ᠬᠠᠩᠬᠢᠨ ᠬᠤᠶᠢᠳᠣ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠪᠥᠭᠦᠳᠡ ᠭᠡᠰᠢᠭᠦᠨ ᠱᠠᠮᠪᠡ ᠪᠠᠭ᠎ᠠ ᠰᠤᠷᠭᠠᠭᠤᠯᠢ ᠶᠢᠨ ᠣᠨᠴᠠᠭᠠᠢ ᠰᠤᠷᠭᠠᠨ ᠬᠥᠮᠦᠵᠢᠯ ᠤᠨ ᠠᠩᠭᠢ ᠶᠢᠨ ᠪᠦᠬᠦ ᠪᠠᠭᠰᠢ ᠰᠤᠷᠤᠭᠴᠢᠳ ᠢ ᠡᠷᠭᠢᠨ ᠦᠵᠡᠪᠡ
ᠨᠡᠶᠢᠲᠡᠯᠡᠭᠰᠡᠨ ᠴᠠᠭ᠄
2019/10/1
     ᠥᠢᠷ᠎ᠠ ᠶᠢᠨ ᠡᠳᠦᠷ᠂ ᠬᠠᠩᠭᠢᠨ ᠬᠤᠶᠢᠳᠣ ᠬᠤᠰᠢᠭᠤᠨ ᠤ ᠵᠠᠰᠠᠭ ᠤᠨ ᠣᠷᠳᠣᠨ ᠤ ᠡᠷᠬᠢᠯᠡᠭᠰᠡᠨ ᠨᠠᠮ ᠤᠨ ᠡᠭᠦᠷ ᠤᠨ ᠪᠦᠬᠦ ᠭᠡᠰᠢᠭᠦᠳ ᠱᠠᠮᠪᠡ ᠪᠠᠭ᠎ᠠ ᠰᠤᠷᠭᠠᠭᠤᠯᠢ ᠶᠢᠨ ᠣᠨᠴᠠᠭᠠᠢ ᠰᠤᠷᠭᠠᠨ ᠬᠥᠮᠦᠵᠢᠯ ᠤᠨ ᠠᠩᠭᠢ ᠶᠢᠨ ᠪᠦᠬᠦ ᠪᠠᠭᠰᠢ ᠰᠤᠷᠤᠭᠴᠢᠳ ᠢ ᠡᠷᠭᠢᠨ ᠦᠵᠡᠪᠡ᠃      ᠣᠨᠴᠠᠭᠠᠢ ᠰᠤᠷᠭᠠᠨ ᠬᠥᠮᠦᠵᠢᠯ ᠤᠨ ᠠᠩᠭᠢ ᠶᠢᠨ ᠪᠠᠭᠰᠢ ᠰᠤᠷᠤᠭᠴᠢ ᠶᠢᠨ ᠲᠣᠭᠯᠠᠭᠰᠠᠨ ︽ᠳᠡᠯᠡᠬᠡᠶ ᠳ᠋ᠠᠬᠢᠨ ᠢ ᠬᠠᠶᠢᠷ᠎ᠠ ᠬᠠᠯᠠᠮᠵᠢ ᠪᠠᠷ ᠪᠢᠯᠬᠠᠮ᠎ᠠ︾᠂ ᠡᠷᠡᠭᠡᠯᠵᠡᠯ ᠤᠨ ᠮᠥᠴᠢ ᠶᠢᠨ ᠲᠠᠮᠢᠷ ︽ᠵᠢᠵᠢᠭ ᠰᠠᠵᠢᠭ︾ ᠨᠢ ᠪᠦᠬᠦ ᠨᠠᠮ ᠤᠨ ᠭᠡᠰᠢᠭᠦᠨ ᠢ ᠭᠦᠨ ᠨᠥᠯᠥᠭᠡᠯᠡᠪᠡ᠃ ᠨᠠᠮ ᠤᠨ ᠭᠡᠰᠢᠭᠦᠳ 23 ᠬᠡᠤᠬᠡᠳ ᠲᠤ ᠬᠥᠮᠦᠨ ᠪᠦᠷᠢ 500 ᠲᠥᠭᠦᠷᠢᠭ ᠲᠤᠰᠠᠯᠠᠵᠤ᠂ ᠲᠡᠳᠡᠨ ᠢ ᠬᠠᠪᠰᠤᠷᠤᠨ ᠠᠮᠢᠳᠤᠷᠠᠯ ᠤᠨ ᠬᠦᠴᠢᠷᠳᠡᠯ ᠢ ᠨᠢ  ᠰᠢᠢᠳᠪᠥᠷᠢᠯᠡᠵᠣ ᠥᠭᠪᠡ︔ ᠣᠨᠴᠠᠭᠠᠢ ᠰᠤᠷᠭᠠᠨ ᠬᠥᠮᠦᠵᠢᠯ ᠤᠨ ᠦᠢᠯᠡᠰ ᠢ ᠪᠠᠲᠤ ᠰᠠᠬᠢᠬᠤ ᠪᠠᠭᠰᠢ ᠨᠠᠷ ᠲᠤ ᠰᠣᠷᠭᠤᠭ ᠴᠡᠴᠡᠭ ᠬᠦᠷᠭᠡᠪᠡ᠃ ᠳᠠᠷᠠᠭ᠎ᠠ ᠨᠢ᠂ ᠪᠦᠬᠦ ᠨᠠᠮ ᠤᠨ ᠭᠡᠰᠢᠭᠦᠳ ᠬᠡᠤᠬᠡᠳ ᠲᠠᠢ ᠢᠶᠠᠨ ᠭᠠᠷ ᠰᠠᠪᠤᠩ  ᠥᠢᠯᠡᠳᠬᠦ᠂ ᠪᠣᠯᠣᠷ ᠡᠷᠢᠬᠡ ᠪᠠ ᠯᠧ ᠭᠤᠤ ᠶᠢᠨ ᠤᠭᠰᠠᠷᠠᠯᠲᠠ ᠵᠡᠷᠭᠡ ᠥᠪᠡᠷᠮᠢᠴᠡ ᠣᠨᠴᠠᠯᠢᠭ ᠲᠠᠢ ᠬᠢᠴᠢᠶᠡᠯ ᠤᠷᠤᠭᠰᠠᠨ ᠪᠠᠶᠢᠨ᠎ᠠ᠃
ᠢᠷᠡᠯᠲᠡ᠄ ᠲᠣᠰ ᠰᠥᠯᠵᠢᠶ᠎ᠡ