︽ᠡᠭᠡᠯ ᠠᠷᠠᠳ ᠤᠨ ᠶᠠᠷᠢᠶᠠᠨ ᠤ ᠰᠡᠳᠦᠪ︾ ᠵᠢᠭᠤᠯᠴᠢᠯᠠᠯ ᠤᠨ ᠲᠣᠪᠴᠢᠶ᠎ᠠ ᠶᠢᠨ ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ
ᠨᠡᠶᠢᠲᠡᠯᠡᠭᠰᠡᠨ ᠴᠠᠭ᠄
2016/8/21
     ᠨᠠᠶᠢᠵᠠ ᠨᠠᠷ ᠠ᠂ ᠠᠳᠡᠬᠢ ᠪᠣᠯ ᠬᠠᠩᠬᠢᠨ ᠬᠤᠶᠢᠳᠣ ᠬᠤᠰᠢᠭᠤᠨ ᠤ ᠠᠷᠠᠳ ᠤᠨ ᠷᠠᠳᠢᠣ᠋ ᠨᠡᠪᠲᠡᠷᠡᠭᠦᠯᠭᠡ ᠶᠢᠨ ᠬᠤᠷᠢᠶᠠᠨ ᠤ 93.2 ᠰᠠᠶ᠎ᠠ ᠾᠧ ᠶᠢᠨ ︽ᠠᠷᠠᠳ ᠤᠨ ᠶᠠᠷᠢᠶᠠᠨ ᠤ ᠰᠡᠳᠦᠪ︾ ᠪᠤᠯᠤᠩ ᠪᠣᠯᠤᠨ᠎ᠠ᠂ ᠪᠢ ᠪᠣᠯ ᠬᠥᠲᠥᠯᠥᠭᠴᠢ ᠯᠢ ᠶᠠᠨ ᠪᠣᠯᠤᠨ᠎ᠠ᠃ ᠬᠠᠯᠠᠭᠤᠨ ᠤᠲᠠᠰᠤ ᠨᠡᠪᠲᠡᠷᠡᠭᠦᠯᠬᠦ ᠶᠢ ᠪᠠᠶᠠᠷᠯᠠᠨ ᠤᠭᠲᠤᠵᠤ ᠪᠠᠶᠢᠨ᠎ᠠ᠂ ᠣᠳᠠᠰᠣᠨ ᠤ ᠨᠣᠮᠧᠷ᠄ 6626789᠃ ᠮᠠᠨ ᠤ ᠡᠨᠡ ᠬᠤᠭᠤᠴᠠᠭᠠᠨ ᠤ ᠫᠷᠤᠭ᠍ᠷᠠᠮ ᠤᠨ ᠬᠦᠨᠳᠦᠲᠦ ᠵᠣᠴᠢᠨ ᠪᠣᠯ ᠬᠤᠰᠢᠭᠤᠨ ᠤ ᠵᠤᠭᠠᠴᠠᠯ ᠤᠨ ᠲᠣᠪᠴᠢᠶᠠᠨ ᠤ ᠳᠠᠷᠤᠭ᠎ᠠ ᠸᠠᠩ ᠶᠦᠩ ᠭᠦᠸᠧ ᠪᠣᠯᠤᠨ᠎ᠠ᠃      ᠬᠥᠲᠥᠯᠥᠭᠴᠢ᠄ ᠸᠠᠩ ᠲᠣᠪᠴᠢᠶᠠᠨ ᠳᠠᠷᠤᠭ᠎ᠠ ᠰᠠᠶᠢᠨ ᠤᠤ︖      ᠸᠠᠩ ᠲᠣᠪᠴᠢᠶᠠᠨ ᠳᠠᠷᠤᠭ᠎ᠠ᠄ ᠬᠥᠲᠥᠯᠥᠭᠴᠢ ᠰᠠᠶᠢᠨ ᠤᠤ︖ ᠨᠠᠶᠢᠵᠠ ᠨᠠᠷ ᠰᠠᠶᠢᠨ ᠪᠠᠶᠢᠵᠠᠭᠠᠨ᠎ᠠ ᠤᠤ︖        ᠬᠥᠲᠥᠯᠥᠭᠴᠢ᠄ ᠸᠠᠩ ᠲᠣᠪᠴᠢᠶᠠᠨ ᠳᠠᠷᠤᠭ᠎ᠠ ᠠ᠂ ᠫᠷᠤᠭ᠍ᠷᠠᠮ ᠤᠨ ᠡᠬᠢᠨ ᠳᠤ ᠪᠢᠳᠡ ᠤᠬᠠᠭᠤᠯᠭ᠎ᠠ ᠶᠢᠨ ᠹᠢᠯᠢᠮ ᠤᠨ ᠬᠡᠰᠡᠭ ᠢ ᠨᠡᠪᠲᠡᠷᠡᠭᠦᠯᠦᠭᠡᠳ᠂ ᠰᠣᠨᠣᠰᠪᠤᠷᠢᠲᠠᠶ ᠨᠠᠶᠢᠵᠠ ᠨᠠᠷ ᠲᠠᠢ ᠪᠠᠨ ᠬᠤᠪᠢᠶᠠᠯᠴᠠᠶ᠎ᠠ᠃      ᠸᠠᠩ ᠲᠣᠪᠴᠢᠶᠠᠨ ᠳᠠᠷᠤᠭ᠎ᠠ᠄ ᠵᠠ᠃      ᠬᠥᠲᠥᠯᠥᠭᠴᠢ᠄ ᠸᠠᠩ ᠲᠣᠪᠴᠢᠶᠠᠨ ᠳᠠᠷᠤᠭ᠎ᠠ ᠠ᠂ ᠰᠠᠶ᠋ᠢ ᠪᠢᠳᠡᠨ ᠤ ᠣᠯᠵᠤ ᠰᠣᠨᠣᠰᠤᠭᠰᠠᠨ ᠡᠨᠡ ᠬᠡᠰᠡᠭ ᠪᠣᠯ ᠳᠠᠷᠤᠶ ᠡᠨᠡ ᠬᠡᠰᠡᠭ ᠬᠤᠭᠤᠴᠠᠭᠠᠨ ᠳᠤ ᠮᠠᠨ ᠤ ᠬᠠᠩᠭᠢᠨ  ᠬᠤᠶᠢᠳᠣ ᠬᠤᠰᠢᠭᠤᠨ ᠤ ᠮᠠᠰᠢ ᠣᠯᠠᠨ ᠬᠥᠮᠦᠰ ᠤᠨ ᠸᠢᠴᠠᠲ ᠤᠨ ᠲᠣᠭᠤᠷᠢᠭ ᠲᠤ ᠬᠥᠷ ᠬᠥᠭᠵᠢᠶᠡᠨ ᠲᠠᠢ ᠳᠠᠮᠵᠢᠭᠤᠯᠤᠨ ᠲᠠᠷᠬᠠᠭᠠᠭᠰᠠᠨ ︽ᠨᠤᠲᠤᠭ ᠤᠨ ᠳᠤᠷᠠᠰᠤᠮᠵᠢ᠂ ᠱᠠᠮᠪᠡ ᠶᠢᠨ ᠦᠨᠦᠷ ᠠᠮᠲᠠ︾ ᠬᠠᠩᠭᠢᠨ ᠬᠤᠶᠢᠲᠤ ᠬᠤᠰᠢᠭᠤᠨ ᠤ ᠵᠢᠭᠤᠯᠴᠢᠯᠠᠯ ᠤᠨ ᠤᠬᠠᠭᠤᠯᠭ᠎ᠠ ᠶᠢᠨ ᠹᠢᠯᠢᠮ ᠪᠣᠯᠤᠨ᠎ᠠ᠂ ᠮᠢᠨᠦ ᠬᠤᠪᠢ ᠪᠡᠶ᠎ᠡ ᠮᠠᠰᠢ ᠰᠠᠶᠢᠨ᠂ ᠠᠩᠬ᠎ᠠ ᠤᠳᠠᠭ᠎ᠠ ᠦᠵᠡᠭᠡᠳ ᠭᠠᠶᠢᠬᠠᠰᠢ ᠠᠯᠳᠠᠵᠤ᠂ ᠬᠡᠲᠦ ᠤᠳᠠᠭ᠎ᠠ ᠦᠵᠡᠭᠡᠳ᠂ ᠨᠠᠮᠠᠢ ᠬᠠᠩᠭᠢᠨ ᠬᠤᠶᠢᠲᠤ ᠬᠤᠰᠢᠭᠤᠨ ᠤ ᠲᠤᠬᠠᠶ ᠰᠢᠨ᠎ᠡ ᠲᠠᠨᠢᠯᠲᠠ ᠲᠠᠢ ᠪᠣᠯᠭᠠᠵᠠᠶ᠃      ᠸᠠᠩ ᠲᠣᠪᠴᠢᠶᠠᠨ ᠳᠠᠷᠤᠭ᠎ᠠ᠄ ᠲᠡᠶᠢᠮᠦ᠂ ᠲᠡᠶᠢᠮᠦ᠃ 2 ᠰᠠᠷ᠎ᠠ ᠶᠢᠨ 17 ᠤ ᠡᠳᠦᠷ ᠬᠤᠲᠠ ᠶᠢᠨ ᠬᠢᠨ ᠪᠦᠬᠦ ᠬᠤᠲᠠ ᠶᠢᠨ ᠵᠤᠭᠠᠴᠠᠯ ᠤᠨ ᠬᠥᠭᠵᠢᠯᠲᠡ ᠶᠢᠨ ᠶᠡᠭᠡ ᠬᠤᠷᠠᠯ ᠬᠤᠷᠠᠯᠳᠤᠭᠤᠯᠵᠤ᠂ ᠬᠤᠷᠠᠯ ᠳᠡᠭᠡᠷ᠎ᠡ ᠪᠦᠬᠦ ᠬᠤᠲᠠ ᠵᠢᠴᠢ 7 ᠬᠤᠰᠢᠭᠤ ᠰᠢᠶᠠᠨ ᠤ ᠥᠢᠯᠡᠳᠣᠭ᠍ᠰᠡᠨ ᠵᠤᠭᠠᠴᠠᠯ ᠤᠨ ᠤᠬᠠᠭᠤᠯᠭ᠎ᠠ ᠶᠢᠨ ᠹᠢᠯᠢᠮ ᠢ ᠨᠡᠪᠲᠡᠷᠡᠭᠦᠯᠪᠡ᠃ ᠮᠠᠨ ᠤ ᠬᠤᠰᠢᠭᠤᠨ ᠤ ᠨᠡᠪᠲᠡᠷᠡᠭᠦᠯᠦᠭᠰᠡᠨ ᠡᠨᠡ ᠬᠦ ︽ᠨᠤᠲᠤᠭ ᠤᠨ ᠳᠤᠷᠠᠰᠤᠮᠵᠢ᠂ ᠱᠠᠮᠪᠡ ᠶᠢᠨ ᠦᠨᠦᠷ ᠠᠮᠲᠠ︾ ᠭᠡᠬᠦ ᠰᠡᠳᠦᠪ ᠢᠶᠠᠷ ᠵᠢᠭᠤᠯᠴᠢᠯᠠᠯ ᠤᠨ ᠤᠬᠠᠭᠤᠯᠭ᠎ᠠ ᠶᠢᠨ ᠹᠢᠯᠢᠮ ᠨᠢ ᠨᠢᠭᠡᠳᠦᠯᠲᠡᠶ ᠰᠠᠶᠢᠨ ᠦᠨᠡᠯᠡᠯᠲᠡ ᠶᠢ ᠣᠯᠪᠠ᠃ ᠣᠯᠠᠨ ᠢᠶᠠᠷ ᠢᠶᠠᠨ ᠡᠨᠡᠬᠦ ᠤᠬᠠᠭᠤᠯᠭ᠎ᠠ ᠶᠢᠨ ᠹᠢᠯᠢᠮ ᠢ ᠰᠣᠨᠢᠷᠬᠠᠬᠤ ᠪᠠᠷ ᠳᠠᠮᠵᠢᠨ ᠮᠠᠨ ᠤ ᠬᠤᠰᠢᠭᠤᠨ ᠤ ᠣᠶᠢᠷ᠎ᠡ ᠶᠢᠨ ᠵᠢᠯ ᠤᠨ ᠵᠤᠭᠠᠴᠠᠯ ᠰᠣᠶᠣᠯ ᠤᠨ ᠪᠠᠢᠭᠤᠯᠤᠯᠲᠠ ᠳᠤ ᠰᠢᠨ᠎ᠡ ᠲᠠᠨᠢᠯᠲᠠ ᠲᠠᠢ ᠪᠣᠯᠵᠠᠶ᠃      ᠬᠥᠲᠥᠯᠥᠭᠴᠢ᠄ ᠲᠡᠶᠢᠮᠦ᠂ ᠸᠠᠩ ᠲᠣᠪᠴᠢᠶᠠᠨ ᠳᠠᠷᠤᠭ᠎ᠠ ᠠ᠂ ᠪᠢᠳᠡ ᠡᠨᠡ ᠤᠬᠠᠭᠤᠯᠭ᠎ᠠ ᠶᠢᠨ ᠹᠢᠯᠢᠮ ᠢ ᠵᠣᠬᠢᠶᠠᠬᠤ ᠠᠴᠠ ᠡᠮᠦᠨ᠎ᠡ ᠶᠠᠮᠠᠷ ᠵᠣᠷᠢᠯᠭ᠎ᠠ ᠲᠠᠢ ᠪᠠᠶᠢᠭᠰᠠᠨ ᠪᠤᠢ︖ ᠶᠠᠭᠠᠬᠢᠭᠠᠳ ︽ᠨᠤᠲᠤᠭ ᠤᠨ ᠳᠤᠷᠠᠰᠤᠮᠵᠢ᠂ ᠱᠠᠮᠪᠡ ᠶᠢᠨ ᠦᠨᠦᠷ ᠠᠮᠲᠠ︾ ᠭᠡᠬᠦ ᠰᠡᠳᠦᠪ ᠢ ᠪᠣᠳᠣᠵᠤ ᠣᠯᠤᠭᠰᠠᠨ ᠪᠣᠶ︖      ᠸᠠᠩ ᠲᠣᠪᠴᠢᠶᠠᠨ ᠳᠠᠷᠤᠭ᠎ᠠ᠄ ᠠᠩᠬ᠎ᠠ ᠡᠬᠢᠯᠡᠬᠦ ᠳᠡᠭᠡᠨ ᠤᠬᠠᠭᠤᠯᠭ᠎ᠠ ᠶᠢᠨ ᠹᠢᠯᠢᠮ ᠵᠣᠬᠢᠶᠠᠬᠤ ᠪᠠᠷ ᠲᠥᠯᠥᠪᠯᠡᠵᠦ ᠪᠠᠶᠢᠭᠰᠠᠨ᠂ ᠪᠢᠳᠡ ᠬᠤᠶᠠᠷ ᠬᠡᠪᠯᠡᠯ ᠢ ᠪᠡᠯᠡᠳᠬᠡᠭᠰᠡᠨ᠂ ᠨᠢᠭᠡ ᠨᠢ ︽ᠠᠮᠢ ᠠᠬᠤᠢ ᠶᠢᠨ ᠰᠡᠯᠡᠭᠦᠴᠡᠯ᠂ ᠪᠣᠬᠢᠷᠲᠤᠯ ᠥᠬᠡᠶ ᠥᠯᠥᠭᠡᠶ︾᠂ ᠨᠥᠬᠦᠭᠡ ᠨᠢ ︽ᠨᠤᠲᠤᠭ ᠤᠨ ᠢᠶᠠᠨ ᠳᠤᠷᠠᠰᠤᠮᠵᠢ᠂ ᠱᠠᠮᠪᠡ ᠶᠢᠨ ᠦᠨᠦᠷ ᠠᠮᠲᠠ︾᠂ ᠡᠩ ᠤᠨ ᠵᠤᠷᠰᠢᠯ ᠢᠶᠠᠷ ᠪᠣᠯ ᠠᠮᠢ ᠠᠬᠤᠢ ᠶᠢᠨ ᠰᠡᠯᠡᠭᠦᠴᠡᠯ ᠤᠨ ᠬᠡᠪᠯᠡᠯ ᠢ ᠵᠣᠬᠢᠶᠠᠨ᠎ᠠ᠃ ᠭᠡᠪᠡᠴᠦ  ᠥᠢᠯᠡᠳᠬᠦ ᠠᠴᠠ ᠡᠮᠦᠨᠡᠬᠢ ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠪᠢᠳᠡ ᠬᠡᠷᠪᠡ ᠪᠠᠰᠠ ᠡᠩ ᠤᠨ ᠵᠤᠷᠰᠢᠯ ᠢᠶᠠᠷ ᠬᠢᠪᠡᠯ᠂ ᠮᠠᠨ ᠤ ᠬᠠᠩᠭᠢᠨ  ᠬᠤᠶᠢᠳᠣ ᠬᠤᠰᠢᠭᠤᠨ ᠤ ᠣᠨᠴᠠᠯᠢᠭ ᠢ ᠳᠣᠪᠤᠶᠢᠯᠭᠠᠵᠤ ᠳᠡᠶᠢᠯᠡᠬᠦ ᠥᠬᠡᠶ ᠭᠡᠳᠡᠭ ᠢ ᠪᠣᠳᠣᠵᠤ ᠣᠯᠪᠠ᠂ ᠬᠠᠮᠤᠭ ᠰᠡᠭᠦᠯ ᠳᠤ ᠣᠯᠠᠨ ᠢᠶᠠᠷ ᠢᠶᠠᠨ ︽ᠨᠤᠲᠤᠭ ᠤᠨ ᠳᠤᠷᠠᠰᠤᠮᠵᠢ᠂  ᠱᠠᠨᠪᠠ ᠶᠢᠨ ᠦᠨᠦᠷ ᠠᠮᠲᠠ︾ ᠶᠢ ᠰᠣᠩᠭᠤᠪᠠᠯ ᠮᠠᠨ ᠤ ᠠᠷᠤ ᠳᠠᠬᠢ ᠰᠣᠶᠣᠯ ᠤᠨ ᠠᠭᠤᠯᠬᠤᠨ ᠢ ᠬᠠᠮᠤᠭ ᠠᠴᠠ ᠢᠯᠡᠭᠦᠤ ᠢᠯᠡᠷᠡᠭᠦᠯᠵᠦ ᠴᠢᠳᠠᠨ᠎ᠠ ᠭᠡᠵᠦ ᠰᠠᠨᠠᠯ ᠨᠢᠭᠡᠲᠡᠢ ᠦᠵᠡᠪᠡ᠂ ᠤᠴᠢᠷ ᠨᠢ ᠰᠣᠶᠣᠯ ᠪᠣᠯ ᠵᠢᠭᠤᠯᠴᠢᠯᠠᠯ ᠤᠨ ᠠᠮᠢᠨ ᠰᠦᠨᠡᠰᠦ ᠮᠥᠨ᠃      ᠬᠥᠲᠥᠯᠥᠭᠴᠢ᠄ ᠪᠢᠳᠡᠨ ᠤ ᠢᠩᠭᠢᠵᠦ ᠰᠣᠩᠭᠤᠭᠰᠠᠨ ᠨᠢ ᠵᠥᠪ ᠭᠡᠳᠡᠭ ᠢ ᠭᠡᠷᠡᠴᠢᠯᠡᠵᠦ ᠳᠡᠶᠢᠯᠦᠨ᠎ᠡ ᠦᠤ︖      ᠸᠠᠩ ᠲᠣᠪᠴᠢᠶᠠᠨ ᠳᠠᠷᠤᠭ᠎ᠠ᠄ ᠡᠩ᠂ ᠨᠡᠪᠲᠡᠷᠡᠭᠦᠯᠦᠭᠰᠡᠨ ᠤ ᠳᠠᠷᠠᠭ᠎ᠠ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠣᠯᠵᠤ᠂ ᠰᠠᠨᠠᠭᠠᠨ ᠳᠤ ᠥᠬᠡᠶ ᠤᠬᠠᠭᠤᠯᠭ᠎ᠠ ᠶᠢᠨ ᠦᠷ᠎ᠡ ᠳ᠋ᠦᠩ ᠳᠤ ᠬᠦᠷᠴᠡᠶ᠃      ᠬᠥᠲᠥᠯᠥᠭᠴᠢ᠄ ᠡᠨᠡ ᠬᠡᠳᠦᠨ ᠵᠢᠯ ᠮᠠᠨ ᠤ ᠬᠠᠩᠭᠢᠨ ᠬᠤᠶᠢᠲᠤ ᠬᠤᠰᠢᠭᠤᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠴᠦ ᠮᠠᠰᠢ ᠶᠡᠭᠡ ᠡᠷᠴᠢᠮ ᠲᠠᠢ ᠪᠠᠶᠢᠨ᠎ᠠ᠂ ᠲᠡᠷᠡ ᠮᠥᠷᠲᠡᠭᠡᠨ ᠡᠷᠬᠢᠯᠡᠭᠰᠡᠨ ᠠᠵᠢᠯᠯᠠᠭ᠎ᠠ ᠴᠤ ᠴᠥᠭᠡᠨ ᠪᠤᠰᠤ᠂ 2016 ᠣᠨ ᠳᠤ ᠮᠠᠨ ᠤ ᠬᠤᠰᠢᠭᠤᠨ ᠤ ᠡᠷᠬᠢᠯᠡᠭᠰᠡᠨ ︽ᠠᠷᠠᠳ ᠤᠨ ᠳᠤᠮᠳᠠᠬᠢ ᠵᠢᠯ ᠤᠨ ᠭᠠᠭ᠋ᠠᠶ ᠶᠢᠨ ᠰᠣᠶᠣᠯ ᠤᠨ ᠨᠠᠶᠢᠷ︾ ᠤᠨ ᠠᠵᠢᠯᠯᠠᠭ᠎ᠠ ᠴᠤ ᠨᠡᠷ᠎ᠡ ᠠᠯᠳᠠᠷᠰᠢᠵᠤ᠂ ᠮᠠᠨ ᠤ ᠱᠠᠨᠪᠠ ᠶᠢᠨ ᠠᠮᠲᠠᠲᠤ ᠢᠳᠡᠭᠡᠨ ᠪᠣᠯᠤᠨ ᠰᠣᠶᠣᠯ ᠢ ᠤᠷᠢᠳ ᠡᠮᠦᠨ᠎ᠡ ᠭᠠᠷᠤᠭ᠎ᠠ ᠥᠬᠡᠶ ᠥᠨᠳᠥᠷ ᠲᠦᠪᠰᠢᠨ ᠳᠤ ᠬᠦᠷᠭᠡᠭᠰᠡᠨ ᠪᠠᠶᠢᠨ᠎ᠠ᠃ ᠸᠠᠩ ᠲᠣᠪᠴᠢᠶᠠᠨ ᠳᠠᠷᠤᠭ᠎ᠠ ᠠ᠂ ᠮᠠᠨ ᠤ ᠡᠷᠬᠢᠯᠡᠭᠰᠡᠨ ᠠᠵᠢᠯᠯᠠᠭ᠎ᠠ ᠶᠢᠨ ᠵᠣᠷᠢᠯᠭ᠎ᠠ ᠨᠢ ᠶᠠᠭᠤ ᠪᠤᠢ︖      ᠸᠠᠩ ᠲᠣᠪᠴᠢᠶᠠᠨ ᠳᠠᠷᠤᠭ᠎ᠠ᠄ 2016 ᠣᠨ ᠳᠤ᠂ ᠮᠠᠨ ᠤ ᠬᠤᠰᠢᠭᠤ ᠨᠤᠲᠤᠭ᠂ ᠨᠠᠶᠢᠷ ᠲᠠᠯ᠎ᠠ᠂ ᠠᠷᠢᠬᠢᠨ ᠤ ᠦᠨᠦᠷ᠂ ᠪᠢᠴᠢᠭ ᠤᠨ ᠦᠨᠦᠷ᠂ ᠠᠮᠲᠠᠲᠤ ᠢᠳᠡᠭᠡᠨ ᠢᠶᠠᠷ ᠠᠭᠤᠯᠠᠨ᠎ᠠ ᠪᠣᠯᠭᠠᠭᠰᠠᠨ ︽ᠨᠤᠲᠤᠭ ᠤᠨ ᠳᠤᠷᠠᠰᠤᠮᠵᠢ᠂ ᠱᠠᠮᠪᠡ ᠶᠢᠨ ᠦᠨᠦᠷ ᠠᠮᠲᠠ︾ ᠵᠢᠭᠤᠯᠴᠢᠯᠠᠯ ᠤᠨ ᠰᠣᠶᠣᠯ ᠤᠨ ᠨᠡᠷᠡᠲᠦ ᠲᠡᠮᠳᠡᠭ ᠢ ᠡᠭᠦᠳᠴᠦ᠂ ᠡᠨᠡᠬᠦ ᠨᠡᠷᠡᠲᠦ ᠲᠡᠮᠳᠡᠭ ᠤᠨ ᠰᠣᠶᠣᠯ ᠤᠨ ᠷᠢᠳᠢ ᠰᠢᠳᠢ ᠶᠢ ᠭᠦᠨᠵᠡᠭᠡᠶ ᠠᠭᠤᠳᠠᠯᠬᠤ ᠪᠠ  ᠥᠢᠯᠡᠳᠣᠯᠭᠡᠵᠢᠭᠦᠯᠬᠦ ᠪᠠᠷ ᠳᠤᠷᠠᠳᠴᠠᠶ᠃ ᠮᠠᠨ ᠤ ᠬᠤᠰᠢᠭᠤ ᠡᠩ ᠲᠡᠷᠢᠭᠦᠨ ᠳᠤ ᠪᠦᠬᠦ ᠬᠤᠲᠠ ᠳᠤ ᠠᠩᠬᠠᠳᠤᠭᠠᠷ ᠬᠤᠭᠤᠴᠠᠭᠠᠨ ᠤ ︽ᠠᠷᠠᠳ ᠤᠨ ᠳᠤᠮᠳᠠᠬᠢ ᠵᠢᠯ ᠤᠨ ᠭᠠᠭ᠋ᠠᠶ ᠶᠢᠨ ᠰᠣᠶᠣᠯ ᠤᠨ ᠨᠠᠶᠢᠷ︾ ᠢ ᠡᠷᠬᠢᠯᠡᠬᠦ ᠪᠠᠷ ᠳᠤᠷᠠᠳᠴᠤ᠂ ᠤᠷᠢᠳᠠᠪᠠᠷ ᠪᠦᠬᠦ ᠬᠤᠲᠠ ᠳᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠬᠤ ᠶᠢᠨ ᠬᠠᠮᠲᠤ  ᠪᠣᠷᠣᠲᠣᠬᠤᠢ ᠶᠢᠨ ᠪᠢᠴᠢᠯ ᠪᠦᠷᠭᠡ ᠵᠡᠷᠭᠡ ᠰᠢᠨ᠎ᠡ ᠵᠠᠭᠤᠴᠢᠯᠠᠭᠤᠷ ᠢ ᠠᠰᠢᠭᠯᠠ ᠤᠬᠠᠭᠤᠯᠪᠠ᠃ 2016 ᠤᠨ 12 ᠰᠠᠷ᠎ᠠ ᠶᠢᠨ 18 ᠤ ᠡᠳᠦᠷ ᠮᠠᠨ ᠤ ᠬᠤᠰᠢᠭᠤᠨ ᠤ ᠰᠠᠢ ᠱᠠᠩ ᠴᠦᠨ ᠭᠤᠸᠠᠩ ᠲᠠᠷᠢᠶᠠᠯᠠᠩ ᠤᠨ ᠦᠵᠡᠮᠵᠢ ᠶᠢᠨ ᠬᠦᠷᠢᠶᠡᠯᠡᠩ ᠳᠤ ᠠᠷᠠᠳ ᠤᠨ ᠳᠤᠮᠳᠠᠬᠢ ᠵᠢᠯ ᠤᠨ ᠭᠠᠭ᠋ᠠᠶ ᠶᠢᠨ ᠰᠣᠶᠣᠯ ᠤᠨ ᠨᠠᠶᠢᠷ ᠤᠨ ᠡᠬᠢᠯᠡᠯᠲᠡ ᠶᠢᠨ ᠶᠣᠰᠣᠯᠠᠯ ᠶᠠᠪᠤᠭᠤᠯᠵᠤ᠂ ᠤᠷᠢᠳ ᠬᠤᠵᠢᠳ ᠡᠯ ᠳ᠋ᠤᠤ ᠴᠢᠶᠣᠤ  ᠭᠤᠷᠪᠠᠳᠤᠭᠠᠷ ᠬᠤᠷᠰᠢᠶ᠎ᠠ᠂ ᠱᠤᠸᠠᠩ ᠮᠢᠶᠣᠣ ᠲᠠᠢ ᠷᠦᠩ ᠨᠢᠭᠡᠳᠦᠭᠡᠷ ᠬᠤᠷᠰᠢᠶ᠎ᠠ᠂ ᠬᠤᠩ ᠶᠠᠨ ᠬᠤ ᠨᠠᠭᠤᠷ ᠢ ᠪᠦᠯᠬᠦᠮᠳᠡᠭᠦᠯᠬᠦ ᠠᠯᠢ ᠣᠯᠠᠨ ᠰᠣᠶᠣᠯ ᠤᠨ ᠠᠵᠢᠯᠯᠠᠭ᠎ᠠ ᠥᠷᠨᠢᠭᠦᠯᠵᠡᠶ᠃ ᠠᠷᠠᠳ ᠤᠨ ᠳᠤᠮᠳᠠᠬᠢ ᠭᠠᠭ᠋ᠠᠶ ᠲᠡᠵᠢᠭᠡᠬᠦ ᠰᠣᠶᠣᠯ ᠤᠨ ᠨᠠᠶᠢᠷ ᠢ ᠣᠷᠭᠢᠯ ᠳᠤ ᠬᠦᠷᠭᠡᠵᠦ᠂ ᠵᠢᠷᠭᠢᠶ᠎ᠡ ᠶᠢᠨ ᠳᠣᠬᠢᠯᠲᠠ ᠶᠢᠨ ᠬᠡᠮᠵᠢᠶ᠎ᠡ ᠨᠡᠶᠢᠲᠡ ᠠᠷᠪᠠᠨ ᠲᠦᠮᠡᠨ ᠬᠥᠮᠦᠨ ᠤᠳᠠᠭ᠎ᠠ ᠶᠢ ᠳᠠᠪᠠᠵᠤ᠂ ᠦᠪᠡᠳᠡᠭᠰᠢ ᠪᠠᠶᠢᠳᠠᠯ ᠤᠷᠢᠳ ᠡᠮᠦᠨ᠎ᠡ  ᠪᠠᠶᠢᠭ᠎ᠠ ᠦᠭᠡᠢ᠃      ᠬᠥᠲᠥᠯᠥᠭᠴᠢ᠄ ᠲᠡᠶᠢᠮᠦ ᠡ᠂ ᠨᠢᠳᠤᠨᠤᠨ ᠡᠪᠦᠯ ︽ᠠᠷᠠᠳ ᠤᠨ ᠳᠤᠮᠳᠠᠬᠢ ᠵᠢᠯ ᠤᠨ ᠭᠠᠭ᠋ᠠᠶ ᠶᠢᠨ ᠰᠣᠶᠣᠯ ᠤᠨ ᠨᠠᠶᠢᠷ︾ ᠤᠨ ᠠᠵᠢᠯᠯᠠᠭ᠎ᠠ ᠥᠷᠨᠢᠭᠦᠯᠦᠭᠰᠡᠨ ᠢ ᠪᠣᠳᠣᠵᠤ ᠦᠵᠡᠪᠡᠯ᠂ ᠤᠳᠤ ᠪᠠᠰᠠ ᠬᠥᠷ ᠨᠠᠷᠭᠢᠶᠠᠨ ᠲᠠᠢ᠂ ᠪᠠᠶᠠᠷ ᠬᠥᠷ ᠲᠠᠢ ᠠᠭᠤᠷ ᠠᠮᠢᠰᠬᠤᠯ ᠢ ᠣᠯᠵᠤ ᠮᠡᠳᠡᠨ᠎ᠡ︕      ᠸᠠᠩ ᠲᠣᠪᠴᠢᠶᠠᠨ ᠳᠠᠷᠤᠭ᠎ᠠ᠄ ᠮᠠᠨ ᠤ ᠬᠠᠩᠭᠢᠨ ᠬᠤᠶᠢᠲᠤ ᠬᠤᠰᠢᠭᠤᠨ ᠤ ᠬᠥᠭᠵᠢᠯ ᠪᠠᠳᠠᠷᠠᠯ ᠢᠶᠠᠷ ᠪᠠᠷᠠᠬᠤ ᠥᠬᠡᠶ᠂ ᠠᠷᠠᠳ ᠤᠨ ᠳᠤᠮᠳᠠᠬᠢ ᠭᠠᠭ᠋ᠠᠶ ᠲᠡᠵᠢᠭᠡᠬᠦ ᠰᠣᠶᠣᠯ ᠤᠨ ᠨᠠᠶᠢᠷ ᠡᠷᠬᠢᠯᠡᠬᠦ ᠪᠠᠷ ᠳᠠᠮᠵᠢᠨ᠂ ᠮᠠᠨ ᠤ ᠬᠤᠰᠢᠭᠤᠨ ᠤ ᠨᠡᠷ᠎ᠡ ᠠᠯᠳᠠᠷ ᠪᠣᠯᠤᠨ ᠢᠷᠠᠭᠤ ᠠᠯᠳᠠᠷ ᠢ ᠶᠡᠬᠡᠪᠡᠷ ᠳᠡᠭᠡᠭᠰᠢᠯᠡᠭᠦᠯᠦᠭᠰᠡᠨ ᠮᠥᠷᠲᠡᠭᠡᠨ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠪᠣᠯᠤᠨ ᠲᠠᠷᠢᠶᠠᠴᠢᠳ ᠤᠨ ᠣᠷᠣᠯᠭ᠎ᠠ ᠶᠢᠨ ᠳᠡᠭᠡᠭᠰᠢᠯᠡᠯᠲᠡ ᠶᠢ ᠳᠠᠶᠢᠴᠢᠯᠠᠵᠤ᠂ ᠪᠠᠶᠠᠷ ᠳᠤᠷᠠᠰᠬᠠᠯ ᠤᠨ ᠡᠳᠦᠷ ᠲᠣᠮᠣ ᠠᠵᠤ ᠠᠬᠤᠶ ᠶᠢ ᠳᠠᠶᠢᠴᠢᠯᠠᠬᠤ ᠦᠷ᠎ᠡ ᠪᠦᠲᠦᠮᠵᠢ ᠶᠢ ᠣᠯᠤᠭᠰᠠᠨ ᠪᠠᠶᠢᠨ᠎ᠠ᠃      ᠬᠥᠲᠥᠯᠥᠭᠴᠢ᠄ ᠵᠠ᠂ ᠨᠠᠶᠢᠵᠠ ᠨᠠᠷ ᠠ᠂ ᠬᠠᠷᠢᠵᠤ ᠢᠷᠡᠭᠰᠡᠨ ᠳᠤ ᠪᠠᠶᠠᠷᠯᠠᠨ ᠤᠭᠲᠤᠵᠤ ᠪᠠᠶᠢᠨ᠎ᠠ᠂ ᠪᠢᠳᠡ ᠲᠣᠭᠯᠠᠯᠲᠠ ᠪᠠᠨ ᠦᠷᠭᠦᠯᠵᠢᠯᠡᠭᠦᠯᠦᠶ᠎ᠡ᠃      ᠬᠥᠲᠥᠯᠥᠭᠴᠢ᠄ ᠸᠠᠩ ᠲᠣᠪᠴᠢᠶᠠᠨ ᠳᠠᠷᠤᠭ᠎ᠠ ᠠ᠂ ᠱᠠ ᠬᠠᠢ ᠠᠮᠢ ᠠᠬᠤᠢ ᠶᠢᠨ ᠡᠯᠡᠰᠦᠨ ᠴᠦᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠮᠠᠨ ᠤ ᠬᠤᠲᠠ ᠶᠢᠨ ᠬᠠᠮᠤᠭ ᠤᠨ ᠳᠠᠯᠳᠠ ᠬᠦᠴᠦᠨ ᠲᠠᠢ ᠦᠵᠡᠮᠵᠢ ᠶᠢᠨ ᠣᠷᠣᠨ ᠤ ᠨᠢᠭᠡ ᠭᠡᠵᠦ ᠨᠡᠷᠡᠶᠢᠳᠴᠡᠶ᠂ ᠣᠳᠣ ᠮᠠᠨ ᠤ ᠦᠵᠡᠮᠵᠢ ᠶᠢᠨ ᠣᠷᠣᠨ ᠢ ᠶᠠᠮᠠᠷ ᠪᠣᠯᠭᠠᠭᠰᠠᠨ ᠪᠤᠢ︖      ᠸᠠᠩ ᠲᠣᠪᠴᠢᠶᠠᠨ ᠳᠠᠷᠤᠭ᠎ᠠ᠄ ᠱᠠ ᠬᠠᠢ ᠠᠮᠢ ᠠᠬᠤᠢ ᠶᠢᠨ ᠡᠯᠡᠰᠦ ᠮᠠᠩᠬᠠᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯ ᠬᠤᠲᠠ ᠶᠢᠨ ᠲᠡᠰ ᠤᠨ ᠭᠤᠤᠯᠳᠠᠯᠭ᠎ᠠ ᠲᠠᠢ ᠵᠢᠭᠤᠯᠴᠢᠯᠠᠯ ᠤᠨ ᠲᠥᠷᠥᠯ  ᠵᠥᠢᠯ ᠪᠣᠯᠤᠨ᠎ᠠ᠂ ᠮᠠᠨ ᠤ ᠬᠤᠲᠠ ᠶᠢᠨ ︽13 · 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ ᠪᠠᠶᠢᠭᠤᠯᠤᠭᠰᠠᠨ ᠠᠷᠪᠠᠨ ᠨᠡᠷᠡᠲᠦ ᠲᠡᠮᠳᠡᠭᠲᠦ ᠦᠵᠡᠮᠵᠢ ᠶᠢᠨ ᠣᠷᠣᠨ ᠤ ᠨᠢᠭᠡ ᠪᠣᠯᠤᠨ᠎ᠠ᠂ 2016 ᠤᠨ ᠰᠡᠭᠦᠯᠴᠢ ᠪᠣᠯᠬᠤ ᠳᠤ ᠦᠵᠡᠮᠵᠢ ᠶᠢᠨ ᠣᠷᠣᠨ ᠳᠤ ᠨᠡᠶᠢᠲᠡ 5000 ᠭᠠᠷᠤᠶ ᠲᠦᠮᠡᠨ ᠲᠥᠭᠦᠷᠢᠭ ᠤᠨ ᠪᠠᠯᠠ ᠣᠷᠣᠭᠤᠯᠵᠤ᠂ ᠭᠤᠤᠯᠳᠠᠭᠤ ᠤᠰᠤ ᠨᠡᠪᠲᠡᠷᠡᠭᠦᠯᠬᠦ᠂ ᠦᠵᠡᠮᠵᠢ ᠶᠢᠨ ᠣᠷᠣᠨ ᠤ ᠵᠠᠮ ᠢ ᠬᠠᠲᠠᠭᠤᠷᠠᠭᠤᠯᠬᠤ᠂ ᠨᠣᠭᠤᠭᠠᠷᠠᠭᠤᠯᠬᠤ ᠵᠡᠷᠭᠡ ᠰᠠᠭᠤᠷᠢ ᠪᠡᠯᠡᠳᠬᠡᠮᠵᠢ ᠪᠣᠯᠤᠨ ᠵᠤᠭᠠᠴᠠᠭᠰᠠᠳ ᠤᠨ ᠲᠥᠪ᠂ ᠲᠡᠷᠭᠡᠨ ᠵᠣᠭᠰᠣᠭᠠᠯ᠂ ᠥᠪᠡᠷ ᠶᠢᠨ ᠲᠡᠷᠭᠡ ᠵᠢᠯᠣᠭᠤᠳᠬᠤ ᠬᠤᠸᠠᠷᠠᠨ ᠵᠡᠷᠭᠡ ᠥᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠬᠢᠬᠦ ᠶᠢᠨ ᠬᠠᠮᠲᠤ ᠪᠠᠰᠠ ᠡᠯᠡᠰᠦ ᠬᠡᠭᠡᠷ᠎ᠡ ᠪᠠᠷ ᠭᠦᠶᠦᠬᠦ᠂ ᠡᠯᠡᠰᠦ ᠮᠠᠩᠬ᠎ᠠ ᠳᠠᠪᠠᠯᠭᠠᠨ ᠥᠭᠰᠥᠬᠦ ᠵᠢᠴᠢ ᠤᠰᠤᠨ ᠳᠡᠭᠡᠷᠡᠬᠢ ᠬᠡᠰᠡᠭ ᠲᠥᠷᠥᠯ ᠵᠥᠢᠯ ᠤᠨ ᠪᠦᠲᠦᠭᠡᠨ ᠪᠠᠢᠭᠤᠯᠤᠯᠲᠠ ᠶᠢ ᠬᠢᠭᠰᠡᠨ  ᠪᠠᠶᠢᠨ᠎ᠠ᠃ 2016 ᠣᠨ ᠤ ᠳᠣᠤᠷ᠎ᠠ ᠬᠠᠭᠠᠰ ᠵᠢᠯ ᠳᠤ ᠬᠦᠯᠢᠶᠡᠨ ᠠᠪᠤᠭᠰᠠᠨ ᠵᠤᠭᠠᠴᠠᠭᠰᠠᠳ 5 ᠲᠦᠮᠡᠨ ᠬᠥᠮᠦᠨ ᠤᠳᠠᠭ᠎ᠠ ᠶᠢ ᠳᠠᠪᠠᠵᠤ᠂ ᠦᠵᠡᠮᠵᠢ ᠶᠢᠨ ᠣᠷᠣᠨ ᠠᠩᠬ᠎ᠠ ᠠᠯᠬᠤᠮ ᠤᠨ ᠬᠦᠯᠢᠶᠡᠨ ᠠᠪᠬᠤ ᠴᠢᠳᠠᠪᠤᠷᠢ ᠶᠢ ᠪᠦᠷᠢᠯᠳᠦᠭᠦᠯᠵᠡᠶ᠃      ᠬᠥᠲᠥᠯᠥᠭᠴᠢ᠄ ᠰᠡᠭᠦᠯᠴᠢ ᠶᠢᠨ ᠬᠤᠭᠤᠴᠠᠭᠠᠨ ᠳᠤ ᠪᠢᠳᠡ ᠦᠵᠡᠮᠵᠢ ᠶᠢᠨ ᠣᠷᠣᠨ ᠳᠤ ᠶᠠᠮᠠᠷ ᠶᠠᠮᠠᠷ ᠠᠵᠢᠯ ᠬᠢᠬᠦ ᠪᠤᠢ︖      ᠸᠠᠩ ᠲᠣᠪᠴᠢᠶᠠᠨ ᠳᠠᠷᠤᠭ᠎ᠠ᠄ 2017 ᠣᠨ ᠳᠤ ᠦᠵᠡᠮᠵᠢ ᠶᠢᠨ ᠣᠷᠣᠨ ᠨᠢ ᠰᠠᠭᠤᠷᠢ ᠪᠡᠯᠡᠳᠬᠡᠮᠵᠢ ᠪᠠ ᠥᠢᠯᠡᠴᠢᠯᠡᠭᠡᠨ‌‍ᠤ ᠪᠡᠯᠡᠳᠬᠡᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠬᠠᠮᠲᠤ᠂ ᠵᠤᠭ᠎ᠠ ᠴᠡᠩᠭᠡᠯ ᠵᠢᠴᠢ ᠢᠳᠡᠭᠡᠨ ᠤᠮᠳᠠᠭᠠᠨ ᠤ ᠲᠥᠷᠥᠯ ᠵᠦᠢᠯ ᠢ ᠭᠤᠤᠯᠳᠠᠯᠭ᠎ᠠ ᠲᠠᠢ ᠪᠦᠲᠦᠭᠡᠨ ᠪᠠᠶᠢᠭᠤᠯᠵᠤ᠂ ᠭᠤᠤᠯᠳᠠᠭᠤ ᠡᠯᠡᠰᠦᠨ ᠡᠮᠴᠢᠯᠡᠭᠡᠨ ᠤ ᠣᠷᠳᠣᠨ᠂ ᠢᠳᠡᠭᠡᠨ ᠤᠮᠳᠠᠭᠠᠨ ᠤ ᠵᠡᠭᠡᠯᠢ᠂ ᠵᠢᠭᠠᠰᠤ ᠭᠥᠬᠢᠳᠡᠬᠦ ᠲᠥᠪ᠂ ᠮᠣᠷᠢ ᠣᠷᠣᠯᠳᠤᠬᠤ ᠲᠠᠯᠠᠪᠠᠢ᠂ ᠤᠮᠪᠠᠯᠲᠠ ᠶᠢᠨ ᠲᠠᠯᠠᠪᠠᠢ᠂  ᠨᠢᠭᠡᠳᠭᠡᠬᠦ ᠠᠩᠭᠢ ᠤ ᠰᠣᠶᠣᠯ ᠤᠨ ᠭᠤᠤᠯ ᠰᠡᠳᠦᠪᠲᠦ ᠬᠤᠭᠤᠯᠠᠨ ᠭᠡᠷ ᠵᠢᠴᠢ ᠡᠯᠡᠰᠦᠨ ᠴᠦᠯ ᠤᠨ ᠵᠤᠭ᠎ᠠ ᠴᠡᠩᠭᠡᠯ ᠤᠨ ᠪᠡᠯᠡᠳᠬᠡᠮᠵᠢ ᠶᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠵᠢᠭᠤᠯᠴᠢᠯᠠᠭᠴᠢᠳ ᠤᠨ ᠢᠳᠡᠵᠦ ᠤᠤᠭᠤᠬᠤ ᠰᠡᠳᠬᠢᠯ ᠲᠠᠭᠠᠯᠠᠮᠵᠢᠲᠠᠶ᠂ ᠨᠠᠭᠠᠳᠴᠤ ᠲᠣᠭᠯᠠᠬᠤ ᠤᠷᠮ᠎ᠠ ᠶᠢ ᠨᠢ ᠬᠥᠭᠵᠢᠭᠡᠨ᠎ᠡ᠃      ᠬᠥᠲᠥᠯᠥᠭᠴᠢ᠄ ᠦᠵᠡᠮᠵᠢ ᠶᠢᠨ ᠣᠷᠣᠨ ᠢ ᠶᠠᠮᠠᠷ ᠬᠡᠪᠴᠢᠶ᠎ᠡ ᠲᠠᠢ ᠪᠣᠯᠭᠠᠬᠤ ᠭᠡᠵᠦ  ᠪᠠᠶᠢᠭ᠎ᠠ ᠪᠤᠢ︖      ᠸᠠᠩ ᠲᠣᠪᠴᠢᠶᠠᠨ ᠳᠠᠷᠤᠭ᠎ᠠ᠄ ᠲᠥᠯᠥᠪᠵᠢᠭᠦᠯᠭᠡ ᠪᠠᠷ ᠪᠣᠯ ᠡᠯᠡᠰᠦᠨ ᠳᠠᠯᠠᠢ ᠶᠢᠨ ᠵᠢᠭᠤᠯᠴᠢᠯᠠᠯ ᠤᠨ ᠣᠷᠣᠨ ᠢ ᠤᠯᠤᠰ  ᠤᠨ 5 A ᠲᠡᠰ ᠤᠨ ᠦᠵᠡᠮᠵᠢ ᠶᠢᠨ ᠣᠷᠣᠨ ᠤ ᠪᠠᠷᠢᠮᠵᠢᠶ᠎ᠠ ᠪᠠᠷ ᠪᠦᠲᠦᠭᠡᠨ ᠪᠠᠶᠢᠭᠤᠯᠤᠭᠰᠠᠨ ᠶᠤᠮ᠂ 2019 ᠤᠨ ᠪᠣᠯᠬᠤ ᠳᠤ 4 A ᠲᠡᠰ ᠤᠨ ᠦᠵᠡᠮᠵᠢ ᠶᠢᠨ ᠣᠷᠣᠨ ᠤ ᠪᠠᠷᠢᠮᠵᠢᠶ᠎ᠠ ᠳᠤ ᠬᠦᠷᠭᠡᠵᠦ᠂ 2022 ᠤᠨ ᠪᠣᠯᠬᠤ ᠳᠤ 5 A ᠲᠡᠰ ᠤᠨ ᠦᠵᠡᠮᠵᠢ ᠶᠢᠨ ᠣᠷᠣᠨ ᠤ ᠪᠠᠷᠢᠮᠵᠢᠶ᠎ᠠ ᠳᠤ ᠬᠦᠷᠭᠡᠨ᠎ᠡ᠃      ᠬᠥᠲᠥᠯᠥᠭᠴᠢ᠄ ᠬᠥᠳᠡᠭᠡ ᠨᠤᠲᠤᠭ᠂ ᠨᠠᠶᠢᠷ ᠲᠠᠯ᠎ᠠ᠂ ᠠᠷᠢᠬᠢᠨ ᠤ ᠦᠨᠦᠷ᠂ ᠪᠢᠴᠢᠭ ᠤᠨ ᠦᠨᠦᠷ᠂ ᠠᠮᠲᠠᠲᠤ ᠢᠳᠡᠭᠡᠨ ᠨᠢ ᠨᠢᠭᠡᠨᠲᠡ ᠮᠠᠨ ᠤ ᠬᠤᠰᠢᠭᠤᠨ ᠤ ᠣᠨᠴᠠᠭᠠᠢ ᠰᠣᠶᠣᠯ ᠤᠨ ᠨᠡᠷᠡᠲᠦ ᠲᠡᠮᠳᠡᠭ ᠪᠣᠯᠪᠠ᠂ ᠲᠠᠷᠢᠶᠠᠯᠠᠩ ᠤᠨ ᠲᠣᠮᠣ ᠲᠤᠭ ᠪᠣᠯᠤᠭᠰᠠᠨ ᠤ ᠬᠤᠪᠢ ᠳᠤ᠂ ᠪᠢᠳᠡ ᠶᠠᠮᠠᠷ ᠶᠠᠩᠵᠤ ᠶᠢᠨ ᠵᠢᠭᠤᠯᠴᠢᠯᠠᠯ ᠤᠨ ᠥᠢᠯᠡᠰ ᠢ ᠴᠣᠭᠴᠠᠯᠠᠨ ᠪᠠᠶᠢᠭᠤᠯᠬᠤ ᠪᠣᠶ︖      ᠸᠠᠩ ᠲᠣᠪᠴᠢᠶᠠᠨ ᠳᠠᠷᠤᠭ᠎ᠠ᠄ ᠣᠳᠣ ᠪᠥᠬᠦ ᠴᠠᠷᠠᠭᠠᠨ ᠤ ᠵᠢᠭᠤᠯᠴᠢᠯᠠᠯ ᠢ ᠤᠯᠤᠰ  ᠤᠨ ᠪᠠᠶᠢᠯᠳᠤᠬᠤ ᠪᠣᠳᠣᠯᠭ᠎ᠠ ᠪᠣᠯᠭᠠᠨ ᠳᠡᠭᠡᠭᠰᠢᠯᠡᠭᠦᠯᠦᠭᠰᠡᠨ ᠭᠡᠵᠦ ᠪᠢ ᠦᠵᠡᠵᠦ ᠪᠠᠶᠢᠨ᠎ᠠ᠃ ᠲᠠᠷᠠᠭᠠᠴᠢ ᠶᠢᠨ ᠠᠯᠬᠤᠮ ᠳᠤ ᠮᠠᠨ ᠤ ᠬᠤᠰᠢᠭᠤ ᠪᠥᠬᠦ ᠴᠠᠷᠠᠭᠠᠨ ᠤ ᠵᠢᠭᠤᠯᠴᠢᠯᠠᠯ ᠤᠨ ᠦᠵᠡᠯᠲᠡ ᠪᠠᠷ ᠵᠢᠭᠤᠯᠴᠢᠯᠠᠯ ᠤᠨ ᠥᠢᠯᠡᠰ ᠢ ᠪᠦᠲᠦᠭᠡᠨ ᠪᠠᠶᠢᠭᠤᠯᠵᠤ᠂ ᠪᠥᠬᠦ ᠬᠤᠰᠢᠭᠤ ᠶᠢ ᠲᠣᠮᠣ ᠦᠵᠡᠮᠵᠢ ᠶᠢᠨ ᠣᠷᠣᠨ ᠪᠣᠯᠭᠠᠨ ᠪᠦᠲᠦᠭᠡᠨ ᠪᠠᠶᠢᠭᠤᠯᠵᠤ᠂ ᠬᠤᠲᠠ ᠶᠢᠨ ᠦᠵᠡᠮᠵᠢ ᠶᠢᠨ ᠣᠷᠣᠨ ᠪᠣᠯᠭᠠᠵᠤ᠂ ᠦᠵᠡᠮᠵᠢ ᠶᠢᠨ ᠣᠷᠣᠨ ᠢ ᠣᠨᠴᠠᠯᠢᠭᠵᠢᠭᠤᠯᠬᠤ ᠬᠡᠷᠡᠭᠲᠡᠶ᠃ ᠪᠣᠳᠠᠲᠠᠶ ᠪᠠᠷ ᠬᠡᠯᠡᠪᠡᠯ ᠠᠮᠢ ᠠᠬᠤᠢ ᠶᠢᠨ ᠰᠡᠯᠡᠭᠦᠴᠡᠯ᠂ ᠪᠣᠬᠢᠷᠲᠤᠯ ᠥᠬᠡᠶ ᠬᠥᠳᠡᠭᠡ ᠲᠣᠰᠬᠤᠨ᠂ ᠣᠷᠣᠰᠢᠨ ᠰᠠᠭᠤᠬᠤ ᠳᠤ ᠲᠣᠬᠢᠷᠠᠮᠵᠢᠲᠠᠶ ᠬᠠᠩᠭᠢᠨ ᠬᠤᠶᠢᠲᠤ ᠬᠤᠰᠢᠭᠤ ᠶᠢ ᠪᠦᠲᠦᠭᠡᠨ ᠪᠠᠶᠢᠭᠤᠯᠵᠤ᠂ ᠪᠠᠶᠠᠨᠨᠠᠭᠤᠷ ᠬᠤᠲᠠ ᠶᠢᠨ ᠬᠠᠮᠤᠭ ᠤᠨ ᠭᠤᠶᠤ ᠰᠠᠶᠢᠬᠠᠨ ᠴᠤᠭᠯᠠᠭᠠᠨ ᠬᠢᠬᠦ ᠬᠠᠷᠠᠯᠲᠠ ᠪᠠᠷ ᠳᠠᠮᠵᠢᠨ᠂ ︽ᠴᠡᠴᠡᠷᠯᠢᠭ ᠢ ᠲᠤᠭᠤᠯᠤᠨ ᠱᠠᠨᠵᠠ ᠳᠤ ᠣᠷᠣᠬᠤ︾ ᠭᠤᠶᠤ ᠦᠵᠡᠮᠵᠢ ᠶᠢ ᠪᠡᠶᠡᠯᠡᠭᠦᠯᠦᠨ᠎ᠡ᠃      ᠬᠥᠲᠥᠯᠥᠭᠴᠢ᠄ ᠲᠡᠶᠢᠮᠦ᠂ ᠸᠠᠩ ᠲᠣᠪᠴᠢᠶᠠᠨ ᠳᠠᠷᠤᠭ᠎ᠠ ᠦᠨᠡᠨ ᠢᠶᠠᠨ ᠬᠡᠯᠡᠪᠡᠯ᠂ ᠵᠢᠭᠤᠯᠴᠢᠯᠠᠯ ᠤᠨ ᠥᠢᠯᠡᠰ ᠬᠥᠭᠵᠢᠭᠡᠳ ᠶᠠᠮᠠᠷ ᠬᠡᠮᠵᠢᠶᠡᠨ ᠳᠤ ᠬᠦᠷᠦᠭᠰᠡᠨ ᠴᠦ᠂ ᠮᠠᠨ ᠤ ᠵᠣᠷᠢᠯᠲᠠ ᠪᠠ ᠲᠤᠰᠤᠯᠲᠠ ᠨᠢ ᠪᠦᠷ ᠠᠷᠠᠳ ᠣᠯᠠᠨ ᠳᠤ ᠠᠰᠢᠭ ᠲᠤᠰᠠ ᠣᠯᠭᠤᠵᠤ᠂ ᠠᠷᠠᠳ ᠣᠯᠠᠨ ᠳᠤ ᠨᠠᠩ ᠰᠠᠶᠢᠨ ᠥᠢᠯᠡᠴᠢᠯᠡᠬᠦ ᠶᠠᠪᠤᠳᠠᠯ ᠪᠣᠯᠤᠨ᠎ᠠ᠂ ᠲᠡᠭᠡᠪᠡᠯ ᠮᠠᠨ ᠤ ᠬᠤᠰᠢᠭᠤᠨ ᠤ ᠵᠢᠭᠤᠯᠴᠢᠯᠠᠯ ᠤᠨ ᠥᠢᠯᠡᠰ ᠮᠠᠨ ᠤ ᠠᠷᠠᠳ ᠲᠦᠮᠡᠨ ᠳᠤ ᠴᠤᠬᠤᠮ ᠶᠠᠮᠠᠷ ᠠᠰᠢᠭ ᠲᠤᠰᠠ ᠬᠦᠷᠲᠡᠭᠡᠬᠦ ᠪᠤᠢ︖      ᠸᠠᠩ ᠲᠣᠪᠴᠢᠶᠠᠨ ᠳᠠᠷᠤᠭ᠎ᠠ᠄ ᠪᠢᠳᠡ ᠬᠥᠳᠡᠭᠡ ᠲᠣᠰᠬᠤᠨ ᠤ ᠵᠢᠭᠤᠯᠴᠢᠯᠠᠯ ᠢ ᠶᠡᠬᠡᠪᠡᠷ ᠬᠥᠭᠵᠢᠭᠦᠯᠬᠦ ᠪᠠᠷ ᠳᠠᠮᠵᠢᠨ᠂ ᠠᠷᠠᠳ ᠣᠯᠠᠨ ᠳᠤ ᠰᠡᠯᠡᠭᠦᠴᠡᠨ ᠲᠣᠭᠤᠷᠢᠬᠤ ᠰᠠᠶᠢᠨ ᠣᠷᠴᠢᠨ ᠲᠣᠭᠤᠷᠢᠨ ᠪᠣᠯᠤᠨ ᠰᠠᠶᠢᠨ ᠭᠠᠵᠠᠷ ᠬᠠᠩᠭᠠᠬᠤ ᠶᠢᠨ ᠬᠠᠮᠲᠤ᠂ ᠰᠡᠯᠡᠭᠦᠴᠡᠨ ᠵᠤᠭᠠᠯᠠᠬᠤ ᠲᠠᠷᠢᠶᠠᠯᠠᠩ ᠪᠣᠯᠤᠨ ᠬᠥᠳᠡᠭᠡ ᠲᠣᠰᠬᠤᠨ ᠤ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠪᠠᠷ ᠳᠠᠮᠵᠢᠨ᠂ ᠲᠠᠷᠢᠶᠠᠴᠢᠳ ᠲᠤ ᠦᠨᠡᠨ ᠪᠣᠳᠠᠲᠠᠶ ᠣᠷᠣᠯᠭ᠎ᠠ ᠣᠯᠭᠤᠨ᠎ᠠ᠃      ᠵᠠ᠂ ᠴᠠᠭ ᠮᠥᠴᠡ ᠶᠢᠨ ᠬᠠᠷᠢᠴᠠᠭᠠᠨ ᠡᠴᠡ‌ᠡᠨᠡ ᠬᠤᠭᠤᠴᠠᠭᠠᠨ ᠤ ︽ᠡᠭᠡᠯ ᠠᠷᠠᠳ ᠤᠨ ᠶᠠᠷᠢᠶᠠᠨ ᠤ ᠰᠡᠳᠦᠪ︾ ᠢ ᠠᠳᠡ ᠢᠷᠡᠮᠡᠭᠴᠡ ᠲᠠᠨ ᠲᠠᠢ ᠪᠠᠶᠠᠷᠲᠠᠶ ᠭᠡᠵᠦ  ᠬᠡᠯᠡᠬᠦ ᠪᠣᠯᠣᠭᠰᠠᠨ᠂ ᠬᠤᠰᠢᠭᠤᠨ ᠤ ᠵᠢᠭᠤᠯᠴᠢᠯᠠᠯ ᠤᠨ ᠲᠣᠪᠴᠢᠶᠠᠨ ᠤ ᠳᠠᠷᠤᠭ᠎ᠠ ᠸᠠᠩ ᠶᠦᠩ ᠭᠦᠸᠧ ᠶᠢᠨ ᠮᠠᠨ ᠤ ᠫᠷᠤᠭ᠍ᠷᠠᠮ ᠳᠤ ᠰᠠᠭᠠᠲᠠᠭᠰᠠᠨ ᠳᠤ ᠲᠠᠯᠠᠷᠬᠠᠵᠤ ᠪᠠᠶᠢᠨ᠎ᠠ᠂ ᠮᠥᠨ ᠴᠦ ᠨᠠᠶᠢᠵᠠ ᠨᠠᠷ ᠤᠨ ᠳᠡᠮᠵᠢᠯᠭᠡ ᠪᠠ ᠠᠩᠬᠠᠷᠤᠯ ᠢ ᠲᠠᠲᠠᠭᠰᠠᠨ ᠳᠤ ᠲᠠᠯᠠᠷᠬᠠᠵᠤ ᠪᠠᠶᠢᠨ᠎ᠠ᠂ ︽ᠡᠭᠡᠯ ᠠᠷᠠᠳ ᠤᠨ ᠶᠠᠷᠢᠶᠠᠨ ᠤ ᠰᠡᠳᠦᠪ ︾ ᠭᠡᠬᠦ ᠬᠠᠯᠠᠭᠤᠨ ᠤᠲᠠᠰᠤ ᠶᠢ 6626789 ᠨᠡᠪᠲᠡᠷᠡᠭᠦᠯᠬᠦ ᠶᠢ ᠪᠠᠶᠠᠷᠯᠠᠨ ᠤᠭᠲᠤᠵᠤ ᠪᠠᠶᠢᠨ᠎ᠠ᠃
ᠢᠷᠡᠯᠲᠡ᠄ ᠲᠤᠰ ᠰᠦᠯᠵᠢᠶ᠎ᠠ