ᠪᠣᠷᠣᠲᠣᠬᠤᠶ ᠶᠢᠨ ᠠᠷᠢᠬᠢᠨ ᠦᠢᠯᠡᠰ ᠤᠨ ᠪᠦᠯᠦᠭᠯᠡᠯ ᠤᠨ ᠠᠵᠤ ᠦᠢᠯᠡᠳᠪᠦᠷᠢ ᠶᠢᠨ ᠵᠢᠭᠤᠯᠴᠢᠯᠠᠯ ᠤᠨ ᠣᠷᠣᠨ
ᠨᠡᠶᠢᠲᠡᠯᠡᠭᠰᠡᠨ ᠴᠠᠭ᠄
2017/3/7
                           ᠰᠠᠷᠬᠤᠳ ᠦᠨᠦᠷ ᠬᠠᠩᠬᠤᠯᠤᠨ᠎ᠠ᠂ ᠪᠤᠷᠤᠲᠤᠬᠤᠢ ᠶᠢᠨ ᠰᠦᠨᠡᠰᠦᠨ ᠤ ᠤᠰᠤ      ᠪᠣᠷᠣᠲᠣᠬᠤᠶ ᠶᠢᠨ ᠠᠷᠢᠬᠢᠨ ᠤ ᠦᠢᠯᠡᠳᠪᠦᠷᠢ ᠪᠣᠯ ᠪᠦᠬᠦ ᠤᠯᠤᠰ ᠠᠴᠠ ᠠᠵᠤ ᠦᠢᠯᠡᠳᠪᠦᠷᠢ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠴᠡᠭ᠂ ᠤᠯᠤᠰ ᠠᠴᠠ A A A ᠲᠡᠰ ᠤᠨ ᠦᠵᠡᠮᠵᠢ ᠶᠢᠨ ᠣᠷᠣᠨ — ᠪᠣᠷᠣᠲᠣᠬᠤᠶ ᠶᠢᠨ ᠠᠷᠢᠬᠢᠨ ᠤ ᠦᠢᠯᠡᠰ ᠤᠨ ᠪᠦᠯᠦᠭᠯᠡᠯ ᠤᠨ ᠠᠵᠤ ᠦᠢᠯᠡᠳᠪᠦᠷᠢ ᠶᠢᠨ ᠵᠤᠭᠠᠴᠠᠯ ᠤᠨ ᠣᠷᠣᠨ ᠪᠣᠯᠤᠨ᠎ᠠ᠃ ᠪᠣᠷᠣᠲᠣᠬᠤᠶ ᠶᠢᠨ ᠠᠷᠢᠬᠢᠨ ᠤ ᠦᠢᠯᠡᠰ ᠤᠨ ᠪᠦᠯᠦᠭᠯᠡᠯ ᠪᠣᠯ ᠬᠠᠩᠭᠢᠨ ᠬᠤᠢᠲᠤ ᠬᠤᠰᠢᠭᠤᠨ ᠤ ᠤᠯᠤᠰ ᠠᠴᠠ ᠡᠷᠬᠢᠯᠡᠭᠰᠡᠨ ᠣᠷᠣᠨ ᠨᠤᠲᠤᠭ ᠤᠨ ᠠᠷᠢᠬᠢᠨ ᠤ ᠦᠢᠯᠡᠳᠪᠦᠷᠢ ᠪᠣᠯᠤᠨ᠎ᠠ᠂ 1955 ᠣᠨ ᠳᠤ ᠠᠩᠬ᠎ᠠ ᠤᠳᠠᠭ᠎ᠠ ︽ᠪᠣᠷᠣᠲᠣᠬᠤᠶ ᠶᠢᠨ ᠲᠠᠸᠠᠷ ᠤᠨ ᠲᠡᠮᠳᠡᠭ︾ ᠢ ᠬᠡᠷᠡᠭᠯᠡᠭᠰᠡᠨ ᠪᠥᠭᠡᠳ ᠣᠳᠣ ᠪᠣᠯᠲᠠᠯ᠎ᠠ ᠬᠡᠷᠡᠭᠯᠡᠭᠰᠡᠭᠡᠷ ᠪᠠᠶᠢᠨ᠎ᠠ᠃ ᠪᠣᠷᠣᠲᠣᠬᠤᠶ ᠶᠢᠨ ᠠᠷᠢᠬᠢᠨ  ᠦᠢᠯᠡᠰ 50 ᠭᠠᠷᠤᠶ ᠵᠢᠯ ᠤᠨ ᠬᠥᠭᠵᠢᠯᠲᠡ ᠪᠠᠷ ᠳᠠᠮᠵᠢᠨ᠂ ᠣᠳᠣ ᠨᠢᠭᠡᠨᠲᠡ ᠥᠨᠢ ᠤᠳᠠᠭᠠᠨ ᠲᠡᠤᠬᠡ ᠲᠠᠢ ︽ᠳᠤᠮᠳᠠᠳᠤ ᠶᠢᠨ ᠬᠠᠭᠤᠴᠢᠨ ᠨᠠᠷᠠᠲᠤ ᠲᠡᠮᠳᠡᠭᠲᠦ︾ ᠶᠢᠨ ᠴᠣᠯᠠ ᠪᠠ ᠬᠡᠪᠴᠢᠶ᠎ᠡ ᠪᠠᠷ ᠥᠷᠭᠡᠨ ︽ᠤᠮᠠᠷᠠᠲᠤ ᠶᠢᠨ ᠨᠢᠭᠡᠳᠦᠭᠡᠷ ᠵᠣᠭᠤᠷᠢ︾ ᠶᠢᠨ ᠴᠣᠯᠠ ᠭᠡᠬᠦ ᠬᠤᠶᠠᠷ ᠢᠷᠠᠭᠤ ᠠᠯᠳᠠᠷ ᠲᠠᠢ ᠪᠣᠯᠵᠠᠶ᠃ ᠠᠳᠡ ᠲᠣᠭᠤᠷᠢᠨ ᠵᠤᠭᠠᠴᠠᠬᠤ ᠨᠢ ᠲᠠᠨ ᠳᠤ ᠠᠵᠤ ᠦᠢᠯᠡᠳᠪᠦᠷᠢ ᠶᠢᠨ ᠵᠤᠭᠠᠴᠠᠯ ᠠᠴᠠ ᠠᠪᠴᠢᠷᠠᠭᠰᠠᠨ ᠭᠤᠶᠤ ᠰᠠᠶᠢᠬᠠᠨ ᠢ ᠲᠠᠨᠢᠭᠤᠯᠵᠤ᠂ ᠰᠡᠳᠬᠢᠯ ᠰᠠᠨᠠᠭ᠎ᠠ ᠶᠢ ᠴᠢᠨᠢ ᠠᠭᠤᠵᠢᠷᠠᠭᠤᠯᠬᠤ ᠮᠥᠷᠲᠡᠭᠡᠨ  ᠪᠣᠷᠣᠲᠣᠬᠤᠢ ᠶᠢᠨ ᠠᠷᠢᠬᠢ ᠶᠢᠨ ᠰᠢᠨᠵᠢᠯᠡᠬᠦ ᠤᠬᠠᠭᠠᠨ ᠤ ᠮᠡᠳᠡᠯᠭᠡ ᠶᠢ ᠴᠦ ᠣᠶᠢᠯᠠᠭᠠᠭᠤᠯᠵᠤ ᠴᠢᠳᠠᠨ᠎ᠠ᠃      ᠪᠣᠷᠣᠲᠣᠬᠤᠶ ᠶᠢᠨ ᠠᠷᠢᠬᠢᠨ ᠦᠢᠯᠡᠰ ᠤᠨ ᠠᠵᠤ ᠦᠢᠯᠡᠳᠪᠦᠷᠢ ᠶᠢᠨ ᠵᠤᠭᠠᠴᠠᠯ ᠤᠨ ᠣᠷᠣᠨ ᠳᠤ ᠳᠤᠮᠳᠠᠳᠤ ᠤᠯᠤᠰ ᠠᠴᠠ ᠤᠮᠠᠷᠠᠲᠤ ᠣᠷᠣᠨ ᠤ ᠬᠡᠪᠴᠢᠶ᠎ᠡ ᠪᠠᠷ ᠬᠠᠮᠤᠭ ᠤᠨ ᠶᠡᠭᠡ ᠤᠤᠯ ᠠᠷᠢᠬᠢ ᠶᠢ ᠢᠰᠬᠡᠬᠦ ᠵᠣᠭᠤᠷᠢ ᠶᠢᠨ ᠰᠦᠷᠦᠭ  ᠪᠠᠶᠢᠳᠠᠭ᠂ ᠠᠳᠡ ᠲᠠ ᠪᠠᠰᠠ ᠥᠢᠷ᠎ᠠ ᠶᠢᠨ ᠲᠥᠷᠥᠭᠳᠡᠯ ᠪᠣᠯᠤᠨ ᠤᠯᠠᠮᠵᠢᠯᠠᠯᠲᠤ ᠭᠠᠷ ᠤᠷᠠᠯᠠᠯ ᠪᠣᠯᠤᠨ ᠣᠳᠣ ᠦᠶ᠎ᠡ ᠶᠢᠨ ᠠᠷᠢᠬᠢ ᠨᠡᠷᠡᠬᠦ ᠮᠡᠷᠭᠡᠵᠢᠯ ᠢ ᠪᠦᠷᠢᠮᠦᠰᠦᠨ ᠤᠶᠠᠯᠳᠤᠭᠤᠯᠵᠤ ᠪᠣᠯᠤᠨ᠎ᠠ᠃ ᠠᠵᠢᠷᠭᠠᠨ ᠵᠠᠶᠠᠭᠠᠭᠰᠠᠨ ᠪᠣᠷᠣᠲᠣᠬᠤᠶ ᠶᠢᠨ ᠠᠷᠢᠬᠢᠨ ᠦᠢᠯᠡᠳᠪᠦᠷᠢ ᠶᠢᠨ ᠲᠣᠭᠤᠷᠢᠭ ᠲᠤ ᠪᠠᠶᠢᠷᠢᠯᠠᠵᠤ ᠪᠠᠶᠢᠭ᠎ᠠ‌ᠥᠪᠥᠷ ᠮᠣᠩᠭᠤᠯ ᠤᠨ ᠠᠷᠢᠬᠢᠨ ᠰᠣᠶᠣᠯ ᠤᠨ ᠮᠦᠽᠧᠶ ᠪᠣᠯ ᠥᠪᠥᠷ ᠮᠣᠩᠭᠤᠯ ᠣᠷᠣᠨ ᠤ ᠬᠠᠮᠤᠭ ᠡᠷᠲᠡᠨ ᠤ ᠠᠵᠤ ᠠᠬᠤᠢᠯᠠᠯ ᠤᠨ ᠮᠦᠽᠧᠶ ᠪᠣᠯᠤᠨ᠎ᠠ᠃ ᠠᠳᠠᠯᠢ ᠪᠤᠰᠤ ᠲᠥᠷᠥ ᠭᠦᠷᠦᠨ ᠢ ᠬᠠᠳᠠᠭᠠᠯᠠᠵᠤ᠂ ᠡᠯ᠎ᠡ ᠭᠠᠵᠠᠷ ᠨᠢ ᠠᠷᠢᠬᠢ ᠲᠠᠢ ᠨᠢᠭᠲᠠ ᠬᠤᠯᠪᠣᠭ᠎ᠠ ᠲᠠᠢ ᠪᠠᠶᠢᠵᠤ᠂ ᠠᠷᠢᠬᠢᠨ ᠪᠡᠯᠡᠭ᠂ ᠠᠷᠢᠬᠢᠨ ᠰᠠᠪᠠ ᠬᠡᠷᠡᠭᠰᠡᠯ ᠪᠠ ᠠᠷᠢᠬᠢ ᠨᠡᠷᠡᠬᠦ ᠪᠠᠭᠠᠵᠢ ᠬᠡᠷᠡᠭᠰᠡᠯ ᠵᠡᠷᠭᠡ ᠪᠦᠬᠦ ᠲᠠᠯ᠎ᠠ ᠪᠠᠷ ᠥᠪᠥᠷ ᠮᠣᠩᠭᠤᠯ ᠣᠷᠣᠨ ᠤ 5000 ᠭᠠᠷᠤᠶ ᠵᠢᠯ ᠤᠨ ᠲᠤᠷᠰᠢᠬᠢ ᠠᠷᠢᠬᠢ ᠨᠡᠷᠡᠬᠦ᠂ ᠠᠷᠢᠬᠢ ᠤᠤᠭᠤᠭᠰᠠᠨ ᠲᠡᠤᠬᠡ ᠪᠠ ᠵᠠᠩ ᠠᠭᠠᠯᠢ ᠶᠢ ᠳᠡᠯᠭᠡᠨ ᠦᠵᠡᠭᠦᠯᠵᠡᠶ᠃ ᠪᠦᠬᠦ ᠣᠷᠣᠨ ᠴᠢᠨᠠᠭᠰᠢᠯᠠᠪᠠᠯ ᠪᠦᠬᠦ ᠤᠯᠤᠰ ᠲᠤ ᠬᠤᠪᠣᠷ  ᠪᠠᠶᠢᠳᠠᠭ ᠠᠷᠢᠬᠢᠨ ᠰᠣᠶᠣᠯ ᠤᠨ ᠰᠤᠳᠤᠯᠤᠨ ᠨᠡᠭᠡᠭᠡᠬᠦ᠂ ᠳᠡᠯᠭᠡᠨ ᠦᠵᠡᠭᠦᠯᠬᠦ ᠰᠠᠭᠤᠷᠢᠨ ᠭᠠᠵᠠᠷ ᠪᠣᠯᠪᠠ᠃ ᠪᠠᠯᠭᠠᠰᠤᠨ ᠤ ᠣᠷᠳᠣᠨ ᠤ ᠡᠷᠳᠡᠨᠢ — — ᠬᠠᠨ ᠤᠯᠤᠰ  ᠤᠨ ᠦᠶ᠎ᠡ ᠶᠢᠨ ᠡᠷᠲᠡᠨ ᠤ ᠠᠷᠢᠬᠢ ᠪᠣᠷᠣ ᠲᠣᠬᠤᠢ ᠶᠢᠨ ᠠᠷᠢᠬᠢ ᠨᠡᠷᠡᠭᠰᠡᠨ ᠲᠡᠤᠬᠡ ᠶᠢ ᠨᠠᠩ ᠴᠤ ᠪᠠᠷᠠᠭᠤᠨ ᠬᠠᠨ ᠤᠯᠤᠰ ᠠᠴᠠ ᠦᠶ᠎ᠡ ᠬᠦᠷᠲᠡᠯ᠎ᠡ ᠮᠥᠷᠳᠡᠵᠦ᠂ ᠪᠠᠰᠠ ᠬᠤᠸᠠ ᠰᠢᠶᠠ ᠠᠷᠢᠬᠢ ᠶᠢᠨ ᠢᠷᠡᠯᠲᠡ ᠶᠢᠨ ᠭᠠᠵᠠᠷ ᠲᠤ ᠪᠣᠳᠠᠲᠤ ᠭᠡᠷᠡᠴᠢ ᠣᠯᠵᠤ ᠥᠭᠴᠡᠶ᠃      ᠰᠠᠶᠢᠨ ᠠᠷᠢᠬᠢ ᠰᠠᠶᠢᠨ ᠤᠰᠤᠨ ᠠᠴᠠ ᠢᠷᠡᠯᠲᠡ ᠲᠠᠢ᠂ ᠨᠡᠷᠡᠲᠦ ᠠᠷᠢᠬᠢ ᠯᠠᠪᠲᠠᠶ ᠰᠠᠶᠢᠨ ᠪᠤᠯᠠᠭ  ᠪᠠᠶᠢᠳᠠᠭ᠃ ᠵᠤᠤ ᠵᠢᠶᠦ᠋ᠨ ᠦᠵᠡᠰᠬᠦᠯᠡᠩᠲᠦ ᠰᠠᠢᠬᠠᠨ ᠳᠣᠮᠤᠭ ᠢᠶᠠᠷ ᠵᠣᠷᠴᠢᠭᠰᠠᠨ ᠭᠦᠩ ᠵᠦ ᠴᠢᠤᠸᠠᠨ ᠪᠤᠯᠠᠭ ᠨᠢ ᠪᠣᠷᠣᠲᠣᠬᠤᠶ ᠶᠢᠨ ᠠᠷᠢᠬᠢᠨ ᠦᠢᠯᠡᠰ ᠤᠨ ᠠᠵᠤ ᠦᠢᠯᠡᠳᠪᠦᠷᠢ ᠶᠢᠨ ᠵᠤᠭᠠᠴᠠᠯ ᠤᠨ ᠣᠷᠣᠨ ᠳᠤ ᠪᠠᠶᠢᠷᠢᠯᠠᠵᠤ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ  ᠵᠥᠢᠯᠡᠰ ᠤᠨ ᠬᠠᠮᠠᠭᠠᠯᠠᠯᠲᠠ ᠶᠢᠨ ᠨᠢᠭᠡᠴᠡ ᠪᠣᠯᠤᠨ᠎ᠠ᠃ ᠵᠤᠤ ᠵᠢᠶᠦ᠋ᠨ ᠡᠮᠡᠭᠡᠯ ᠬᠠᠵᠠᠭᠠᠷ ᠢᠶᠠᠨ ᠢᠯᠪᠢᠵᠦ᠂ ᠮᠣᠷᠢᠨ ᠤ ᠲᠤᠭᠤᠷᠠᠶ ᠤᠯᠠᠯᠵᠠᠨ ᠬᠠᠷᠠᠭᠳᠠᠨ᠎ᠠ᠃ ᠵᠤᠤ ᠵᠢᠶᠦ᠋ᠨ ᠤ ᠠᠰᠪᠤᠷ ᠴᠠᠭᠠᠪᠤᠷ ᠰᠡᠳᠬᠢᠯ ᠨᠢ ᠮᠢᠩᠭᠠᠨ ᠵᠢᠯ ᠦᠷᠭᠦᠯᠵᠢᠯᠡᠵᠦ᠂ ᠠᠮᠲᠠ ᠰᠢᠮᠳᠠ ᠲᠠᠢ ᠨᠡᠶᠢᠲᠡ ᠶᠢᠨ ᠡᠵᠡᠨ ᠪᠢᠯᠢᠭᠲᠦ ᠪᠤᠯᠠᠭ ᠪᠣᠯᠤᠭᠰᠠᠨ ᠪᠠᠶᠢᠨ᠎ᠠ᠃  ᠪᠣᠷᠣᠲᠣᠬᠤᠶ ᠶᠢᠨ ᠠᠷᠢᠬᠢ ᠶᠢᠨ ᠦᠢᠯᠡᠰ ᠤᠨ ᠠᠵᠤ  ᠦᠢᠯᠡᠳᠪᠦᠷᠢ ᠶᠢᠨ ᠵᠤᠭᠠᠴᠠᠯ ᠤᠨ ᠣᠷᠣᠨ ᠵᠤᠭᠠᠴᠠᠭᠰᠠᠳ ᠲᠤ ᠠᠷᠢᠬᠢ ᠵᠠᠬᠢᠶᠠᠯᠠᠨ  ᠦᠢᠯᠡᠳᠬᠦ  ᠦᠢᠯᠡᠴᠢᠯᠡᠭᠡᠨᠨ ᠤ ᠲᠥᠪ ᠨᠡᠮᠡᠨ ᠪᠠᠢᠭᠤᠯᠵᠤ᠂ ᠠᠳᠡ ᠵᠤᠭᠠᠴᠠᠭᠰᠠᠳ ᠥᠪᠡᠷ ᠤᠨ ᠬᠡᠷᠡᠭᠴᠡᠭᠡ ᠪᠠᠨ ᠦᠨᠳᠦᠰᠦᠯᠡᠨ ᠥᠪᠡᠷ ᠤᠨ ᠲᠤᠰᠬᠠᠶ ᠬᠡᠷᠡᠭᠯᠡᠭᠡᠨ ᠤ ᠠᠷᠢᠬᠢ ᠪᠠᠨ ᠲᠣᠭᠲᠠᠭᠠᠵᠤ ᠪᠣᠯᠬᠤ ᠪᠥᠭᠡᠳ ᠠᠳᠡ ᠤᠯᠤᠰ ᠠᠴᠠ ᠲᠡᠰ ᠤᠨ ᠠᠷᠢᠬᠢ ᠠᠮᠲᠠᠯᠠᠭᠴᠢ ᠲᠠᠢ ᠠᠷᠢᠬᠢ ᠤᠤᠭᠤᠵᠤ᠂ ᠠᠷᠢᠬᠢ ᠶᠠᠷᠢᠯᠴᠠᠵᠤ᠂ ᠰᠠᠨᠠᠯ ᠢᠶᠠᠨ ᠰᠣᠯᠢᠯᠴᠠᠵᠤ ᠪᠣᠯᠤᠨ᠎ᠠ᠃      ᠪᠣᠷᠣᠲᠣᠬᠤᠶ ᠶᠢᠨ ᠠᠷᠢᠬᠢᠨ ᠦᠢᠯᠡᠰ ᠤᠨ ᠠᠵᠤ ᠦᠶ᠋ᠯᠡᠳᠪᠦᠷᠢ ᠵᠢᠭᠤᠯᠴᠢᠯᠠᠯ ᠤᠨ ᠣᠷᠣᠨ ᠤ ᠵᠠᠮ ᠬᠠᠷᠢᠯᠴᠠᠭ᠎ᠠ ᠳᠥᠭᠦᠮ ᠳᠥᠲᠡ᠂ ᠳᠥᠷᠪᠡᠨ ᠵᠦᠭ ᠨᠠᠶ᠋ᠮᠠᠨ ᠵᠣᠪᠬᠢᠰ ᠲᠤ ᠨᠡᠪᠲᠡᠷᠡᠨ᠎ᠡ᠃ ᠪᠠᠷᠠᠭᠤᠨᠰᠢ ᠰᠠᠨ ᠱᠧᠩ ᠬᠦᠩ ᠤᠰᠤᠨ ᠠᠰᠢᠭᠯᠠᠯᠲᠠ ᠶᠢᠨ ᠬᠦᠶ᠋ᠰᠦ ᠦᠵᠡᠮᠵᠢ ᠶᠢᠨ ᠣᠷᠣᠨ᠂ ᠨᠠᠷᠢᠨ ᠨᠠᠭᠤᠷ᠂ ᠵᠡᠭᠦᠳᠦ ᠵᠡᠷᠭᠡᠯᠭᠡᠨ ᠶᠡᠭᠡ ᠬᠠᠪᠴᠢᠯ ᠢᠶᠠᠷ ᠵᠤᠭᠠᠴᠠᠵᠤ ᠪᠣᠯᠤᠨ᠎ᠠ︔ ᠵᠡᠭᠦᠨᠰᠢ ᠪᠠᠨ ᠬᠤᠲᠠ ᠶᠢᠨ ᠨᠣᠭᠤᠭᠠᠨ ᠭᠠᠵᠠᠷ — ᠬᠠᠳᠤᠨ ᠭᠤᠤᠯ ᠤᠨ ᠨᠤᠭᠤ ᠭᠠᠵᠠᠷ ᠤᠨ ᠴᠡᠴᠡᠷᠯᠢᠭ ᠪᠠᠶᠢᠵᠤ᠂ ᠤᠮᠠᠷᠠᠰᠢ ᠤᠷᠠᠳ ᠤᠨ ᠬᠤᠶᠢᠲᠤ ᠬᠤᠰᠢᠭᠤᠨ ᠤ ᠪᠠᠯᠠᠷ ᠡᠷᠲᠡᠨ ᠤ ᠠᠮᠢ ᠠᠬᠤᠢ ᠶᠢᠨ ᠨᠤᠲᠤᠭ ᠪᠡᠯᠴᠢᠭᠡᠷ ᠲᠤ ᠣᠢᠷᠠᠲᠤᠵᠤ᠂ ᠠᠭᠯᠠᠭ ᠠᠭᠤᠯᠠ ᠶᠢᠨ ᠬᠠᠳᠠᠨ ᠰᠡᠶᠢᠯᠦᠮᠡᠯ ᠤᠨ ᠴᠤᠭ ᠵᠢᠪᠬᠤᠭ᠎ᠠ ᠶᠢ ᠣᠶᠢᠯᠠᠭᠠᠵᠤ ᠪᠣᠯᠤᠨ᠎ᠠ᠃      ︽ᠥᠪᠥᠷ ᠮᠣᠩᠭᠤᠯ ᠤᠨ ᠠᠷᠢᠬᠢᠨ ᠰᠣᠶᠣᠯ ᠤᠨ ᠮᠦᠽᠧᠶ︾ ᠨᠢ ᠥᠪᠥᠷ ᠮᠣᠩᠭᠤᠯ ᠤᠨ ᠬᠠᠩᠭᠢᠨ ᠬᠤᠶᠢᠲᠤ ᠬᠤᠰᠢᠭᠤᠨ ᠤ ᠱᠠᠮᠪᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠵᠡᠭᠡᠯᠢ ᠶᠢᠨ 39 ᠳ᠋ᠦᠭᠡᠷ ᠨᠣᠮᠧᠷ᠂ ᠳᠠᠷᠤᠶ ᠥᠪᠥᠷ ᠮᠣᠩᠭᠤᠯ ᠤᠨ ᠪᠣᠷᠣᠲᠣᠬᠤᠶ ᠶᠢᠨ ᠠᠷᠢᠬᠢᠨ ᠤ ᠦᠢᠯᠡᠰ ᠤᠨ ᠪᠦᠯᠦᠭᠯᠡᠯ ᠤᠨ  ᠪᠠᠶᠢᠭ᠎ᠠ ᠭᠠᠵᠠᠷ ᠪᠣᠯᠤᠨ᠎ᠠ᠃ ᠡᠨᠡ ᠪᠣᠯ ᠥᠪᠥᠷ ᠮᠣᠩᠭᠤᠯ ᠤᠨ ᠠᠩᠬᠠᠳᠠᠭᠴᠢ ᠠᠵᠤ ᠠᠬᠤᠶᠢᠯᠠᠯ ᠤᠨ ᠮᠦᠽᠧᠶ ᠮᠥᠨ᠂ ᠲᠡᠷᠡ ᠨᠢ ᠥᠪᠥᠷ ᠮᠣᠩᠭᠤᠯ ᠤᠨ ᠠᠷᠢᠬᠢ ᠶᠢᠨ ᠰᠣᠶᠣᠯ ᠤᠨ ᠥᠨᠢ ᠤᠳᠠᠭᠠᠨ ᠤᠯᠠᠮᠵᠢᠯᠠᠯᠲᠠᠢ ᠪᠥᠭᠡᠳ ᠪᠠᠯᠠᠷ ᠡᠷᠲᠡᠨ ᠤ ᠠᠷᠢᠬᠢ ᠶᠢᠨ ᠠᠶᠢᠵᠠᠮ ᠢ ᠳᠡᠯᠭᠡᠨ ᠦᠵᠡᠭᠦᠯᠵᠡᠶ᠃ ᠥᠪᠥᠷ ᠮᠣᠩᠭᠤᠯ ᠤᠨ ᠠᠷᠢᠬᠢᠨ ᠤ ᠰᠣᠶᠣᠯ ᠤᠨ ᠮᠦᠽᠧᠶ ᠨᠢ ᠥᠪᠥᠷ ᠮᠣᠩᠭᠤᠯ ᠤᠨ ᠡᠯ᠎ᠡ ᠭᠠᠵᠠᠷ ᠤᠨ ᠠᠷᠢᠬᠢ ᠲᠠᠢ ᠨᠢᠭᠲᠠ ᠬᠤᠯᠪᠣᠭ᠎ᠠ ᠲᠠᠢ ᠲᠡᠤᠬᠡ ᠶᠢᠨ ᠳᠤᠷᠠᠰᠬᠠᠯᠲᠤ  ᠵᠦᠢᠯᠡᠰ ᠪᠠ ᠪᠣᠷᠣᠲᠣᠬᠤᠶ ᠶᠢᠨ ᠠᠷᠢᠬᠢᠨ ᠤ ᠦᠢᠯᠡᠰ ᠤᠨ 50 ᠭᠠᠷᠤᠶ ᠵᠢᠯ ᠤᠨ ᠬᠥᠭᠵᠢᠯᠲᠡ ᠶᠢ ᠭᠡᠷᠡᠴᠢᠯᠡᠵᠦ ᠪᠣᠶ᠃
     ᠲᠣᠰ ᠮᠦᠽᠧᠶ 2800 ᠲᠡᠭᠰᠢ ᠳᠥᠷᠪᠡᠯᠵᠢᠨ ᠮᠧᠲᠷ ᠲᠠᠯᠠᠪᠠᠢ ᠲᠠᠢ᠂ 1500 ᠲᠡᠭᠰᠢ ᠳᠥᠷᠪᠡᠯᠵᠢᠨ ᠮᠧᠲᠷ ᠤᠨ ᠦᠵᠡᠭᠦᠯᠦᠯᠭᠡ ᠶᠢᠨ ᠲᠢᠩᠬᠢᠮ ᠲᠠᠢ᠂ 350 ᠭᠠᠷᠤᠶ ᠬᠤᠪᠢ ᠲᠡᠤᠬᠡ ᠶᠢᠨ ᠳᠤᠷᠠᠰᠬᠠᠯᠲᠤ ᠵᠦᠶ᠋ᠯᠡᠰ ᠲᠠᠢ᠂ ︽ᠠᠯᠲᠠᠨ ᠬᠤᠨᠳᠠᠭ᠎ᠠ ᠠᠷᠢᠬᠢ᠂ ᠠᠵᠢᠨᠠᠶ ᠬᠦᠯᠦᠭ ᠲᠩᠷᠢ ᠶᠢᠨ ᠪᠣᠱᠣᠭᠲᠤ — ᠥᠪᠥᠷ ᠮᠣᠩᠭᠤᠯ ᠤᠨ ᠠᠷᠢᠬᠢᠨ ᠰᠣᠶᠣᠯ ᠤᠨ ᠦᠵᠡᠰᠬᠦᠯᠡᠩ︾ ᠪᠣᠯᠤᠨ ︽ᠪᠣᠷᠣ ᠲᠣᠬᠤᠢ ᠶᠢᠨ ᠠᠷᠢᠬᠢᠨ ᠦᠢᠯᠡᠰ ᠤᠨ ᠲᠠᠪᠢᠨ ᠵᠢᠯ ᠤᠨ ᠲᠡᠮᠡᠴᠡᠯ ᠤᠨ ᠥᠩᠭᠡᠷᠡᠯᠲᠡ︾ ᠪᠠᠷ᠎ᠠ ᠭᠤᠤᠯ ᠰᠡᠳᠦᠪ ᠪᠣᠯᠭᠠᠵᠤ᠂ ᠥᠪᠥᠷ ᠮᠣᠩᠭᠤᠯ‌ᠣᠷᠣᠨ   ᠤ 4500 ᠵᠢᠯ ᠤᠨ ᠠᠷᠢᠬᠢ ᠨᠡᠷᠡᠭᠰᠡᠨ ᠲᠡᠤᠬᠡ ᠶᠢ ᠬᠤᠷᠢᠶᠠᠩᠭᠤᠶᠢᠯᠠᠭᠰᠠᠨ ᠪᠣᠯᠬᠤᠷ ᠲᠠᠯ᠎ᠠ ᠨᠤᠲᠤᠭ ᠤᠨ ᠨᠡᠶᠢᠲᠡᠯᠢᠭ ᠵᠢᠱᠢᠶ᠎ᠡ ᠲᠠᠢ ᠶᠤᠮ᠃

     ᠮᠦᠽᠧᠶ ᠶᠢ ᠳᠣᠤᠷᠠᠬᠢ ᠮᠡᠲᠦ ᠲᠠᠪᠤᠨ ᠬᠡᠰᠡᠭ ᠲᠤ ᠬᠤᠪᠢᠶᠠᠨ᠎ᠠ᠄

     ᠨᠢᠭᠡᠳᠦᠭᠡᠷ ᠬᠡᠰᠡᠭ ᠨᠢ᠂ ︽ᠲᠠᠯ᠎ᠠ ᠨᠤᠲᠤᠭ ᠤᠨ ᠠᠷᠢᠬᠢᠨ ᠤᠷᠠᠯᠢᠭ ᠤᠨ ᠮᠢᠩᠭᠠᠨ ᠤᠨ ᠤᠯᠠᠮᠵᠢᠯᠠᠯ︾ ᠳᠤ᠂ 4500 ᠵᠢᠯ ᠤᠨ ᠲᠤᠷᠰᠢᠬᠢ ᠥᠪᠥᠷ

ᠮᠣᠩᠭᠤᠯ ᠤᠨ ᠲᠠᠯ᠎ᠠ ᠨᠤᠲᠤᠭ ᠤᠨ ᠠᠷᠢᠬᠢ ᠨᠡᠷᠡᠬᠦ ᠮᠡᠷᠭᠡᠵᠢᠯ ᠪᠣᠯᠤᠨ ᠠᠷᠢᠬᠢ ᠨᠡᠷᠡᠬᠦ ᠪᠠᠭᠠᠵᠢ ᠬᠡᠷᠡᠭᠰᠡᠯ ᠢ ᠳᠡᠯᠭᠡᠨ ᠦᠵᠡᠭᠦᠯᠵᠡᠶ᠃ ᠲᠡᠤᠬᠡ ᠶᠢᠨ ᠳᠤᠷᠠᠰᠬᠠᠯᠲᠤ

ᠵᠦᠶ᠋ᠯ ᠳᠤ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠲᠣᠮᠣ ᠰᠣᠷᠣᠭᠤᠯ᠂ ᠤᠮᠠᠷᠠᠲᠤ ᠸᠧᠶ ᠤᠯᠤᠰ ᠠᠴᠠ ᠲᠣᠮᠣ ᠪᠣᠳᠣᠩ᠂ ᠠᠯᠲᠠᠨ ᠤᠯᠤᠰ ᠠᠴᠠ ᠦᠶ᠎ᠡ ᠶᠢᠨ

ᠴᠢᠯᠠᠭᠤᠨ ᠲᠡᠭᠡᠷᠮ᠎ᠡ᠂ ᠮᠤᠩ ᠶᠤᠸᠠᠨ ᠤ ᠠᠷᠢᠬᠢ ᠨᠡᠷᠡᠬᠦ ᠲᠣᠭᠤᠭ᠎ᠠ ᠵᠡᠷᠭᠡ ᠪᠣᠢ᠃

   ᠬᠤᠶᠠᠳᠤᠭᠠᠷ ᠬᠡᠰᠡᠭ ᠨᠢ᠂ ︽ᠠᠷᠢᠬᠢ ᠤᠤᠭᠤᠬᠤ ᠪᠠᠭᠠᠵᠢ ᠬᠡᠷᠡᠭᠰᠡᠯ ᠪᠦᠬᠦᠨ ᠢ ᠪᠠᠭᠲᠠᠭᠠᠵᠤ︾᠂ ᠡᠯ᠎ᠡ ᠴᠠᠭ ᠦᠶ᠎ᠡ ᠶᠢᠨ ᠥᠪᠥᠷ ᠮᠣᠩᠭᠤᠯ ᠤᠨ ᠡᠯ᠎ᠡ

ᠦᠨᠳᠦᠰᠦᠲᠡᠨ ᠤ ᠠᠷᠢᠬᠢ ᠬᠠᠳᠠᠭᠠᠯᠠᠬᠤ ᠬᠡᠷᠡᠭᠰᠡᠯ ᠪᠠ ᠠᠷᠢᠬᠢ ᠰᠠᠪᠠᠯᠠᠬᠤ ᠪᠠᠭᠠᠵᠢ ᠬᠡᠷᠡᠭᠰᠡᠯ ᠤᠨ ᠬᠤᠪᠢᠷᠠᠯᠲᠠ ᠶᠢ ᠳᠡᠯᠭᠡᠨ ᠦᠵᠡᠭᠦᠯᠦᠨ᠎ᠡ᠃ ᠲᠡᠤᠬᠡ ᠶᠢᠨ

ᠳᠤᠷᠠᠰᠬᠠᠯᠲᠤ ᠵᠦᠢᠯ  ᠳᠤ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠸᠠᠭᠠᠷ ᠰᠠᠪᠠ᠂ ᠥᠩᠭᠡᠲᠦ ᠸᠠᠭᠠᠷ ᠰᠠᠪᠠ᠂ ᠬᠠᠷ᠎ᠠ ᠸᠠᠭᠠᠷ ᠰᠠᠪᠠ ᠵᠢᠴᠢ ᠥᠪᠥᠷ

ᠮᠣᠩᠭᠤᠯ ᠤᠨ ᠡᠯ᠎ᠡ ᠦᠨᠳᠦᠰᠦᠲᠡᠨ ᠤ ᠠᠷᠢᠬᠢ ᠨᠡᠷᠡᠬᠦ ᠪᠠ ᠠᠷᠢᠬᠢ ᠬᠠᠳᠠᠭᠠᠯᠠᠬᠤ ᠪᠠᠭᠠᠵᠢ ᠬᠡᠷᠡᠭᠰᠡᠯ  ᠪᠠᠶᠢᠳᠠᠭ᠃

     ᠭᠤᠷᠪᠠᠳᠤᠭᠠᠷ ᠬᠡᠰᠡᠭ ᠲᠤ᠂ ︽ᠵᠠᠭᠤᠨ ᠦᠶ᠎ᠡ ᠶᠢᠨ ᠠᠷᠢᠬᠢᠨ ᠰᠠᠪᠠ ᠰᠠᠭᠠᠯᠢ︾᠂ ᠡᠷᠲᠡᠨ ᠠᠴᠠ ᠡᠳᠦᠭᠡ ᠪᠣᠯᠲᠠᠯᠠᠬᠢ ᠪᠦᠯᠢᠶᠡᠨ ᠠᠷᠢᠬᠢ᠂ ᠠᠷᠢᠬᠢ ᠬᠡᠮᠨᠡᠬᠦ

ᠪᠠ ᠠᠷᠢᠬᠢ ᠤᠤᠭᠤᠬᠤ ᠰᠠᠪᠠ ᠬᠡᠷᠡᠭᠰᠡᠯ ᠢ ᠳᠡᠯᠭᠡᠨ ᠦᠵᠡᠭᠦᠯᠵᠦ᠂ ᠲᠡᠭᠦᠨ ᠠᠴᠠ ᠴᠠᠭ ᠦᠶ᠎ᠡ ᠶᠢᠨ ᠬᠥᠭᠵᠢᠯᠲᠡ ᠪᠠ ᠡᠯ᠎ᠡ ᠦᠨᠳᠦᠰᠦᠲᠡᠨ ᠤ ᠠᠳᠠᠯᠢ ᠪᠤᠰᠤ ᠵᠠᠩ

ᠳᠠᠳᠬᠠᠯ ᠵᠢᠴᠢ ᠤᠷᠠᠯᠢᠭ ᠤᠨ ᠭᠤᠸ᠎ᠠ ᠲᠠᠭᠠᠰᠢᠶᠠᠯ ᠤᠨ ᠦᠵᠡᠯᠲᠡ ᠦᠵᠡᠵᠦ ᠭᠠᠷᠴᠤ ᠪᠣᠯᠤᠨ᠎ᠠ᠃ ᠳᠡᠯᠭᠡᠨ ᠦᠵᠡᠭᠦᠯᠬᠦ ᠲᠡᠤᠬᠡ ᠶᠢᠨ ᠳᠤᠷᠠᠰᠬᠠᠯᠲᠤ ᠵᠦᠢᠯ ᠳᠤ᠄

ᠳ᠋ᠦᠩ ᠬᠤ᠋ ᠦᠨᠳᠦᠰᠦᠲᠡᠨ ᠤ ᠤᠯᠠᠭᠠᠨ ᠱᠠᠭᠠᠵᠠᠩ᠂ ᠬᠦᠷᠡᠯ ᠬᠤᠨᠳᠠᠭ᠎ᠠ ᠵᠡᠷᠭᠡ︔ ᠾᠦᠩᠨᠦ ᠦᠨᠳᠦᠰᠦᠲᠡᠨ ᠤ ᠰᠢᠯ ᠪᠤᠳᠤᠭ᠂ ᠬᠦᠷᠡᠯ ᠬᠦᠵᠢ ᠵᠡᠷᠭᠡ ᡽ ᠲᠦᠷᠺ

ᠦᠨᠳᠦᠰᠦᠲᠡᠨ ᠤ ᠬᠤ ᠷᠧᠨ ᠲᠣᠯᠣᠭᠠᠶ ᠶᠢᠨ ᠮᠥᠩᠭᠦᠨ ᠳᠡᠪᠦᠷ᠎ᠡ᠂ ᠸᠠᠲ᠋ᠤᠷᠤ ᠮᠠᠶ᠋ᠢᠭ ᠤᠨ ᠮᠥᠩᠭᠦᠨ ᠬᠤᠨᠳᠠᠭ᠎ᠠ ᠵᠡᠷᠭᠡ︔ ᠬᠢᠳᠠᠨ ᠦᠨᠳᠦᠰᠦᠲᠡᠨ ᠤ ᠳᠣᠲᠣᠷ᠎ᠠ

ᠭᠤᠤᠷᠰᠤᠨ ᠤ ᠳᠡᠪᠦᠷ᠎ᠡ᠂ ᠴᠠᠭᠠᠨ ᠰᠢᠯ ᠪᠤᠳᠤᠭ ᠠᠷᠢᠬᠢᠨ ᠳᠡᠪᠦᠷ᠎ᠡ ᠵᠡᠷᠭᠡ︔ ᠵᠦᠷᠴᠢᠨ ᠤᠭᠰᠠᠭᠠᠲᠠᠨ ᠤ ᠬᠠᠰ ᠳᠡᠪᠦᠷ᠎ᠡ ᠬᠠᠪᠤᠷ ᠯᠣᠩᠬᠤ᠂ ᠵᠢᠶᠦ᠋ᠨ ᠶᠣᠣ ᠠᠶᠠᠭ᠎ᠠ

ᠵᠡᠷᠭᠡ᠃ ᠳ᠋ᠠᠩ ᠰᠢᠶᠠᠩ ᠦᠨᠳᠦᠰᠦᠲᠡᠨ ᠤ ᠠᠯᠲᠠᠨ ᠠᠶᠠᠭ᠎ᠠ᠂ ᠴᠠᠭᠠᠨ ᠰᠢᠯ ᠯᠣᠩᠬᠤ︔ ᠮᠣᠩᠭᠤᠯ ᠦᠨᠳᠦᠰᠦᠲᠡᠨ ᠤ ᠥᠨᠳᠥᠷ ᠬᠥᠯᠲᠦ ᠠᠯᠲᠠᠨ ᠬᠤᠨᠳᠠᠭ᠎ᠠ ᠪᠠ

ᠮᠥᠩᠭᠦᠨ ᠠᠶᠠᠭ᠎ᠠ ᠵᠡᠷᠭᠡ ᠡᠯ᠎ᠡ ᠵᠦᠶ᠋ᠯ ᠤᠨ ᠠᠷᠢᠬᠢᠨ ᠰᠠᠪᠠ᠃

     ᠳᠥᠷᠪᠡᠳᠦᠭᠡᠷ ᠪᠦᠯᠦᠭ ᠲᠤ᠂ ︽ᠠᠷᠢᠬᠢᠨ ᠤ ᠰᠤᠷᠲᠠᠯ ᠠᠷᠢᠬᠢᠨ ᠤ ᠵᠠᠩ ᠵᠠᠩᠰᠢᠯ ᠨᠠᠶ᠋ᠮᠠᠨ ᠬᠡᠮᠡᠷᠯᠢᠭ︾᠂ ᠭᠤᠤᠯᠳᠠᠭᠤ ᠬᠡᠳᠦᠨ ᠮᠢᠩᠭᠠᠨ ᠵᠢᠯ ᠤᠨ ᠲᠤᠷᠰᠢᠬᠢ

ᠥᠪᠥᠷ ᠮᠣᠩᠭᠤᠯ ᠤᠨ ᠠᠷᠢᠬᠢᠨ ᠬᠤᠷᠢᠮ᠂ ᠠᠷᠢᠬᠢᠨ ᠬᠤᠷᠢᠮ᠂ ᠠᠷᠢᠬᠢᠨ ᠲᠠᠬᠢᠯᠭ᠎ᠠ᠂ ᠠᠷᠢᠬᠢᠨ ᠵᠠᠷᠯᠢᠭ᠂ ᠠᠷᠢᠬᠢᠨ ᠠᠰᠠᠷ᠂ ᠠᠷᠢᠬᠢᠨ ᠰᠢᠯᠦᠭ ᠵᠡᠷᠭᠡ ᠶᠢ ᠳᠡᠯᠭᠡᠨ

ᠦᠵᠡᠭᠦᠯᠵᠡᠶ᠃

   ᠬᠤᠷᠢᠮ ᠨᠠᠢᠷ ᠤᠨ ᠳᠤᠷᠠᠰᠬᠠᠯᠲᠤ  ᠵᠦᠢᠯ  ᠳᠤ ᠮᠤᠨᠢ ᠠᠭᠤᠯᠠ ᠶᠢᠨ ᠬᠠᠳᠠᠨ ᠵᠢᠷᠤᠭ ᠤᠨ ᠨᠠᠶᠢᠷ ᠨᠠᠭᠠᠳᠤᠮ ᠤᠨ ᠵᠢᠷᠤᠭ᠂ ᠶᠤᠸᠠᠨ ᠤᠯᠤᠰ ᠠᠴᠠ ᠦᠶ᠎ᠡ ᠶᠢᠨ

ᠮᠣᠩᠭᠤᠯ ᠭᠡᠷ ᠤᠨ ᠬᠤᠷᠢᠮ ᠤᠨ ᠵᠢᠷᠤᠭ ᠵᠡᠷᠭᠡ ᠪᠠᠶ᠋ᠳᠠᠭ᠃ ᠠᠷᠢᠬᠢᠨ ᠪᠡᠯᠡᠭ ᠤᠨ ᠲᠡᠤᠬᠡᠨ ᠳᠤᠷᠠᠰᠬᠠᠯᠲᠤ ᠵᠦᠶ᠋ᠯᠡᠰ ᠲᠤ ᠳ᠋ᠦᠩ ᠬᠤ᠋ ᠦᠨᠳᠦᠰᠦᠲᠡᠨ ᠤ ᠬᠤᠤᠰ

ᠬᠤᠯᠪᠣᠮᠠᠯ ᠯᠠᠰᠠ᠂ ᠮᠣᠩᠭᠤᠯ ᠦᠨᠳᠦᠰᠦᠲᠡᠨ ᠤ ᠮᠥᠩᠭᠦᠨ ᠠᠶᠠᠭ᠎ᠠ᠂ ᠬᠠᠳᠠᠭ ᠨᠢᠭᠡ ᠢᠵᠢ  ᠪᠠᠶᠢᠳᠠᠭ᠃ ᠠᠷᠢᠬᠢᠨ ᠲᠠᠬᠢᠯᠭ᠎ᠠ ᠶᠢᠨ ᠲᠡᠤᠬᠡᠨ ᠳᠤᠷᠠᠰᠬᠠᠯᠲᠤ  

ᠵᠦᠢᠯᠡᠰ ᠲᠤ ᠮᠣᠩᠭᠤᠯ ᠦᠨᠳᠦᠰᠦᠲᠡᠨ ᠤ ᠵᠡᠰ ᠳᠡᠪᠦᠷ᠎ᠡ᠂ ᠡᠷᠲᠡᠨ ᠤ ᠵᠡᠰ ᠰᠢᠲᠠᠷ᠎ᠠ  ᠪᠠᠶᠢᠳᠠᠭ᠃ ᠠᠷᠢᠬᠢᠨ ᠮᠤᠬᠬᠤᠯᠠᠭ ᠤᠨ ᠳᠤᠷᠠᠰᠬᠠᠯᠲᠤ ᠡᠳ᠋ ᠲᠤ ᠭᠤᠤᠯᠴᠢ

ᠬᠤᠨᠳᠠᠭ᠎ᠠ᠂ ᠰᠡᠳᠬᠢᠯ ᠢ ᠡᠷᠭᠢᠭᠦᠯᠦᠭᠴᠢ ᠳᠡᠪᠦᠷ᠎ᠡ ᠵᠡᠷᠭᠡ ᠪᠠᠶ᠋ᠳᠠᠭ᠃ ᠠᠷᠢᠬᠢᠨ ᠰᠢᠯᠦᠭ ᠲᠤ ᠤᠮᠠᠷᠠᠲᠤ ᠸᠧᠶ ᠤᠯᠤᠰ ᠠᠴᠠ ᠠᠷᠰᠢ ᠶᠢᠨ ᠠᠭᠤᠶ ᠶᠢᠨ ᠳᠠᠬᠢᠯᠭ᠎ᠠ ᠶᠢᠨ

ᠪᠢᠴᠢᠭ᠂ ᠤᠮᠠᠷᠠᠲᠤ ᠴᠢ ᠤᠯᠤᠰ ᠠᠴᠠ ᠴᠡᠯᠡᠶ ᠶᠢᠨ ᠳᠠᠭᠤᠤ ᠵᠡᠷᠭᠡ ᠪᠣᠢ᠃

     ᠲᠠᠪᠤᠳᠤᠭᠠᠷ ᠬᠡᠰᠡᠭ ᠨᠢ᠂ ︽ᠨᠠᠷᠠᠰᠤ ᠶᠢᠰᠦᠨ ᠵᠧᠤ ᠶᠢᠨ ᠠᠩᠬᠢᠯᠤᠮ᠎ᠠ ᠦᠨᠦᠷ︾ ᠨᠢ ᠪᠣᠷᠣᠲᠣᠬᠤᠶ ᠶᠢᠨ ᠠᠷᠢᠬᠢᠨ ᠤ ᠦᠢᠯᠡᠰ ᠤᠨ ᠪᠦᠯᠦᠭᠯᠡᠯ ᠤᠨ

ᠦᠨᠳᠦᠰᠦᠨ ᠪᠠᠶᠢᠳᠠᠯ ᠵᠢᠴᠢ ᠦᠷ᠎ᠡ ᠶᠢᠨ 30 ᠵᠢᠯ ᠤᠨ ᠲᠤᠷᠰᠢᠬᠢ ᠪᠣᠷᠣᠲᠣᠬᠤᠶ ᠶᠢᠨ ᠠᠷᠢᠬᠢᠨ ᠤ ᠦᠢᠯᠡᠰ ᠤᠨ ᠪᠦᠯᠦᠭᠯᠡᠯ ᠤᠨ ᠬᠡᠰᠡᠭ ᠪᠦᠲᠦᠭᠡᠭᠳᠡᠬᠦᠨ ᠢ 400

ᠭᠠᠷᠤᠶ ᠵᠦᠢᠯ ᠢᠯᠡᠷᠡᠭᠦᠯᠵᠦ᠂ ᠪᠣᠷᠣᠲᠣᠬᠤᠶ ᠶᠢᠨ ᠠᠷᠢᠬᠢᠨ ᠤ ᠦᠢᠯᠡᠰ ᠤᠨ ᠪᠦᠯᠦᠭᠯᠡᠯ ᠤᠨ ᠲᠠᠪᠢᠨ ᠵᠢᠯ ᠤᠨ ᠲᠤᠷᠰᠢ ᠰᠠᠯᠬᠢ ᠪᠣᠷᠣᠭᠠᠨ ᠢ ᠥᠩᠭᠡᠷᠡᠭᠦᠯᠵᠦ᠂ ᠨᠡᠷ᠎ᠡ

ᠨᠢᠳᠡᠷ ᠲᠡᠭᠡᠨ ᠦᠯᠦ ᠨᠡᠶᠢᠴᠡᠬᠦ ᠠᠷᠢᠬᠢ ᠨᠡᠷᠡᠭᠰᠡᠨ ᠠᠴᠠ ᠣᠳᠣ ᠶᠢᠨ ᠥᠪᠥᠷ ᠮᠣᠩᠭᠤᠯ ᠤᠨ ᠭᠤᠤᠯᠳᠠᠯᠭ᠎ᠠ ᠲᠠᠢ ᠲᠣᠮᠣ ᠬᠡᠯᠪᠡᠷᠢ ᠶᠢᠨ ᠠᠵᠤ ᠠᠬᠤᠢᠯᠠᠯ ᠤᠨ ᠨᠢᠭᠡ

ᠪᠣᠯᠵᠤ᠂ ᠪᠣᠷᠣᠲᠣᠬᠤᠶ ᠶᠢᠨ ᠠᠷᠢᠬᠢᠨ ᠤ ᠦᠢᠯᠡᠰ ᠤᠨ ᠪᠣᠳᠠᠲᠤ ᠬᠦᠴᠦᠨ ᠢ ᠢᠯᠡᠷᠡᠭᠦᠯᠪᠡ᠃

    ᠪᠣᠷᠣᠲᠣᠬᠤᠶ  ᠶᠢᠨ ᠰᠢᠷᠢᠰ ᠠᠷᠢᠬᠢ ᠨᠢ ᠳᠣᠲᠣᠭᠠᠳᠤ ᠭᠠᠳᠠᠭᠠᠳᠤ ᠳᠤ ᠠᠯᠳᠠᠷᠰᠢᠵᠤ᠂ ᠨᠠᠷᠢᠯᠢᠭ ᠰᠠᠶᠢᠬᠠᠨ ᠠᠷᠢᠬᠢ ᠨᠡᠷᠡᠬᠦ ᠤᠷᠠᠯᠠᠯ ᠨᠢ ᠶᠠᠷᠢᠶᠠᠨ ᠦᠭᠡᠢ᠂

ᠬᠡᠷᠡᠭᠯᠡᠭᠰᠡᠨ ᠤᠰᠤᠨ ᠬᠤᠳᠳᠤᠭ ᠨᠢ ᠴᠦ ᠭᠡᠳ ᠪᠠᠯᠠᠷᠠᠰᠢ ᠦᠭᠡᠢ ᠶᠤᠮ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠪᠠᠶᠢᠳᠠᠯ ᠢ ᠦᠨᠳᠦᠰᠦᠯᠡᠪᠡᠯ᠂

ᠬᠤᠳᠳᠤᠭ ᠤᠨ ᠤᠰᠤᠨ ᠳᠤ ᠣᠯᠠᠨ ᠵᠦᠢᠯ ᠤᠨ ᠪᠢᠴᠢᠯ ᠡᠯᠧᠮᠧᠨ᠋ᠲ ᠠᠭᠤᠯᠤᠭᠳᠠᠵᠤ᠂ ᠤᠰᠤᠨ ᠤ ᠴᠢᠨᠠᠷ ᠰᠠᠶᠢᠨ ᠪᠠᠶᠢᠵᠤ᠂ ᠴᠢᠨᠠᠷ ᠰᠠᠶᠢᠲᠠᠶ ᠠᠭᠤᠷᠬᠠᠢ ᠶᠢᠨ

ᠤᠰᠤ ᠲᠠᠢ ᠬᠠᠷᠢᠴᠠᠭᠤᠯᠪᠠᠯ ᠥᠴᠦᠬᠡᠨ ᠴᠦ ᠳᠣᠤᠷᠠᠳᠠᠬᠤ ᠦᠭᠡᠢ ᠶᠤᠮ᠃ ᠡᠨᠡ ᠬᠤᠳᠳᠤᠭ ᠤᠨ ᠢᠷᠡᠯᠲᠡ ᠨᠢ ᠨᠢᠭᠡ ᠬᠡᠰᠡᠭ ᠬᠥᠮᠦᠨ ᠪᠦᠬᠦᠨ ᠤ ᠮᠡᠳᠡᠳᠡᠭ

ᠳᠣᠮᠤᠭ ᠦᠯᠢᠭᠡᠷ ᠲᠠᠢ᠃

     ᠪᠠᠷᠠᠭᠤᠨ ᠬᠠᠨ ᠤᠯᠤᠰ ᠠᠴᠠ ᠰᠡᠭᠦᠯᠴᠢ ᠶᠢᠨ  ᠦᠶ᠎ᠡ ᠳᠤ᠂ ᠵᠤᠤ ᠵᠢᠶᠦ᠋ᠨ ᠬᠡᠤᠬᠡᠨ ᠴᠠᠶᠢᠵᠠ ᠳᠤ ᠭᠠᠷᠴᠤ ᠲᠥᠷᠥᠯ ᠰᠠᠳᠤᠨ ᠲᠠᠢ ᠪᠠᠨ ᠨᠡᠶᠢᠯᠡᠵᠦ᠂ ᠨᠢᠭ᠋  

ᠬᠤ᠋ ᠱᠣ᠋ ᠣᠪᠣᠭᠲᠠᠨ ᠢᠶᠠᠷ ᠡᠷᠭᠦᠮᠵᠢᠯᠡᠭᠳᠡᠬᠦ  ᠦᠶ᠎ᠡ  ᠳᠤ᠂ ᠭᠠᠳᠠᠭᠰᠢ ᠭᠠᠷᠴᠤ ᠨᠤᠲᠤᠭ ᠢᠶᠠᠨ ᠮᠥᠷᠥᠭᠡᠳᠬᠦ ᠰᠡᠳᠬᠢᠯᠭᠡ ᠪᠠᠨ ᠲᠠᠶᠢᠯᠵᠤ᠂ ᠬᠦᠵᠦᠭᠦᠤ ᠪᠠᠨ ᠠᠯᠤᠰ

ᠬᠤᠯᠠ ᠰᠢᠳᠡᠵᠦ᠂ ᠲᠡᠷᠡ ᠬᠠᠰ ᠵᠡᠭᠦᠯᠲᠡ ᠭᠠᠵᠠᠷ ᠤᠨᠠᠭᠰᠠᠨ ᠬᠤᠶᠢᠨ᠎ᠠ ᠳᠠᠭᠤ ᠨᠢ ᠴᠡᠪᠡᠷ ᠴᠡᠭᠡᠯᠬᠡᠨ ᠪᠠᠶᠢᠯ᠎ᠠ᠃ ᠴᠡᠷᠢᠭ ᠤᠨ ᠨᠣᠶᠠᠳ ᠢ ᠳᠠᠭᠤ ᠭᠠᠷᠤᠭᠰᠠᠨ ᠭᠠᠵᠠᠷ

ᠵᠦᠭ ᠡᠷᠢᠬᠦ ᠳᠤ᠂ ᠬᠠᠰ ᠵᠡᠭᠦᠯᠲᠡ ᠶᠢᠨ ᠬᠠᠵᠠᠭᠤᠳᠠ ᠬᠤᠶᠠᠷ ᠰᠡᠢᠯᠦᠮᠡᠯ ᠰᠤᠮᠤ ᠬᠠᠳᠬᠤᠭᠰᠠᠨ ᠢ ᠣᠯᠵᠤ ᠬᠠᠷᠠᠪᠠ᠂ ᠵᠤᠤ ᠵᠢᠶᠦ᠋ᠨ ᠪᠣᠯᠤᠨ ᠱᠠᠨ ᠢᠦᠶ ᠮᠠᠰᠢ

ᠭᠠᠶᠢᠬᠠᠵᠤ᠂ ᠴᠡᠷᠢᠭ ᠤᠨ ᠨᠣᠶᠠᠳ ᠢ ᠠᠳᠡ ᠮᠠᠯᠲᠠᠨ᠂ ᠪᠠᠷᠤᠭ ᠨᠢᠭᠡ ᠬᠤᠤᠰ ᠠᠯᠲᠠ ᠬᠡᠳᠦᠶ ᠭᠦᠨ ᠪᠠᠶ᠋ᠬᠤ ᠦᠶᠡᠰ᠂ ᠲᠤᠩᠭᠠᠯᠠᠭ ᠪᠤᠯᠠᠭ ᠣᠷᠭᠢᠯᠤᠨ ᠭᠠᠷᠴᠤ

ᠢᠷᠡᠬᠦ ᠶᠢ ᠣᠯᠵᠤ ᠬᠠᠷᠠᠨ᠎ᠠ᠂ ᠲᠤᠩᠭᠠᠯᠠᠭ ᠪᠤᠯᠠᠭ ᠳᠣᠲᠣᠷᠠᠬᠢ ᠬᠤᠶᠠᠷ ᠬᠠᠰ ᠪᠠᠭᠤᠪᠴᠢ ᠨᠠᠩ ᠴᠤ ᠭᠢᠯᠠᠯᠵᠠᠮ᠎ᠠ ᠬᠠᠷᠠᠭᠳᠠᠨ᠎ᠠ᠃ ᠱᠦᠭᠦᠵᠦ ᠦᠵᠡᠭᠰᠡᠨ ᠳᠤ ᠬᠠᠰ

ᠪᠠᠭᠤᠪᠴᠢ ᠴᠠᠰᠤ ᠰᠢᠭ᠋ ᠴᠠᠭᠠᠨ᠂ ᠭᠢᠯᠲᠠᠭᠠᠨᠠᠮ᠎ᠠ ᠲᠤᠩᠭᠠᠯᠠᠭ᠂ ᠵᠢᠭᠠᠬᠠᠨ ᠴᠤ ᠦᠭᠡᠢ᠃ ᠭᠠᠭᠴᠠ ᠢᠦᠢ ᠪᠠᠶᠠᠷᠲᠠᠢ ᠪᠠᠷ᠄ ︽ᠰᠢ ᠣᠪᠣᠭᠲᠤ ᠶᠢᠨ ᠡᠷᠳᠡᠨᠢ ᠬᠠᠰ ᠢ

ᠣᠯᠤᠭᠰᠠᠨ ᠳᠤ ᠪᠠᠶᠠᠷ ᠬᠦᠷᠭᠡᠵᠦ ᠪᠠᠶᠢᠨ᠎ᠠ᠂ ᠦᠨᠡᠨ ᠪᠤᠶᠠᠨ ᠲᠠᠢ᠃ ᠵᠤᠤ ᠵᠢᠶᠦ᠋ᠨ ᠳᠤ ᠥᠪᠡᠷ ᠤᠨ ᠭᠠᠷ ᠢᠶᠠᠷ ᠢᠶᠠᠨ ᠵᠡᠭᠦᠯᠭᠡᠪᠡ᠃ ᠵᠤᠤ ᠵᠢᠶᠦ᠋ᠨ ᠳᠣᠤᠷ᠎ᠠ ᠪᠠᠨ

ᠪᠡᠶ᠎ᠡ ᠳᠦᠭᠦᠷᠡᠩ ᠰᠡᠷᠢᠭᠦᠨ᠂ ᠮᠠᠰᠢ ᠲᠠᠭᠠᠯᠠᠮᠵᠢᠲᠠᠶ ᠰᠠᠨᠠᠭᠳᠠᠪᠠ᠃ ᠪᠤᠯᠠᠭ ᠤᠨ ᠤᠰᠤᠨ ᠤ ᠠᠮᠲᠠ ᠶᠢ ᠠᠮᠲᠠᠯᠠᠬᠤ ᠳᠤ ᠵᠤᠤ ᠵᠢᠶᠦ᠋ᠨ ᠴᠦ ᠮᠠᠰᠢ ᠪᠠᠶᠠᠷᠯᠠᠵᠤ᠄ ︽

ᠲᠡᠭᠷᠢ ᠳᠤ ᠭᠠᠷᠴᠤ ᠡᠮᠭᠡᠨᠢᠨ ᠭᠠᠰᠢᠭᠤᠳᠠᠵᠤ᠂ ᠨᠠᠳᠠ ᠳᠤ ᠬᠤᠪᠢᠯᠭᠠᠨ ᠡᠳ᠋ ᠰᠣᠶᠣᠷᠬᠠᠨ᠎ᠠ᠂ ᠡᠨᠡ ᠲᠤᠩᠭᠠᠯᠠᠭ ᠪᠤᠯᠠᠭ ᠡᠭᠦᠨ ᠠᠴᠠ ᠪᠣᠯᠵᠤ ᠰᠦᠨᠡᠰᠦ ᠪᠠᠨ ᠠᠯᠳᠠᠵᠤ

ᠪᠣᠯᠬᠤ ᠦᠭᠡᠢ᠃︾ ᠭᠡᠵᠡᠶ᠃

     ᠭᠠᠭᠴᠠ ᠬᠦ ᠸᠠᠩ ᠲᠢᠩ ᠳᠡᠭᠡᠨ ᠪᠤᠴᠠᠭᠰᠠᠨ ᠤ ᠳᠠᠷᠠᠭ᠎ᠠ᠂ ᠵᠤᠤ ᠵᠢᠶᠦ᠋ᠨ ᠪᠣᠯ ᠬᠤᠸᠠᠩ ᠲᠠᠶᠢᠵᠢ ᠵᠢᠷᠤᠮ ᠤᠨ ᠥᠬᠢᠨ᠂ ᠲᠤᠬᠠᠶᠢᠯᠠᠪᠠᠯ ᠬᠠᠨ ᠤᠯᠤᠰ ᠠᠴᠠ

ᠭᠦᠩ ᠡᠵᠡᠨ ᠤ ᠨᠡᠷ᠎ᠡ ᠪᠠᠷ ᠱᠠᠨ ᠢᠦᠶ ᠳᠤ ᠮᠣᠷᠳᠠᠭᠰᠠᠨ ᠲᠤᠯᠠ᠂ ᠭᠠᠨ ᠴᠢᠤᠸᠠᠨ ᠵᠤᠤ ᠵᠢᠶᠦ᠋ᠨ ᠢ ᠬᠠᠰ ᠡᠷᠳᠡᠨᠢ ᠳᠤ ᠣᠷᠣᠭᠤᠯᠤᠭᠰᠠᠨ ᠢᠶᠠᠷ ᠴᠣᠯᠭᠤᠷᠠᠨ

ᠭᠠᠷᠤᠭᠰᠠᠨ ᠲᠤᠯᠠ ᠭᠦᠩ ᠡᠵᠡᠨ ᠨᠡᠷ᠎ᠡ ᠠᠪᠴᠤ᠂ ᠬᠤᠳᠳᠤᠭ ᠤᠨ ᠬᠥᠪᠡᠭᠡᠨ ᠳᠤ ᠬᠥᠰᠢᠶ᠎ᠡ ᠪᠣᠰᠬᠠᠵᠤ᠂ ᠬᠥᠮᠦᠨ ᠲᠣᠮᠢᠯᠠᠨ ᠬᠠᠮᠠᠭᠠᠯᠠᠭᠤᠯᠵᠠᠶ᠃ ᠥᠨᠥᠳᠥᠷ ᠤᠨ

ᠠᠷᠢᠬᠢᠨ ᠠᠩᠬᠢᠯᠤᠮ᠎ᠠ ᠦᠨᠦᠷ ᠪᠣᠯ ᠵᠤᠤ ᠵᠢᠶᠦ᠋ᠨ ᠬᠡᠤᠬᠡᠨ ᠤ ᠪᠤᠯᠠᠭ ᠤᠨ ᠳᠣᠲᠣᠷ᠎ᠠ ᠣᠷᠣᠭᠤᠯᠤᠭᠰᠠᠨ ᠬᠠᠰ ᠵᠡᠭᠦᠯᠲᠡ ᠪᠠ ᠲᠣᠯᠣᠭᠠᠶ ᠳᠡᠭᠡᠷᠡᠬᠢ ᠬᠠᠰ

ᠬᠠᠳᠬᠤᠭᠤᠷ ᠨᠢ ᠪᠤᠯᠠᠭ ᠤᠨ ᠤᠰᠤ ᠶᠢ ᠷᠢᠳᠢ ᠰᠢᠳᠢ ᠲᠠᠢ ᠪᠣᠯᠭᠠᠵᠤ᠂ ᠭᠠᠶᠢᠬᠠᠮᠰᠢᠭᠲᠤ ᠪᠤᠯᠠᠭ ᠤᠨ ᠤᠰᠤ ᠨᠢ ᠣᠳᠣ ᠪᠣᠯᠲᠠᠯ᠎ᠠ ᠠᠷᠢᠭᠤᠨ ᠴᠡᠪᠡᠷ ᠠᠮᠲᠠᠲᠤ

ᠰᠠᠶᠢᠬᠠᠨ ᠠᠴᠠ ᠪᠣᠯᠤᠭᠰᠠᠨ ᠶᠤᠮ᠃

                   ᠴᠢᠨᠠᠷ ᠰᠠᠶᠢᠲᠠᠶ ᠤᠰᠤᠨ ᠰᠤᠷᠪᠤᠯᠵᠢ ᠶᠢᠨ ᠭᠠᠵᠠᠷ - ᠭᠦᠩ ᠡᠵᠡᠨ ᠪᠤᠯᠠᠭ

     ᠠᠷᠢᠬᠢᠨ ᠤ ᠰᠣᠶᠣᠯ ᠤᠨ ᠮᠦᠽᠧᠶ ᠠᠴᠠ ᠭᠠᠷᠴᠤ ᠢᠷᠡᠪᠡᠯ᠂ ᠰᠢᠯᠭᠠᠨ ᠪᠠᠶᠢᠴᠠᠭᠠᠬᠤ ᠲᠥᠪ᠂ ᠴᠡᠪᠡᠷ ᠤᠰᠤᠨ ᠤ ᠺᠣᠮᠫᠠᠨᠢ᠂ ᠪᠣᠭᠤᠳᠠᠯᠯᠠᠬᠤ

ᠦᠢᠯᠡᠳᠪᠦᠷᠢ ᠶᠢᠨ ᠲᠠᠰᠤᠭ᠂ ᠪᠤᠳᠤᠭᠲᠤ ᠬᠡᠪᠯᠡᠯ ᠤᠨ ᠦᠢᠯᠡᠳᠪᠦᠷᠢ ᠶᠢᠨ ᠲᠠᠰᠤᠭ᠂ 500 ᠲᠣᠨ ᠠᠷᠢᠬᠢᠨ ᠬᠥᠮᠥᠷᠭᠡ᠂ ᠤᠤᠯ ᠠᠷᠢᠬᠢᠨ ᠤ ᠦᠢᠯᠡᠳᠪᠦᠷᠢ ᠶᠢᠨ

ᠲᠠᠰᠤᠭ᠂ ᠠᠯᠪᠠᠨ ᠪᠤᠯᠠᠭ ᠪᠣᠯᠤᠨ᠎ᠠ᠃ ᠨᠡᠷᠡᠬᠦ ᠲᠠᠰᠤᠭ ᠨᠢ ᠮᠤᠨᠳᠠᠭ ᠶᠡᠭᠡ᠂ ᠲᠣᠨᠤᠭ ᠲᠥᠬᠦᠭᠡᠷᠦᠮᠵᠢ ᠨᠢ ᠳᠠᠪᠰᠢᠩᠭᠤᠶ᠂ ᠨᠡᠷᠡᠬᠦ ᠤᠷᠠᠯᠠᠯ ᠨᠢ ᠮᠠᠰᠢ ᠳᠠᠪᠰᠢᠩᠭᠤᠶ

ᠪᠠᠶ᠋ᠳᠠᠭ᠃

     ᠵᠤᠤ ᡁᠢ ᠵᠢᠶᠧ 18647809971 ᠸᠠᠩ ᠴᠢᠨ 15048849008

                    ᠪᠤᠷᠤᠲᠤᠬᠤᠢ ᠶᠢᠨ ᠠᠷᠢᠬᠢ ᠰᠠᠪᠠᠯᠠᠬᠤ ᠲᠠᠰᠤᠭ

                            ᠲᠦᠮᠡᠨ ᠲᠣᠨ ᠤ ᠤᠭ ᠠᠷᠢᠬᠢᠨ ᠬᠥᠮᠥᠷᠭᠡ

                         ᠪᠤᠷᠤᠲᠤᠬᠤᠢ ᠠᠷᠢᠬᠢᠨ ᠦᠢᠯᠡᠰ ᠤᠨ ᠪᠦᠯᠦᠭᠯᠡᠯ ᠤᠨ ᠰᠢᠨᠵᠢᠯᠡᠬᠦ

                                ᠤᠬᠠᠭᠠᠨ ᠮᠡᠷᠭᠡᠵᠢᠯ ᠤᠨ ᠲᠣᠮᠣ ᠠᠰᠠᠷ

   

ᠢᠷᠡᠯᠲᠡ᠄ ᠲᠤᠰ ᠰᠦᠯᠵᠢᠶ᠎ᠠ