ᠶᠠᠳᠠᠭᠤ ᠶᠢ ᠲᠡᠳᠬᠦᠬᠦ ᠠᠯᠪᠠᠨ ᠭᠡᠷ ᠢ ᠲᠣᠰᠬᠠᠢ ᠰᠣᠷᠪᠣᠯᠵᠢᠯᠠᠭᠰᠠᠨ ᠨᠢ
ᠨᠡᠶᠢᠲᠡᠯᠡᠭᠰᠡᠨ ᠴᠠᠭ᠄
2019/6/21
     ᠬᠥᠲᠥᠯᠥᠭᠴᠢ᠄ ᠨᠠᠶᠢᠵᠠ ᠨᠠᠷ ᠠ᠂ ᠡᠨᠡ ᠪᠣᠯ ᠬᠠᠩᠬᠢᠨ ᠬᠤᠶᠢᠳᠣ ᠬᠤᠰᠢᠭᠤᠨ ᠳᠠᠬᠢ ᠠᠷᠠᠳ ᠤᠨ ᠷᠠᠳᠢᠣ᠋ ᠨᠡᠪᠲᠡᠷᠡᠭᠦᠯᠭᠡ ᠶᠢᠨ ᠬᠤᠷᠢᠶᠠᠨ ᠤ 93.2 ᠰᠠᠶ᠎ᠠ ᠾᠤ᠋ ᠶᠢᠨ ︽ᠠᠷᠠᠳ ᠤᠨ ᠶᠠᠷᠢᠶᠠᠨ ᠤ ᠰᠡᠳᠦᠪ︾ ᠪᠤᠯᠤᠩ᠂ ᠪᠢ ᠪᠣᠯ ᠬᠥᠲᠥᠯᠥᠭᠴᠢ ᠯᠢ ᠶᠠᠨ᠂ ᠬᠠᠯᠠᠭᠤᠨ ᠤᠲᠠᠰᠤ 6626789 ᠶᠢ ᠴᠣᠬᠢᠬᠤ ᠶᠢ ᠪᠠᠶᠠᠷᠯᠠᠨ ᠤᠭᠲᠤᠵᠤ ᠪᠠᠶᠢᠨ᠎ᠠ᠃ ᠮᠠᠨ ᠤ ᠡᠨᠡ ᠬᠤᠭᠤᠴᠠᠭᠠᠨ ᠤ ᠫᠷᠤᠭ᠍ᠷᠠᠮ ᠤᠨ ᠬᠦᠨᠳᠦᠲᠦ ᠵᠣᠴᠢᠨ ᠪᠣᠯ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠡᠷᠬᠢᠯᠡᠭᠴᠢ ᠴᠧᠨ ᡁᠢ ᠵᠢᠶᠦ᠋ᠨ ᠪᠣᠯᠤᠨ᠎ᠠ᠃      ᠬᠥᠲᠥᠯᠥᠭᠴᠢ᠄ ᠴᠧᠨ ᠡᠷᠬᠢᠯᠡᠭᠴᠢ ᠰᠠᠶᠢᠨ ᠤᠤ︖      ᠴᠧᠨ ᡁᠢ ᠵᠢᠶᠦ᠋ᠨ᠄ ᠬᠥᠲᠥᠯᠥᠭᠴᠢ ᠰᠠᠶᠢᠨ ᠤᠤ᠂ ᠨᠠᠶᠢᠵᠠ ᠨᠠᠷ ᠰᠠᠶᠢᠨ ᠪᠠᠶᠢᠵᠠᠭᠠᠨ᠎ᠠ ᠤᠤ᠃      ᠬᠥᠲᠥᠯᠥᠭᠴᠢ᠄ ᠴᠧᠨ ᠡᠷᠬᠢᠯᠡᠭᠴᠢ ᠡ᠂ ᠪᠢᠳᠡᠨ ᠳᠤ ᠶᠠᠳᠠᠭᠤ ᠶᠢ ᠲᠡᠳᠬᠦᠬᠦ ᠠᠯᠪᠠᠨ ᠭᠡᠷ ᠤᠨ ᠡᠭᠦᠷᠭᠡ ᠴᠢᠳᠠᠪᠤᠷᠢ ᠶᠢ ᠳᠥᠭᠦᠮᠬᠡᠨ ᠲᠠᠨᠢᠯᠴᠠᠭᠤᠯᠤᠭᠠᠳ ᠥᠭᠭᠦᠨ᠎ᠡ ᠦᠤ︖      ᠴᠧᠨ ᡁᠢ ᠵᠢᠶᠦ᠋ᠨ᠄ ᠮᠠᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠡᠭᠦᠷᠭᠡ ᠴᠢᠳᠠᠪᠤᠷᠢ ᠪᠣᠯ᠄  ᠳᠡᠭᠡᠳᠣ ᠱᠠᠲᠤᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠴᠢᠭᠯᠡᠯᠲᠡ᠂ ᠲᠥᠷᠥ ᠶᠢᠨ ᠪᠣᠳᠣᠯᠭ᠎ᠠ ᠪᠣᠯᠤᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠬᠡᠷᠡᠭᠵᠢᠭᠦᠯᠵᠦ᠂ ᠡᠯ᠎ᠡ ᠲᠥᠷᠥᠯ ᠤᠨ ᠶᠠᠳᠠᠭᠤ ᠶᠢ ᠲᠡᠳᠬᠦᠬᠦ ᠪᠠᠯᠠ ᠮᠥᠩᠭᠦ ᠶᠢ ᠭᠤᠶᠤᠴᠢᠯᠠᠨ ᠮᠡᠳᠡᠭᠦᠯᠬᠦ᠂ ᠬᠡᠷᠡᠭᠯᠡᠬᠦ ᠶᠢ ᠵᠣᠬᠢᠶᠠᠨ ᠪᠠᠶᠢᠭᠤᠯᠬᠤ ᠪᠠ ᠵᠢᠯᠣᠭᠤᠳᠴᠤ᠂ ᠡᠯ᠎ᠡ ᠲᠥᠷᠥᠯ ᠤᠨ ᠨᠡᠶᠢᠭᠡᠮ ᠤᠨ ᠶᠠᠳᠠᠭᠤ ᠶᠢ ᠲᠡᠳᠬᠦᠬᠦ ᠲᠥᠷᠥᠯ ᠵᠥᠢᠯ ᠢ ᠬᠠᠮᠵᠢᠯᠴᠠᠨ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠶ ᠡᠷᠦᠬᠡ ᠶᠢᠨ ᠡᠯ᠎ᠡ ᠲᠥᠷᠥᠯ ᠤᠨ ᠠᠵᠢᠯ ᠣᠯᠭᠤᠬᠤ ᠪᠣᠯᠪᠠᠰᠤᠷᠠᠭᠤᠯᠤᠯ ᠢ ᠡᠭᠦᠷᠭᠡᠯᠡᠵᠦ᠂ ᠢᠲᠡᠭᠡᠮᠵᠢᠲᠦ ᠵᠢᠭᠡᠯᠡᠯᠭᠡ ᠪᠠᠷ ᠶᠠᠳᠠᠭᠤ ᠶᠢ ᠲᠡᠳᠬᠦᠬᠦ ᠠᠵᠢᠯ ᠢ ᠬᠠᠷᠢᠭᠤᠴᠠᠨ᠎ᠠ᠃      ᠬᠥᠲᠥᠯᠥᠭᠴᠢ᠄ ᠴᠧᠨ ᠡᠷᠬᠢᠯᠡᠭᠴᠢ ᠡ᠂ ᠪᠢᠳᠡᠨ ᠳᠤ ᠭᠤᠷᠪᠠ ᠶᠢ ᠲᠣᠰᠬᠤᠨ ᠳᠤ ᠬᠦᠷᠭᠡᠬᠦ ᠭᠤᠷᠪᠠ ᠶᠢ ᠡᠷᠦᠬᠡ ᠳᠤ ᠬᠦᠷᠭᠡᠬᠦ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠲᠤᠬᠠᠶ ᠲᠠᠶᠢᠯᠪᠤᠷᠢᠯᠠᠭᠠᠳ ᠥᠭᠭᠦᠨ᠎ᠡ ᠦᠤ︖ ᠪᠠᠰᠠ ᠵᠢᠷᠭᠤᠭᠠᠨ ᠨᠠᠷᠢᠯᠢᠭ ᠣᠨᠣᠴᠠᠲᠠᠶ ᠪᠠᠶᠢᠬᠤ ᠬᠡᠷᠡᠭᠲᠡᠶ᠂ ᠲᠠᠪᠤᠨ ᠤ ᠨᠢᠭᠡ ᠪᠦᠯᠦᠭ ᠤᠨ ᠤᠳᠬ᠎ᠠ ᠨᠢ ᠶᠠᠭᠤ ᠪᠤᠢ︖      ᠴᠧᠨ ᡁᠢ ᠵᠢᠶᠦ᠋ᠨ᠄ ᠭᠤᠷᠪᠠ ᠶᠢ ᠲᠣᠰᠬᠤᠨ ᠳᠤ ᠬᠦᠷᠭᠡᠵᠦ ᠭᠤᠷᠪᠠ ᠶᠢ ᠡᠷᠦᠬᠡ ᠳᠤ ᠬᠦᠷᠭᠡᠨ᠎ᠡ ᠲᠥᠰᠥᠯ᠂ ᠪᠠᠯᠠ ᠮᠥᠩᠭᠦ᠂ ᠺᠠᠳ᠋ᠷ      ᠵᠢᠷᠭᠤᠭᠠᠨ ᠤᠨᠢᠨ ᠳᠡᠭᠡᠷ᠎ᠡ ᠨᠢ᠄ ᠲᠡᠳᠬᠦᠬᠦ ᠡᠲᠡᠭᠡᠳ ᠤᠨᠢᠨ ᠳᠡᠭᠡᠷ᠎ᠡ ᠨᠢ᠂ ᠲᠥᠷᠥᠯ  ᠵᠥᠢᠯ ᠤᠨ ᠲᠣᠬᠢᠷᠠᠭᠤᠯᠤᠯᠲᠠ ᠤᠨᠢᠨ ᠳᠡᠭᠡᠷ᠎ᠡ ᠨᠢ᠂ ᠪᠡᠯᠡ ᠮᠥᠩᠭᠦ ᠬᠡᠷᠡᠭᠯᠡᠬᠦ ᠤᠨᠢᠨ ᠳᠡᠭᠡᠷ᠎ᠡ ᠨᠢ᠂ ᠠᠷᠭ᠎ᠠ ᠬᠡᠮᠵᠢᠶ᠎ᠡ ᠶᠢ ᠡᠷᠦᠬᠡ ᠳᠤ ᠬᠦᠷᠲᠡᠯ᠎ᠡ ᠤᠨᠢᠨ ᠳᠡᠭᠡᠷ᠎ᠡ ᠨᠢ᠂ ᠲᠣᠰᠬᠤᠨ ᠳᠤ ᠲᠤᠬᠢᠷᠠᠭᠤᠯᠤᠨ ᠬᠥᠮᠦᠨ ᠲᠣᠮᠢᠯᠠᠵᠤ ᠤᠨᠢᠨ ᠳᠡᠭᠡᠷ᠎ᠡ ᠨᠢ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠤᠨᠢᠨ ᠳᠡᠭᠡᠷ᠎ᠡ ᠨᠢ᠃      ᠲᠠᠪᠤᠨ ᠨᠢᠭᠡ ᠪᠦᠯᠦᠭ᠄ ᠨᠢᠭᠡ ᠪᠦᠯᠦᠭ ᠢ ᠲᠡᠳᠬᠦᠨ ᠬᠥᠭᠵᠢᠭᠦᠯᠵᠦ᠂ ᠨᠢᠭᠡ ᠪᠦᠯᠦᠭ ᠢ ᠣᠨᠳᠣᠤ ᠭᠠᠵᠠᠷ ᠲᠤ ᠨᠡᠭᠦᠯᠭᠡᠨ ᠲᠥᠪᠬᠢᠨᠡᠭᠦᠯᠵᠦ᠂ ᠨᠢᠭᠡ ᠪᠦᠯᠦᠭ ᠢ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠵᠦ ᠶᠠᠳᠠᠭᠤ ᠠᠴᠠ ᠠᠩᠭᠢᠵᠢᠷᠠᠭᠤᠯᠵᠤ᠂ ᠨᠢᠭᠡ ᠪᠦᠯᠦᠭ ᠢ ᠠᠮᠢ ᠠᠬᠤᠢ ᠶᠢᠨ ᠬᠠᠮᠠᠭᠠᠯᠠᠯᠲᠠ ᠪᠠᠷ ᠶᠠᠳᠠᠭᠤ ᠠᠴᠠ ᠠᠩᠭᠢᠵᠢᠷᠠᠭᠤᠯᠵᠤ᠂ ᠨᠢᠭᠡ ᠪᠦᠯᠦᠭ ᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠪᠠᠷ ᠨᠢᠭᠡ ᠪᠦᠯᠦᠭ ᠢ ᠪᠠᠲᠤᠯᠠᠨ᠎ᠠ᠃      ᠬᠥᠲᠥᠯᠥᠭᠴᠢ᠄ ᠪᠢᠳᠡᠨ ᠤ ᠲᠡᠳᠬᠦᠨ ᠳᠡᠮᠵᠢᠬᠦ ᠡᠲᠡᠭᠡᠳ ᠢ ᠬᠡᠷᠬᠢᠨ ᠲᠣᠭᠲᠠᠭᠠᠬᠤ ᠪᠤᠢ︖ ᠮᠠᠨ ᠤ ᠬᠤᠰᠢᠭᠤᠨ ᠤ ᠶᠠᠳᠠᠭᠤ ᠶᠢ ᠲᠡᠳᠬᠦᠬᠦ ᠪᠠᠷᠢᠮᠵᠢᠶ᠎ᠠ ᠶᠠᠮᠠᠷ ᠪᠤᠢ︖    ᠴᠧᠨ ᡁᠢ ᠵᠢᠶᠦ᠋ᠨ᠄ ᠮᠠᠨ ᠤ ᠬᠤᠰᠢᠭᠤ ︽ᠨᠠᠢᠮᠠᠨ ᠵᠥᠢᠯ ᠤᠨ ᠦᠨᠡᠯᠡᠬᠦ ᠠᠷᠭ᠎ᠠ︾ ︵ᠣᠷᠣᠨ ᠰᠠᠭᠤᠴᠠ᠂ ᠭᠠᠵᠠᠷ ᠰᠢᠷᠣᠶ᠂ ᠮᠠᠯ ᠤᠨᠤᠭ᠎ᠠ᠂ ᠨᠥᠬᠦᠪᠥᠷᠢ᠂ ᠮᠠᠰᠢᠨ ᠮᠧᠬᠠᠨᠢᠭ᠂ ᠰᠤᠷᠭᠠᠭᠤᠯᠢ ᠶᠢᠨ ᠵᠠᠷᠤᠯᠭ᠎ᠠ᠂ ᠡᠪᠡᠳᠴᠢᠨ ᠤ ᠵᠠᠷᠤᠯᠭ᠎ᠠ ᠶᠢ ᠦᠨᠡᠯᠡᠨ᠎ᠡ︶ ᠶᠢ ᠬᠡᠷᠡᠭᠯᠡᠵᠦ᠂ ᠨᠢᠭᠡᠳᠦᠯ᠂ ᠲᠣᠰᠬᠤᠨ᠂ ᠪᠠᠯᠭᠠᠰᠤ ᠠᠴᠠ ᠱᠠᠲᠤ ᠳᠠᠷᠠᠭᠠᠯᠠᠨ ᠦᠨᠡᠯᠡᠵᠦ᠂ ᠵᠠᠷᠯᠠᠨ ᠨᠡᠶᠢᠲᠡᠯᠡᠵᠦ᠂ ᠬᠤᠰᠢᠭᠤᠨ  ᠤ ᠶᠠᠳᠠᠭᠤ ᠶᠢ ᠲᠡᠳᠬᠦᠬᠦ ᠠᠯᠪᠠᠨ ᠭᠡᠷ ᠲᠤ ᠮᠡᠳᠡᠭᠦᠯᠦᠨ᠎ᠡ᠃      ᠡᠨᠡ ᠵᠢᠯ ᠤᠨ ᠶᠠᠳᠠᠭᠤ ᠬᠦᠴᠢᠷᠳᠡᠯᠲᠡᠶ ᠡᠷᠦᠬᠡ ᠶᠢᠨ ᠶᠠᠳᠠᠭᠤ ᠠᠴᠠ ᠠᠩᠭᠢᠵᠢᠷᠠᠭᠤᠯᠬᠤ ᠪᠠᠷᠢᠮᠵᠢᠶ᠎ᠠ ᠪᠣᠯ ᠬᠥᠮᠦᠨ ᠤ ᠳᠤᠮᠳᠠᠴᠢ ᠶᠢᠨ ᠵᠢᠯ ᠤᠨ ᠴᠡᠪᠡᠷ ᠣᠷᠣᠯᠭ᠎ᠠ 4000 ᠲᠥᠭᠦᠷᠢᠭ ᠲᠤ ᠬᠦᠷᠴᠦ᠂ ᠡᠭᠦᠨ ᠤ ᠬᠠᠮᠲᠤ ᠳᠤ ︽ᠬᠤᠶᠠᠷ ᠲᠤ ᠵᠣᠪᠠᠭ᠋ᠤ ᠦᠭᠡᠢ︾ ︵ᠢᠳᠡᠬᠦ᠂ ᠡᠮᠦᠰᠬᠦ︶ ︽ᠭᠤᠷᠪᠠᠨ ᠪᠠᠲᠤᠯᠠᠭ᠎ᠠ︾ ︵ᠣᠷᠣᠨ ᠰᠠᠭᠤᠴᠠ᠂ ᠡᠮ ᠡᠮᠨᠡᠯᠭᠡ᠂ ᠰᠤᠷᠭᠠᠨ ᠬᠥᠮᠦᠵᠢᠯ︶ ᠶᠢ ᠶᠠᠳᠠᠭᠤ ᠠᠴᠠ ᠠᠩᠭᠢᠵᠢᠷᠠᠭᠤᠯᠬᠤ ᠴᠢᠬᠤᠯᠠ ᠪᠠᠷᠢᠮᠵᠢᠶ᠎ᠠ ᠪᠣᠯᠭᠠᠨ᠎ᠠ᠃      ᠬᠥᠲᠥᠯᠥᠭᠴᠢ᠄ ᠮᠠᠨ ᠤ ᠬᠤᠰᠢᠭᠤᠨ ᠳᠤ ᠣᠳᠣ ᠬᠡᠳᠦᠶ ᠶᠠᠳᠠᠭᠤ ᠬᠦᠴᠢᠷᠳᠡᠯᠲᠡᠶ ᠬᠥᠮᠦᠨ ᠠᠮᠠ  ᠪᠠᠶᠢᠬᠤ ᠪᠤᠢ︖ ᠡᠨᠡ ᠬᠦ ᠶᠠᠳᠠᠭᠤᠷᠠᠭᠰᠠᠨ ᠰᠢᠯᠲᠠᠭᠠᠨ ᠨᠢ ᠬᠡᠷᠬᠢᠨ ᠪᠤᠢ ᠪᠣᠯᠤᠭᠰᠠᠨ ᠪᠤᠢ︖      ᠴᠧᠨ ᡁᠢ ᠵᠢᠶᠦ᠋ᠨ᠄ ᠮᠠᠨ ᠤ ᠬᠤᠰᠢᠭᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠪᠣᠯ 2942 ᠡᠷᠦᠬᠡ 6086 ᠬᠥᠮᠦᠨ᠂ ᠶᠠᠳᠠᠭᠤᠷᠠᠭᠰᠠᠨ ᠰᠢᠯᠲᠠᠭᠠᠨ ᠨᠢ ᠭᠤᠤᠯᠳᠠᠭᠤ ᠡᠪᠡᠳᠴᠢᠨ᠂ ᠰᠤᠷᠤᠯᠭ᠎ᠠ᠂ ᠵᠡᠮᠳᠡᠭ ᠪᠣᠯᠤᠭᠰᠠᠨ᠃      ᠬᠥᠲᠥᠯᠥᠭᠴᠢ᠄ ᠴᠧᠨ ᠡᠷᠬᠢᠯᠡᠭᠴᠢ ᠡ᠂ ᠡᠨᠡ ᠵᠢᠯ ᠮᠠᠨ ᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠬᠠᠷᠠᠯᠲᠠ ᠶᠠᠭᠤ ᠪᠤᠢ︖      ᠴᠧᠨ ᡁᠢ ᠵᠢᠶᠦ᠋ᠨ᠄ ᠡᠨᠡ ᠵᠢᠯ 1513 ᠡᠷᠦᠬᠡ ᠶᠢᠨ 3275 ᠶᠠᠳᠠᠭᠤ ᠬᠥᠮᠦᠨ ᠢ ᠶᠠᠳᠠᠭᠤ ᠠᠴᠠ ᠠᠩᠭᠢᠵᠢᠷᠠᠭᠤᠯᠬᠤ ᠪᠠᠷ ᠲᠥᠯᠥᠪᠯᠡᠵᠦ᠂ 38 ᠶᠠᠳᠠᠭᠤ ᠲᠣᠰᠬᠤᠨ‌ᠡᠴᠠ ᠤᠬᠤᠷᠢᠨ ᠭᠠᠷᠴᠤ᠂ ᠣᠷᠣᠨ ᠤ ᠲᠡᠰ ᠤᠨ ᠶᠠᠳᠠᠭᠤ ᠬᠤᠰᠢᠭᠤᠨ ᠤ ᠮᠠᠯᠠᠭᠠᠶ ᠶᠢ ᠠᠪᠴᠤ ᠬᠠᠶᠠᠵᠤ᠂ ᠶᠠᠳᠠᠭᠤ ᠬᠦᠴᠢᠷᠳᠡᠯᠲᠡᠶ ᠶᠢ 1.9 % ᠪᠣᠯᠲᠠᠯ᠎ᠠ ᠪᠠᠭᠤᠷᠠᠭᠤᠯᠪᠠ᠃      ᠬᠥᠲᠥᠯᠥᠭᠴᠢ᠄ ᠮᠠᠨ ᠤ ᠬᠤᠰᠢᠭᠤ ᠶᠠᠮᠠᠷ ᠶᠠᠮᠠᠷ ᠶᠠᠳᠠᠭᠤ ᠶᠢ ᠲᠡᠳᠬᠦᠬᠦ ᠲᠥᠷᠥᠯ ᠵᠥᠢᠯ ᠢ ᠬᠡᠷᠡᠭᠵᠢᠭᠦᠯᠦᠭᠰᠡᠨ ᠪᠤᠢ︖    ᠴᠧᠨ ᡁᠢ ᠵᠢᠶᠦ᠋ᠨ᠄ ᠲᠥᠷᠥᠯ ᠵᠥᠢᠯ ᠨᠢ ᠭᠤᠤᠯᠳᠠᠭᠤ ᠶᠠᠳᠠᠭᠤ ᠬᠦᠴᠢᠷᠳᠡᠯᠲᠡᠶ ᠡᠷᠦᠬᠡ ᠶᠢ ᠬᠠᠪᠰᠤᠷᠤᠨ ᠥᠢᠯᠡᠳᠪᠥᠷᠢᠯᠡᠯ ᠢ ᠨᠢ ᠬᠥᠭᠵᠢᠭᠦᠯᠵᠦ᠂ ᠶᠠᠳᠠᠭᠤ ᠬᠦᠴᠢᠷᠳᠡᠯᠲᠡᠶ ᠡᠷᠦᠬᠡ ᠶᠢᠨ ᠰᠤᠷᠭᠠᠭᠤᠯᠢ ᠳᠤ ᠤᠷᠤᠭᠰᠠᠨ ᠦᠷ᠎ᠡ ᠬᠡᠤᠬᠡᠳ ᠲᠤ ᠨᠥᠬᠦᠪᠥᠷᠢ ᠥᠭᠴᠦ᠂ ᠵᠡᠮᠳᠡᠭ ᠶᠠᠳᠠᠭᠤ ᠬᠦᠴᠢᠷᠳᠡᠯᠲᠡᠶ ᠡᠷᠦᠬᠡ ᠳᠤ ᠨᠥᠬᠦᠪᠥᠷᠢ ᠥᠭᠴᠦ᠂ ᠣᠨᠳᠣᠤ ᠭᠠᠵᠠᠷ ᠨᠡᠭᠦᠯᠭᠡᠬᠦ ᠲᠥᠷᠥᠯ ᠵᠥᠢᠯ ᠢ ᠠᠰᠢᠭᠯᠠ ᠶᠠᠳᠠᠭᠤ ᠬᠦᠴᠢᠷᠳᠡᠯᠲᠡᠶ ᠡᠷᠦᠬᠡ ᠶᠢᠨ ᠣᠷᠣᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠵᠤ᠂ ᠡᠪᠡᠳᠴᠢᠨ ᠲᠠᠢ ᠶᠠᠳᠠᠭᠤ ᠬᠦᠴᠢᠷᠳᠡᠯᠲᠡᠶ ᠡᠷᠦᠬᠡ ᠳᠤ ᠨᠠᠩ ᠢᠯᠡᠭᠦᠤ ᠬᠠᠷᠠᠭᠠᠯᠵᠠᠯ ᠲᠠᠢ ᠡᠮ ᠡᠮᠨᠡᠯᠭᠡ ᠶᠢᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠬᠦᠷᠲᠡᠭᠡᠵᠦ᠂ ᠬᠥᠳᠡᠯᠮᠦᠷᠢᠯᠡᠬᠦ ᠴᠢᠳᠠᠪᠤᠷᠢ ᠥᠬᠡᠶ ᠶᠠᠳᠠᠭᠤ ᠬᠦᠴᠢᠷᠳᠡᠯᠲᠡᠶ ᠡᠷᠦᠬᠡ ᠶᠢᠨ ᠲᠥᠷᠥ ᠶᠢᠨ ᠪᠣᠳᠣᠯᠭ᠎ᠠ ᠪᠠᠷ ᠦᠨᠳᠦᠰᠦᠨ ᠵᠥᠢᠯ ᠢ ᠪᠠᠲᠤᠯᠠᠨ᠎ᠠ᠃      ᠬᠥᠲᠥᠯᠥᠭᠴᠢ᠄ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠥᠷᠥᠯ ᠵᠥᠢᠯ ᠤᠨ ᠪᠠᠯᠠ ᠮᠥᠩᠭᠦ ᠶᠢ ᠪᠢᠳᠡ ᠬᠡᠷᠬᠢᠨ ᠲᠣᠬᠢᠷᠠᠭᠤᠯᠬᠤ᠂ ᠰᠠᠯᠭᠠᠨ ᠥᠭᠬᠦ ᠪᠠ ᠬᠠᠮᠢᠶᠠᠷᠬᠤ ᠪᠣᠶ︖      ᠴᠧᠨ ᡁᠢ ᠵᠢᠶᠦ᠋ᠨ᠄ ᠶᠠᠳᠠᠭᠤ ᠶᠢ ᠲᠡᠳᠬᠦᠬᠦ ᠪᠠᠯᠠ ᠮᠥᠩᠭᠦ ᠭᠤᠶᠤᠴᠢᠯᠠᠨ ᠮᠡᠳᠡᠭᠦᠯᠬᠦ ᠳᠤ ᠡᠯ᠎ᠡ ᠪᠠᠯᠭᠠᠰᠤ ᠠᠴᠠ ᠨᠢᠭᠡᠳᠦᠯᠲᠡᠶ ᠳᠡᠭᠡᠭᠰᠢ ᠮᠡᠳᠡᠭᠦᠯᠵᠦ᠂ ᠶᠠᠳᠠᠭᠤ ᠶᠢ ᠲᠡᠳᠬᠦᠬᠦ ᠠᠯᠪᠠᠨ ᠭᠡᠷ ᠨᠢ ᠡᠳ᠋ ᠤᠨ ᠵᠠᠰᠠᠭ ᠤᠨ ᠲᠣᠪᠴᠢᠶ᠎ᠠ ᠳᠤ ᠰᠢᠯᠵᠢᠭᠦᠯᠦᠨ ᠥᠭᠬᠦ ᠶᠢ ᠭᠤᠶᠤᠴᠢᠯᠠᠵᠤ᠂ ᠳᠠᠩᠰᠠ ᠮᠡᠳᠡᠭᠦᠯᠬᠦ ᠳᠦᠷᠢᠮ ᠢ ᠬᠡᠷᠡᠭᠵᠢᠭᠦᠯᠦᠨ᠎ᠡ᠃      ᠬᠥᠲᠥᠯᠥᠭᠴᠢ᠄ ᠴᠧᠨ ᠡᠷᠬᠢᠯᠡᠭᠴᠢ ᠡ᠂ ᠨᠡᠭᠦᠯᠭᠡᠭᠰᠡᠨ ᠶᠠᠳᠠᠭᠤ ᠬᠦᠴᠢᠷᠳᠡᠯᠲᠡᠶ ᠡᠷᠦᠬᠡ ᠶᠢᠨ ᠬᠦᠷᠲᠡᠵᠦ ᠳᠡᠶᠢᠯᠡᠬᠦ ᠲᠡᠳᠬᠦᠬᠦ ᠲᠥᠷᠥ ᠶᠢᠨ ᠪᠣᠳᠣᠯᠭ᠎ᠠ ᠨᠢ ᠭᠤᠤᠯᠳᠠᠭᠤ ᠶᠠᠭᠤ ᠶᠠᠭᠤ ᠪᠠᠶᠢᠬᠤ ᠪᠤᠢ︖      ᠴᠧᠨ ᡁᠢ ᠵᠢᠶᠦ᠋ᠨ᠄ ᠣᠨᠳᠣᠤ ᠭᠠᠵᠠᠷ ᠨᠡᠭᠦᠯᠭᠡᠨ ᠨᠡᠭᠦᠯᠭᠡᠬᠦ ᠡᠷᠦᠬᠡ ᠨᠢ ᠬᠥᠮᠦᠨ ᠪᠦᠷᠢ ᠳᠤ ᠳᠤᠮᠳᠠᠴᠢ ᠪᠠᠷ 2 ᠲᠦᠮᠡᠨ ᠲᠥᠭᠦᠷᠢᠭ ᠤᠨ ᠣᠷᠣᠨ ᠰᠠᠭᠤᠴᠠ ᠶᠢᠨ ᠨᠥᠬᠦᠪᠥᠷᠢ ᠬᠦᠷᠲᠡᠨ᠎ᠡ᠂ ᠡᠭᠦᠨ ᠳᠤ ᠬᠥᠳᠡᠯᠮᠦᠷᠢᠯᠡᠬᠦ ᠴᠢᠳᠠᠪᠤᠷᠢ ᠲᠠᠢ ᠨᠢ ᠥᠢᠯᠡᠳᠪᠥᠷᠢᠯᠡᠯ ᠤᠨ ᠲᠡᠳᠬᠦᠮᠵᠢ ᠣᠯᠭᠤᠵᠤ᠂ ᠬᠥᠳᠡᠯᠮᠦᠷᠢᠯᠡᠬᠦ ᠴᠢᠳᠠᠪᠤᠷᠢ ᠥᠬᠡᠶ ᠨᠢ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠣᠯᠭᠤᠨ᠎ᠠ᠃      ᠬᠥᠲᠥᠯᠥᠭᠴᠢ᠄ ᠴᠧᠨ ᠡᠷᠬᠢᠯᠡᠭᠴᠢ ᠡ᠂  ᠰᠠᠶ᠋ᠢ ᠲᠠ ︽ᠲᠥᠷᠥ ᠶᠢᠨ ᠪᠣᠳᠣᠯᠭ᠎ᠠ ᠶᠢᠨ ᠦᠨᠳᠦᠰᠦᠨ ᠵᠥᠢᠯ ᠢ ᠪᠠᠲᠤᠯᠠᠬᠤ︾ ᠶᠢ ᠳᠤᠷᠠᠳᠤᠭᠰᠠᠨ ᠰᠢᠳᠡ᠂ ᠲᠡᠭᠡᠪᠡᠯ ᠡᠨᠡ ︽ᠲᠥᠷᠥ ᠶᠢᠨ ᠪᠣᠳᠣᠯᠭ᠎ᠠ ᠶᠢᠨ ᠦᠨᠳᠦᠰᠦᠨ ᠵᠥᠢᠯ ᠢ ᠪᠠᠲᠤᠯᠠᠬᠤ︾ ᠭᠡᠳᠡᠭ ᠨᠢ ᠶᠠᠭᠤ ᠶᠢ ᠵᠢᠭᠠᠵᠤ ᠪᠠᠶᠢᠬᠤ ᠪᠣᠶ︖      ᠴᠧᠨ ᡁᠢ ᠵᠢᠶᠦ᠋ᠨ᠄ ᠲᠥᠷᠥ ᠶᠢᠨ ᠪᠣᠳᠣᠯᠭ᠎ᠠ ᠶᠢᠨ ᠦᠨᠳᠦᠰᠦᠨ ᠵᠥᠢᠯ ᠢ ᠪᠠᠲᠤᠯᠠᠬᠤ ᠭᠡᠳᠡᠭ ᠪᠣᠯ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠶᠠᠳᠠᠭᠤ ᠬᠦᠴᠢᠷᠳᠡᠯᠲᠡᠶ ᠡᠷᠦᠬᠡ ᠪᠣᠯ ᠦᠨᠳᠦᠰᠦᠨ ᠵᠥᠢᠯ ᠢ ᠪᠠᠲᠤᠯᠠᠬᠤ ᠶᠠᠳᠠᠭᠤ ᠬᠦᠴᠢᠷᠳᠡᠯᠲᠡᠶ ᠡᠷᠦᠬᠡ ᠮᠥᠨ᠂ ᠬᠥᠮᠥᠨ ᠳᠤᠮᠳᠠᠴᠢ ᠶᠢᠨ ᠪᠡᠯᠡᠨ ᠵᠣᠭᠤᠰ ᠤᠨ ᠰᠢᠭᠤᠳ ᠨᠥᠬᠦᠪᠥᠷᠢ 4000 ᠲᠥᠭᠦᠷᠢᠭ ᠪᠣᠯᠤᠨ᠎ᠠ᠃      ᠬᠥᠲᠥᠯᠥᠭᠴᠢ᠄ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠣᠨᠢᠨ ᠲᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠢ ᠬᠡᠷᠬᠢᠨ ᠬᠡᠷᠡᠭᠵᠢᠭᠦᠯᠦᠭᠰᠡᠨ ᠪᠤᠢ︖      ᠴᠧᠨ ᡁᠢ ᠵᠢᠶᠦ᠋ᠨ᠄ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠭᠡᠷ ᠪᠦᠯᠢ ᠶᠢᠨ ᠬᠡᠤᠬᠡᠳ ᠲᠤ ᠵᠢᠯ ᠪᠦᠷᠢ 2800 ᠲᠥᠭᠦᠷᠢᠭ ᠨᠥᠬᠦᠪᠥᠷᠢᠯᠡᠵᠦ᠂ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠵᠢᠯ ᠪᠦᠷᠢ 3000 ᠲᠥᠭᠦᠷᠢᠭ ᠨᠥᠬᠦᠪᠥᠷᠢᠯᠡᠵᠦ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠲᠤ ᠵᠢᠯ ᠪᠦᠷᠢ 3300 ᠲᠥᠭᠦᠷᠢᠭ ᠨᠥᠬᠦᠪᠥᠷᠢᠯᠡᠵᠦ᠂ ᠳᠡᠭᠡᠳᠣ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠲᠤ 3900 ᠲᠥᠭᠦᠷᠢᠭ ᠨᠥᠬᠦᠪᠥᠷᠢᠯᠡᠵᠦ᠂ ᠶᠠᠳᠠᠭᠤ ᠬᠦᠴᠢᠷᠳᠡᠯᠲᠡᠶ ᠶᠡᠭᠡ ᠰᠤᠷᠭᠠᠭᠤᠯᠢ ᠶᠢᠨ ᠰᠢᠨ᠎ᠡ ᠰᠤᠷᠤᠭᠴᠢᠳ ᠲᠤ ᠲᠤᠰᠬᠠᠶ ᠠᠩᠭᠢ ᠠᠴᠠ ᠨᠢ 3 ᠲᠦᠮᠡᠨ ᠲᠥᠭᠦᠷᠢᠭ ᠲᠤᠰᠠᠯᠠᠵᠤ᠂ ᠵᠢᠩᠬᠢᠨᠢ ᠠᠩᠭᠢ ᠳᠤ ᠨᠢᠭᠡ ᠯᠡ ᠤᠳᠠᠭ᠎ᠠ ᠶᠢᠨ ᠴᠢᠨᠠᠷᠲᠠᠶ ᠪᠠᠷ 4 ᠲᠦᠮᠡᠨ ᠲᠥᠭᠦᠷᠢᠭ ᠲᠤᠰᠠᠯᠠᠨ᠎ᠠ᠃      ᠬᠥᠲᠥᠯᠥᠭᠴᠢ᠄ ᠮᠠᠨ ᠤ ᠬᠤᠰᠢᠭᠤᠨ ᠤ ᠶᠠᠳᠠᠭᠤ ᠶᠢ ᠲᠡᠳᠬᠦᠬᠦ ᠠᠵᠢᠯ ᠬᠢᠷᠢ ᠵᠡᠷᠭᠡ ᠦᠷ᠎ᠡ ᠪᠦᠲᠦᠮᠵᠢ ᠣᠯᠤᠭᠰᠠᠨ᠂ ᠦᠨᠳᠦᠰᠦᠨ ᠳᠡᠭᠡᠨ ᠶᠠᠮᠠᠷ ᠬᠡᠮᠵᠢᠶᠡᠨ ᠳᠤ ᠬᠦᠷᠦᠭᠰᠡᠨ ᠪᠤᠢ︖ ᠲᠦᠷᠭᠡᠨ ᠰᠢᠢᠳᠪᠥᠷᠢᠯᠡᠬᠦ ᠴᠢᠬᠤᠯᠠ ᠲᠠᠢ ᠠᠰᠠᠭᠤᠳᠠᠯ ᠶᠠᠭᠤ ᠶᠠᠭᠤ ᠪᠠᠶ᠋ᠬᠤ ᠪᠤᠢ︖      ᠴᠧᠨ ᡁᠢ ᠵᠢᠶᠦ᠋ᠨ᠄ 80 % ᠶᠢ ᠶᠠᠳᠠᠭᠤ ᠠᠴᠠ ᠠᠩᠭᠢᠵᠢᠷᠠᠭᠤᠯᠤᠨ᠎ᠠ᠃      ᠰᠢᠢᠳᠪᠥᠷᠢᠯᠡᠬᠦ ᠴᠢᠬᠤᠯᠠᠲᠠᠶ ᠠᠰᠠᠭᠤᠳᠠᠯ ᠨᠢ ᠥᠷᠭᠡᠨ ᠣᠯᠠᠨ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠢ ᠳᠠᠶᠢᠴᠢᠯᠠᠵᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠳᠠᠩᠰᠠ ᠡᠪᠬᠡᠮᠡᠯ ᠤᠨ ᠮᠠᠲ᠋ᠧᠷᠢᠶᠠᠯ ᠢ ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ ᠵᠣᠭᠤᠰ ᠰᠠᠯᠭᠠᠨ ᠥᠭᠬᠦ ᠠᠬᠢᠴᠠ ᠶᠢ ᠲᠦᠷᠭᠡᠳᠬᠡᠵᠦ᠂ ᠶᠠᠳᠠᠭᠤ ᠬᠦᠴᠢᠷᠳᠡᠯᠲᠡᠶ ᠡᠷᠦᠬᠡ ᠶᠢ ᠡᠷᠲᠡᠬᠡᠨ ᠶᠠᠳᠠᠭᠤ ᠠᠴᠠ ᠠᠩᠭᠢᠵᠢᠷᠠᠭᠤᠯᠤᠨ᠎ᠠ᠃      ᠵᠠ᠂ ᠨᠠᠶᠢᠵᠠ ᠨᠠᠷ ᠠ᠂ ᠴᠠᠭ ᠤᠨ ᠬᠠᠷᠢᠴᠠᠭᠠᠨ ᠠᠴᠠ ᠡᠨᠡ ᠬᠤᠭᠤᠴᠠᠭᠠᠨ ᠤ ︽ᠠᠷᠠᠳ ᠤᠨ ᠶᠠᠷᠢᠶᠠᠨ ᠤ ᠰᠡᠳᠦᠪ︾ ᠢ ᠠᠳᠡ ᠢᠷᠡᠮᠡᠭᠴᠡ ᠲᠠᠨ ᠲᠠᠢ ᠪᠠᠶᠠᠷᠲᠠᠶ ᠭᠡᠵᠦ ᠬᠡᠯᠡᠬᠦ ᠪᠣᠯᠤᠯ᠎ᠠ᠂ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠡᠷᠬᠢᠯᠡᠭᠴᠢ ᠴᠧᠨ ᡁᠢ ᠵᠢᠶᠦ᠋ᠨ ᠮᠠᠨ ᠤ ᠫᠷᠤᠭ᠍ᠷᠠᠮ ᠳᠤ ᠮᠣᠷᠢᠯᠠᠨ ᠰᠠᠭᠠᠲᠠᠭᠰᠠᠨ ᠳᠤ ᠲᠠᠯᠠᠷᠬᠠᠵᠤ ᠪᠠᠶᠢᠨ᠎ᠠ᠂ ᠮᠥᠨ ᠴᠦ ᠨᠠᠶᠢᠵᠠ ᠨᠠᠷ ᠤᠨ ᠳᠡᠮᠵᠢᠯᠭᠡ ᠪᠠ ᠠᠩᠬᠠᠷᠤᠯ ᠢ ᠲᠠᠲᠠᠭᠰᠠᠨ ᠳᠤ ᠲᠠᠯᠠᠷᠬᠠᠵᠤ ᠪᠠᠶᠢᠨ᠎ᠠ᠂ ᠮᠠᠨ ᠤ ︽ᠠᠷᠠᠳ ᠤᠨ ᠶᠠᠷᠢᠶᠠᠨ ᠤ ᠰᠡᠳᠦᠪ︾ ᠤᠨ ᠬᠠᠯᠠᠭᠤᠨ ᠤᠲᠠᠰᠤ ᠪᠣᠯ 6626789 ᠪᠣᠯᠤᠨ᠎ᠠ᠃
ᠢᠷᠡᠯᠲᠡ᠄ ᠲᠣᠰ ᠰᠥᠯᠵᠢᠶ᠎ᠡ