ᠲᠤᠭ᠎ᠠ ᠪᠦᠷᠢᠳᠭᠡᠯ ᠢᠶᠠᠷ ᠬᠠᠩᠭᠢᠨ ᠬᠤᠶᠢᠲᠤ ᠬᠤᠰᠢᠭᠤ ᠶᠢ ᠦᠵᠡᠬᠦ
ᠨᠡᠶᠢᠲᠡᠯᠡᠭᠰᠡᠨ ᠴᠠᠭ᠄
2019/12/2
     1 — 10 ᠰᠠᠷ᠎ᠠ ᠳᠤ᠂ ᠬᠠᠩᠭᠢᠨ ᠬᠤᠶᠢᠲᠤ ᠬᠤᠰᠢᠭᠤᠨ ᠤ ᠡᠳ᠋ ᠤᠨ ᠵᠠᠰᠠᠭ ᠤᠨ ᠵᠠᠷᠤᠯᠭ᠎ᠠ 187931 ᠲᠦᠮᠡᠨ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 13.0% ᠨᠡᠮᠡᠭᠳᠡᠪᠡ᠃      1-10 ᠰᠠᠷ᠎ᠠ᠂ ᠬᠠᠩᠭᠢᠨ ᠬᠤᠶᠢᠲᠤ ᠬᠤᠰᠢᠭᠤ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠬᠦ ᠬᠡᠮᠵᠢᠶ᠎ᠡ 53494 ᠲᠦᠮᠡᠨ ᠺᠢᠯᠣᠸᠠᠲ ᠤᠨ  ᠦᠶ᠎ᠡ ᠳᠤ᠂ ᠠᠳᠠᠯᠢ ᠬᠤᠭᠤᠴᠠᠭᠠᠨ ᠤ ᠬᠢ ᠠᠴᠠ 15.6% ᠪᠠᠷ ᠪᠠᠭᠤᠷᠠᠪᠠ᠃ ᠡᠭᠦᠨ ᠳᠤ ᠪᠥᠬᠦ ᠠᠵᠢᠯ ᠲᠥᠷᠥᠯ ᠤᠨ ᠴᠠᠬᠢᠯᠭᠠᠨ ᠬᠡᠷᠡᠭᠯᠡᠬᠦ ᠬᠡᠮᠵᠢᠶ᠎ᠡ 42760 ᠲᠦᠮᠡᠨ ᠺᠢᠯᠣᠸᠠᠲ ᠤᠨ ᠦᠶ᠎ᠡ ᠳᠤ᠂ ᠠᠳᠠᠯᠢ ᠬᠤᠭᠤᠴᠠᠭᠠᠨ ᠤ ᠬᠢ ᠠᠴᠠ 19.8% ᠪᠠᠷ ᠪᠠᠭᠤᠷᠠᠪᠠ᠃      1-10 ᠰᠠᠷ᠎ᠠ᠂ ᠬᠠᠩᠭᠢᠨ ᠬᠤᠶᠢᠲᠤ ᠬᠤᠰᠢᠭᠤ ᠮᠥᠩᠭᠦᠨ  ᠭᠦᠢᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ 1100385 ᠲᠦᠮᠡᠨ ᠲᠥᠭᠦᠷᠢᠭ᠂ ᠡᠭᠦᠨ ᠳᠤ ᠰᠠᠭᠤᠭᠠᠯᠢ ᠡᠷᠦᠬᠡ ᠶᠢᠨ ᠵᠢᠭᠡᠯᠡᠯᠭᠡ 858702 ᠲᠦᠮᠡᠨ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 5.4% ᠪᠠᠷ ᠨᠡᠮᠡᠭᠳᠡᠪᠡ᠃      1-10 ᠰᠠᠷ᠎ᠠ᠂ ᠬᠠᠩᠭᠠᠷᠢ ᠶᠢᠨ ᠡᠯ᠎ᠡ ᠵᠦᠢᠯ ᠤᠨ ᠳᠠᠭᠠᠳᠬᠠᠯ ᠤᠨ ᠵᠠᠷᠤᠳᠠᠯ ᠤᠨ ᠣᠷᠣᠯᠭ᠎ᠠ 35031 ᠲᠦᠮᠡᠨ ᠲᠥᠭᠦᠷᠢᠭ᠂ ᠡᠭᠦᠨ ᠳᠤ  ᠡᠳ᠋ ᠬᠥᠷᠥᠩᠭᠡ ᠶᠢᠨ ᠳᠠᠭᠠᠳᠬᠠᠯ ᠤᠨ ᠣᠷᠣᠯᠭ᠎ᠠ 8386 ᠲᠦᠮᠡᠨ ᠲᠥᠭᠦᠷᠢᠭ᠂ ᠠᠮᠢ ᠨᠠᠰᠤᠨ ᠤ ᠳᠠᠭᠠᠳᠬᠠᠯ ᠤᠨ ᠣᠷᠣᠯᠭ᠎ᠠ 26645 ᠲᠦᠮᠡᠨ ᠲᠥᠭᠦᠷᠢᠭ᠃      1-10 ᠰᠠᠷ᠎ᠠ᠂ ᠬᠠᠩᠭᠢᠨ ᠬᠤᠶᠢᠲᠤ ᠬᠤᠰᠢᠭᠤ ᠶᠢᠨ  ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠠᠵᠤ ᠠᠬᠤᠶᠢᠯᠠᠯ 344 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢᠨ ᠠᠰᠢᠭ ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ  ᠤ ᠬᠢ ᠠᠴᠠ 10990.3% ᠨᠡᠮᠡᠭᠳᠡᠪᠡ᠃      1-10 ᠰᠠᠷ᠎ᠠ ᠳᠤ᠂ ᠬᠠᠩᠭᠢᠨ ᠬᠤᠶᠢᠲᠤ  ᠬᠤᠰᠢᠭᠤᠨ ᠤ ᠡᠳ᠋ ᠤᠨ ᠵᠠᠰᠠᠭ ᠤᠨ ᠵᠠᠷᠤᠯᠭ᠎ᠠ ᠳᠤ᠂ ᠡᠩ ᠤᠨ ᠣᠯᠠᠨ ᠨᠡᠢᠲᠡ ᠶᠢᠨ ᠦᠢᠯᠡᠴᠢᠯᠡᠭᠡᠨ ᠤ ᠵᠠᠷᠤᠯᠭ᠎ᠠ 16029 ᠲᠦᠮᠡᠨ ᠲᠥᠭᠦᠷᠢᠭ  ᠪᠠᠶᠢᠵᠤ᠂ ᠠᠳᠠᠯᠢ ᠬᠤᠭᠤᠴᠠᠭᠠᠨ  ᠤ ᠬᠢ ᠠᠴᠠ 25.7% ᠪᠠᠷ ᠨᠡᠮᠡᠭᠳᠡᠵᠡᠢ᠃ ᠰᠤᠷᠭᠠᠨ ᠬᠥᠮᠦᠵᠢᠯ ᠤᠨ ᠵᠠᠷᠤᠯᠭ᠎ᠠ 25679 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.3 % ᠪᠠᠷ ᠨᠡᠮᠡᠭᠳᠡᠪᠡ᠃      1-10 ᠰᠠᠷ᠎ᠠ᠂ ᠬᠠᠩᠭᠢᠨ ᠬᠤᠶᠢᠲᠤ ᠬᠤᠰᠢᠭᠤ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ 139109 ᠲᠦᠮᠡᠨ ᠲᠣᠨ ᠪᠠᠷᠢᠮᠵᠢᠶᠠᠲᠤ  ᠨᠡᠭᠦᠷᠡᠰᠦ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 4.8% ᠪᠠᠷ ᠪᠠᠭᠤᠷᠠᠪᠠ᠃ ︵ᠸᠠᠩ ᠨᠠ︶
ᠢᠷᠡᠯᠲᠡ᠄ ᠲᠤᠰ ᠰᠦᠯᠵᠢᠶ᠎ᠠ