᠳᠤᠨ ᠠᠪᠬᠤ᠂ ᠪᠥᠬᠦ ᠤᠯᠤᠰ ᠢ | ᠬᠤᠳᠠᠯᠳᠤᠬᠤ ᠦᠢᠯᠡᠳᠪᠦᠷᠢᠯᠡᠯ ᠤᠨ ᠡᠵᠡᠩᠨᠡᠨ ᠪᠣᠷᠣᠯᠠᠭᠤᠯᠬᠤ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ ᠰᠡᠯᠡᠭᠦᠴᠡᠯ ᠤᠨ ᠲᠠᠷᠢᠶᠠᠯᠠᠩ᠂ ᠬᠥᠳᠡᠭᠡ | ᠲᠣᠰᠬᠤᠨ ᠤ ᠪᠡᠶᠡᠴᠢᠯᠡᠨ ᠣᠶᠢᠯᠠᠭᠠᠬᠤ᠂ ᠡᠯᠡᠰᠦ ᠮᠠᠩᠬ᠎ᠠ ᠪᠠᠷᠲᠠᠭ᠎ᠠ ᠬᠠᠶᠢᠬᠤ᠂ ᠪᠣᠷᠣᠲᠣᠬᠤᠶ ᠶᠢᠨ ᠰᠣᠶᠣᠯ ᠵᠡᠷᠭᠡ ᠰᠣᠳᠣᠨ ᠵᠢᠭᠤᠯᠴᠢᠯᠠᠯ ᠤᠨ ᠲᠣᠭᠤᠷᠢᠭ | ᠱᠤᠭᠤᠮ ᠢ ᠡᠭᠦᠳᠦᠨ ᠪᠠᠶᠢᠭᠤᠯᠵᠤ᠂ ᠡᠯᠡᠰᠦ ᠲᠠᠩᠭᠢᠰ ᠤᠨ ᠵᠢᠭᠤᠯᠴᠢᠯᠠᠯ ᠤᠨ ᠣᠷᠣᠨ᠂ ᠷᠦᠨ ᠬᠤᠸᠠ ᠨᠠᠭᠤᠷ ᠤᠨ ᠨᠤᠭᠤ ᠭᠠᠵᠠᠷ᠂ ᠳᠧᠦ ᠳ᠋ᠤᠤ ᠴᠢᠶᠣᠤ ᠣᠳᠣ | ᠦᠶ᠎ᠡ ᠶᠢᠨ ᠲᠠᠷᠢᠶᠠᠯᠠᠩ ᠤᠨ ᠬᠦᠷᠢᠶᠡᠯᠡᠩ ᠲᠣᠭᠤᠷᠢᠭ ᠵᠡᠷᠭᠡ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠴᠢᠩᠭᠠᠳᠬᠠᠵᠤ᠂ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ | ᠲᠠᠷᠢᠶᠠᠴᠢᠨ ᠠᠶᠢᠯ ᠤᠨ ᠪᠠᠶᠠᠰᠤᠯ ᠪᠠ ᠵᠢᠭᠠᠰᠤᠴᠢᠨ ᠤ ᠪᠠᠶᠠᠰᠤᠯ ᠴᠡᠩᠭᠡᠯ ᠢ ᠬᠥᠭᠵᠢᠭᠦᠯᠵᠦ᠂ ︽ᠨᠤᠲᠤᠭ ᠤᠨ ᠳᠤᠷᠠᠰᠤᠮᠵᠢ · ᠱᠠᠮᠪᠡ ᠶᠢᠨ ᠦᠨᠦᠷ ᠠᠮᠲᠠ︾ ᠶᠢᠨ | ᠠᠭᠤᠯᠤᠭᠳᠠᠬᠤᠨ ᠢ ᠪᠠᠶᠠᠯᠢᠭᠵᠢᠭᠤᠯᠤᠨ᠂ ᠱᠠᠮᠪᠡ ᠶᠢᠨ ᠠᠮᠲᠠᠲᠤ ᠢᠳᠡᠭᠡᠨ ᠤ ᠠᠯᠳᠠᠷᠰᠢᠯ ᠢ ᠳᠡᠭᠡᠭᠰᠢᠯᠡᠭᠦᠯᠵᠦ᠂ ᠪᠠᠶᠠᠨᠨᠠᠭᠤᠷ ᠤᠨ ︽ᠠᠷᠤ ᠲᠣᠭᠤᠭᠠᠨ ᠭᠡᠷ︾ ᠢ | ᠪᠠᠶᠢᠭᠤᠯᠤᠨ᠎ᠠ᠃ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠪᠣᠬᠢᠷᠲᠤᠯ ᠦᠭᠡᠢ ᠦᠵᠡᠰᠬᠦᠯᠡᠩᠲᠦ | ᠰᠠᠶᠢᠬᠠᠨᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠲᠥᠯᠥᠪᠵᠢᠭᠦᠯᠪᠡ᠂ ᠪᠦᠲᠦᠭᠡᠨ ᠪᠠᠶᠢᠭᠤᠯᠤᠯᠲᠠ ᠪᠠ | ᠬᠠᠮᠢᠶᠠᠷᠤᠯᠲᠠ ᠶᠢ ᠪᠠᠷᠢᠮᠲᠠᠯᠠᠨ᠂ ᠱᠠᠮᠪᠡ ᠬᠤᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠠᠷ ᠵᠢᠯᠣᠭᠤᠳᠤᠮᠵᠢ ᠪᠣᠯᠭᠠᠵᠤ᠂ ᠯᠢᠨ ᠾᠧ ᠱᠠᠮᠪᠡ ᠶᠢᠨ ᠨᠢᠭᠡ | ᠬᠤᠲᠠᠴᠢᠯᠠᠯᠲᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠦᠷᠭᠡᠳᠬᠡᠨ ᠬᠡᠷᠡᠭᠵᠢᠭᠦᠯᠵᠦ᠂ ᠯᠢᠨ ᠾᠧ ᠲᠣᠭᠤᠷᠢᠭ ᠤᠨ ᠠᠮᠢ ᠠᠬᠤᠢ ᠶᠢᠨ ᠣᠷᠣᠰᠢᠨ | ᠰᠠᠭᠤᠬᠤ᠂ ᠡᠬᠢ ᠪᠠᠶᠠᠯᠢᠭ ᠤᠨ ᠰᠢᠯᠵᠢᠯᠲᠡ᠂ ᠰᠡᠯᠡᠭᠦᠴᠡᠯ ᠤᠨ ᠬᠡᠷᠡᠭᠯᠡᠭᠡ ᠵᠡᠷᠭᠡ ᠴᠢᠳᠠᠮᠵᠢ ᠶᠢ ᠰᠠᠨᠠᠭᠠᠴᠢᠯᠠᠭ᠎ᠠ ᠠᠴᠠ ᠪᠠᠨ ᠵᠠᠯᠭᠠᠨ ᠵᠣᠯᠭᠠᠭᠤᠯᠬᠤ ᠬᠡᠷᠡᠭᠲᠡᠶ᠃ | ᠲᠡᠭᠡᠳᠦ ᠬᠤᠷᠳᠤᠴᠠ ᠪᠠᠷ ᠬᠤᠯᠪᠣᠬᠤ ᠱᠤᠭᠤᠮ ᠪᠠ ᠭᠠᠳᠠᠷ ᠲᠣᠭᠤᠷᠢᠯ ᠱᠤᠭᠤᠮ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠰᠦᠪᠡᠭᠴᠢᠯᠡᠨ ᠠᠬᠢᠭᠤᠯᠵᠤ᠂ | ᠳᠣᠲᠣᠭᠠᠳᠤ ᠳᠠᠭᠠᠨ ᠬᠤᠯᠪᠣᠭᠠᠯᠠᠵᠤ ᠭᠠᠳᠠᠭᠰᠢ ᠨᠡᠪᠲᠡᠷᠡᠭᠰᠡᠨ ᠵᠠᠮ ᠲᠡᠭᠡᠭᠡᠪᠦᠷᠢ ᠶᠢᠨ ᠲᠣᠤᠷ ᠰᠦᠯᠵᠢᠶ᠎ᠡ ᠶᠢᠨ ᠰᠢᠰᠲ᠋ᠧᠮᠵᠢ ᠶᠢ ᠪᠠᠶᠢᠭᠤᠯᠤᠨ᠎ᠠ᠃ ᠤᠯᠤᠰ ᠤᠨ | ᠴᠡᠴᠡᠷᠯᠢᠭᠵᠢᠭᠦᠯᠦᠭᠰᠡᠨ ᠬᠤᠲᠠ᠂ ᠠᠷᠢᠭᠤᠨ ᠴᠡᠪᠡᠷ ᠬᠤᠲᠠ ᠪᠠᠯᠭᠠᠰᠤ ᠶᠢ ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠨ᠂ ᠰᠣᠶᠣᠯ ᠤᠨ ᠡᠯᠧᠮᠧᠨ᠋ᠲ ᠢ ᠬᠤᠲᠠ ᠶᠢᠨ | ᠪᠦᠲᠦᠭᠡᠨ ᠪᠠᠶᠢᠭᠤᠯᠤᠯᠲᠠ ᠳᠤ ᠠᠭᠤᠰᠬᠠᠨ ᠣᠷᠣᠭᠤᠯᠵᠤ᠂ ᠤᠶᠤᠨᠲᠤ ᠬᠤᠲᠠ ᠶᠢᠨ ᠣᠶᠢᠯᠠᠭᠠᠭᠳᠠᠬᠤᠨ ᠢ ᠬᠤᠲᠠ ᠶᠢᠨ ᠬᠠᠮᠢᠶᠠᠷᠤᠯᠲᠠ ᠳᠤ ᠣᠷᠣᠭᠤᠯᠤᠨ᠂ | ᠬᠤᠲᠠ ᠶᠢᠨ ᠨᠠᠷᠢᠯᠢᠬᠵᠢᠭᠤᠯᠤᠭᠰᠠᠨ ᠰᠢᠨ᠎ᠡ ᠡᠭᠦᠳᠦᠯᠲᠡ ᠶᠢ ᠲᠡᠭᠦᠯᠳᠡᠷᠵᠢᠭᠦᠯᠵᠦ᠂ ᠬᠤᠲᠠ ᠶᠢᠨ ᠲᠣᠭᠤᠷᠢᠭ ᠤᠨ ᠵᠠᠮ᠂ ᠭᠠᠵᠠᠷ ᠳᠣᠣᠷᠠᠬᠢ ᠬᠠᠮᠢᠶᠠᠷᠤᠯᠲᠠ ᠶᠢᠨ | ᠲᠣᠣᠷ᠂ ᠬᠤᠲᠠ ᠶᠢᠨ ᠶᠠᠪᠤᠳᠠᠯ ᠤᠨ ᠬᠠᠮᠢᠶᠠᠷᠤᠯᠲᠠ᠂ ᠴᠡᠴᠡᠷᠯᠢᠭ ᠤᠨ ᠨᠣᠭᠤᠭᠠᠷᠠᠭᠤᠯᠤᠯᠲᠠ ᠶᠢ ᠲᠡᠰ ᠳᠡᠪᠰᠢᠭᠦᠯᠬᠦ ᠶᠢ ᠨᠢᠭᠡᠳᠦᠯᠲᠡᠢ ᠳᠤ ᠲᠥᠯᠥᠪᠯᠡᠨ ᠠᠬᠢᠭᠤᠯᠵᠤ᠂ | ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠤ ᠳᠦᠷᠢ ᠲᠥᠷᠬᠦ ᠶᠢ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠬᠥᠮᠦᠨ ᠠᠮᠠ ᠶᠢ ᠰᠢᠩᠭᠡᠭᠡᠨ ᠠᠪᠬᠤ᠂ | ᠡᠯᠧᠮᠧᠨ᠋ᠲ ᠢ ᠲᠥᠪᠯᠡᠷᠡᠭᠦᠯᠬᠦ ᠪᠠ ᠠᠵᠤ ᠦᠢᠯᠡᠰ ᠤᠨ ᠨᠥᠯᠥᠭᠡᠯᠡᠬᠦ ᠴᠢᠳᠠᠪᠤᠷᠢ ᠶᠢ ᠦᠨᠡᠨᠬᠦ ᠴᠢᠩᠭᠠᠳᠬᠠᠨ᠎ᠠ᠃ ︽ᠤᠰᠤ᠂ ᠨᠣᠭᠤᠭᠠᠨ᠂ ᠰᠣᠶᠣᠯ︾ ᠭᠡᠬᠦ ᠭᠤᠷᠪᠠᠨ | ᠠᠵᠢᠯ ᠢ ᠰᠠᠶᠢᠲᠤᠷ ᠬᠢᠵᠦ᠂ ᠪᠣᠬᠢᠷᠲᠤᠯ ᠦᠭᠡᠢ ᠪᠠᠷ ᠬᠤᠰᠢᠭᠤ ᠪᠠᠨ ᠮᠠᠨᠳᠤᠭᠤᠯᠬᠤ᠂ ᠪᠣᠬᠢᠷᠲᠤᠯ ᠦᠭᠡᠢ ᠪᠠᠷ ᠠᠷᠠᠳ ᠲᠤ ᠠᠰᠢᠭ ᠬᠦᠷᠲᠡᠭᠡᠬᠦ ᠶᠢ ᠪᠠᠷᠢᠮᠲᠠᠯᠠᠵᠤ᠂ | ᠠᠷᠠᠳ ᠣᠯᠠᠨ ᠳᠤ ᠨᠠᠩ ᠣᠯᠠᠨ ᠠᠮᠢ ᠠᠬᠤᠢ ᠶᠢᠨ ᠪᠦᠲᠦᠭᠡᠭᠳᠡᠬᠦᠨ ᠬᠠᠩᠭᠠᠵᠤ᠂ ᠠᠮᠢ ᠠᠬᠤᠶ ᠭᠤᠶᠢᠳᠠ ᠰᠠᠶᠢᠬᠠᠨ ᠪᠠᠶᠠᠨᠨᠠᠭᠤᠷ ᠤᠨ ᠬᠠᠮᠤᠭ ᠤᠨ ᠰᠠᠶᠢᠨ | ᠣᠷᠣᠰᠢᠨ ᠰᠠᠭᠤᠬᠤ ᠳᠤ ᠲᠣᠬᠢᠷᠠᠮᠵᠢᠲᠠᠶ ᠣᠷᠣᠨ ᠪᠣᠯᠭᠠᠨ ᠪᠠᠶᠢᠭᠤᠯᠤᠨ᠎ᠠ᠃ ᠥᠪᠡᠷᠮᠢᠴᠡ ᠣᠨᠴᠠᠯᠢᠭ ᠪᠦᠬᠦᠢ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠠ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠠᠶᠢᠯ ᠲᠣᠰᠬᠤᠨ ᠤ ᠲᠥᠯᠥᠪᠵᠢᠭᠦᠯᠭᠡ ᠶᠢ ᠤᠯᠠᠮ | ᠨᠢᠭᠡ ᠠᠯᠬᠤᠮ ᠲᠡᠭᠦᠯᠳᠡᠷᠵᠢᠭᠦᠯᠦᠨ᠂ ᠵᠢᠵᠢᠭ ᠲᠣᠰᠬᠤᠨ ᠢ ᠲᠣᠮᠣ ᠲᠣᠰᠬᠤᠨ ᠲᠠᠢ ᠨᠡᠶᠢᠯᠡᠭᠦᠯᠵᠦ᠂ ᠵᠣᠬᠢᠬᠤ ᠬᠡᠮᠵᠢᠶ᠎ᠡ ᠪᠠᠷ ᠲᠥᠪᠯᠡᠷᠡᠭᠦᠯᠬᠦ ᠶᠢ ᠪᠡᠶᠡᠯᠡᠭᠦᠯᠦᠨ᠂ | ᠣᠯᠠᠨ ᠨᠡᠶᠢᠲᠡ ᠶᠢᠨ ᠥᠢᠯᠡᠴᠢᠯᠡᠭᠡᠨᠤ ᠪᠡᠯᠡᠳᠬᠡᠮᠵᠢ ᠶᠢ ᠨᠠᠩ ᠰᠠᠶᠢᠲᠤᠷ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ | ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠶᠡᠬᠡᠪᠡᠷ ᠥᠷᠨᠢᠭᠦᠯᠵᠦ᠂ ᠠᠶᠢᠯ ᠲᠣᠰᠬᠤᠨ ᠤ ᠵᠠᠯᠭᠠᠮᠵᠢ ᠬᠠᠮᠢᠶᠠᠷᠤᠯᠲᠠ ᠬᠠᠮᠠᠭᠠᠯᠠᠯᠲᠠ ᠶᠢᠨ ᠲᠣᠭᠲᠠᠴᠠ ᠶᠢ | ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠬᠥᠳᠡᠭᠡ ᠲᠣᠰᠬᠤᠨ ᠤ ᠰᠣᠶᠣᠯ ᠢ ᠬᠠᠳᠠᠭᠠᠯᠠᠬᠤ ᠶᠢ ᠴᠢᠬᠤᠯᠠᠴᠢᠯᠠᠵᠤ᠂ ᠬᠥᠳᠡᠭᠡ ᠲᠣᠰᠬᠤᠨ ᠤ ᠥᠩᠭᠡ ᠦᠵᠡᠮᠵᠢ ᠶᠢ | ᠢᠯᠡᠷᠡᠭᠦᠯᠬᠦ ᠬᠡᠷᠡᠭᠲᠡᠶ᠃ | ᠠᠷᠠᠳ ᠤᠨ ᠠᠮᠢᠳᠤᠷᠠᠯ ᠢ ᠪᠦᠬᠦ ᠬᠦᠴᠦᠨ ᠢᠶᠠᠷ ᠢᠶᠠᠨ ᠪᠠᠲᠤᠯᠠᠨ ᠰᠠᠶᠢᠵᠢᠷᠠᠭᠤᠯᠵᠤ᠂ ᠠᠷᠠᠳ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ | ᠳᠡᠭᠡᠭᠰᠢᠯᠡᠭᠦᠯᠬᠦ ᠬᠡᠷᠡᠭᠲᠡᠶ᠃ ᠠᠷᠠᠳ ᠤᠨ ᠠᠮᠢᠳᠤᠷᠠᠯ ᠢ ᠲᠡᠷᠢᠭᠦᠨ ᠳᠤ ᠲᠠᠯᠪᠢᠬᠤ ᠬᠥᠭᠵᠢᠯᠲᠡ ᠶᠢᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠠᠷᠠᠳ ᠣᠯᠠᠨ ᠤ | ᠬᠠᠮᠤᠭ ᠠᠴᠠ ᠰᠡᠳᠬᠢᠯ ᠲᠠᠯᠪᠢᠵᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂ ︽ᠵᠢᠷᠭᠤᠭᠠᠨ ᠤᠨᠢᠨ ᠳᠡᠭᠡᠷ᠎ᠡ ᠨᠢ︾ ︽ | ᠲᠠᠪᠤᠨ ᠨᠢᠭᠡ ᠪᠦᠯᠦᠭ︾ ᠤᠨ ᠱᠠᠭᠠᠷᠳᠠᠯᠭ᠎ᠠ ᠶᠣᠰᠣᠭᠠᠷ᠂ ᠡᠯ᠎ᠡ ᠱᠠᠲᠤᠨ ᠤ ᠤᠳᠤᠷᠢᠳᠬᠤ ᠺᠠᠳ᠋ᠷ ᠰᠠᠨᠠᠭᠠᠴᠢᠯᠠᠭ᠎ᠠ ᠠᠴᠠ ᠪᠠᠨ ᠥᠪᠡᠷ ᠥᠪᠡᠷ ᠤᠨ ᠳᠠᠭᠠᠭᠠᠴᠢᠯᠠᠭᠰᠠᠨ | ᠶᠠᠳᠠᠭᠤ ᠬᠦᠴᠢᠷᠳᠡᠯᠲᠡᠶ ᠡᠷᠦᠬᠡ ᠳᠤ ᠭᠦᠨᠵᠡᠭᠡᠶᠢᠷᠡᠵᠦ᠂ ᠶᠠᠳᠠᠭᠤ ᠶᠢ ᠲᠡᠳᠬᠦᠬᠦ ᠬᠠᠷᠢᠭᠤᠴᠠᠯᠭ᠎ᠠ ᠶᠢ ᠡᠭᠦᠷᠭᠡᠯᠡᠵᠦ᠂ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠶᠢ | ᠨᠠᠶᠢᠳᠠᠪᠦᠷᠢᠵᠢᠭᠤᠯᠬᠤ᠂ ᠶᠠᠳᠠᠭᠤ ᠬᠦᠴᠢᠷᠳᠡᠯᠲᠡᠶ ᠡᠷᠦᠬᠡ ᠨᠢᠭᠡᠪᠦᠷᠢ ᠶᠢ ᠴᠥᠮ ᠶᠠᠳᠠᠭᠤ ᠠᠴᠠ ᠠᠩᠭᠢᠵᠢᠷᠠᠭᠤᠯᠬᠤ ᠠᠷᠭ᠎ᠠ ᠵᠠᠮ ᠲᠠᠢ ᠪᠣᠯᠭᠠᠵᠤ᠂ 2017ᠣᠨ | ᠪᠣᠯᠬᠤ ᠳᠤ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠬᠤ ᠶᠢ ᠪᠠᠲᠤᠯᠠᠬᠤ ᠬᠡᠷᠡᠭᠲᠡᠶ᠃ ᠰᠤᠷᠭᠠᠨ ᠬᠥᠮᠦᠵᠢᠯ ᠢ ᠤᠷᠢᠳᠠᠪᠠᠷ | ᠬᠥᠭᠵᠢᠭᠦᠯᠬᠦ ᠶᠢ ᠪᠠᠷᠢᠮᠲᠠᠯᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠡᠭᠦᠳᠦᠨ ᠪᠠᠶᠢᠭᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠳᠡᠭᠡᠭᠰᠢᠯᠡᠭᠦᠯᠦᠨ᠎ᠡ᠃ ᠰᠣᠶᠣᠯ ᠤᠨ ᠲᠣᠮᠣ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠬᠤᠲᠠ ᠬᠥᠳᠡᠭᠡ ᠶᠢᠨ ᠣᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠤᠨ ᠴᠡᠴᠡᠭᠯᠡᠨ | ᠬᠥᠭᠵᠢᠬᠦ ᠶᠢ ᠠᠬᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠳᠦᠷᠢᠮ ᠢ ᠲᠡᠭᠦᠯᠳᠡᠷᠵᠢᠭᠦᠯᠦᠨ᠎ᠡ᠃ ᠠᠵᠢᠯ ᠣᠯᠭᠤᠬᠤ ᠪᠠ ᠠᠳᠠᠯ ᠦᠢᠯᠡᠰ | ᠴᠣᠭᠴᠠᠯᠠᠬᠤ ᠶᠢ ᠵᠣᠷᠢᠭᠵᠢᠭᠤᠯᠬᠤ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠬᠤ᠂ ᠠᠶᠤᠯ ᠠᠴᠠ ᠠᠪᠤᠷᠠᠵᠤ | ᠬᠦᠴᠢᠷᠳᠡᠭᠰᠡᠳ ᠢ ᠲᠤᠰᠠᠯᠠᠬᠤ ᠪᠠ ᠬᠠᠷᠠᠭᠠᠯᠵᠠᠨ ᠲᠥᠪᠬᠢᠨᠡᠭᠦᠯᠬᠦ ᠠᠵᠢᠯ ᠢ ᠰᠠᠶᠢᠲᠤᠷ ᠠᠳᠬᠤᠨ᠎ᠠ᠃ |