8 ᠰᠠᠷ᠎ᠠ ᠶᠢᠨ 16 ᠤ ᠡᠳᠦᠷ᠂ ᠬᠠᠩᠭᠢᠨ ᠬᠤᠶᠢᠲᠤ ᠬᠤᠰᠢᠭᠤᠨ ᠤ ᠲᠤᠸᠠᠨ ᠵᠢᠶᠧ ᠪᠠᠯᠭᠠᠰᠤᠨ ᠤ ᠱᠢ ᠪᠠ ᠴᠢᠩ ᠳ᠋ᠢ ᠲᠣᠰᠬᠤᠨ ᠲᠣᠶᠢᠯ ᠤᠨ ᠬᠥᠷ | ᠬᠥᠭᠵᠢᠶᠡᠨ ᠲᠠᠢ ᠪᠠᠶᠢᠵᠤ᠂ 2019 ᠣᠨ ᠳᠤ ᠥᠪᠥᠷ ᠮᠣᠩᠭᠤᠯ ᠤᠨ ᠬᠠᠩᠭᠢᠨ ᠬᠤᠶᠢᠲᠤ ᠬᠤᠰᠢᠭᠤᠨ ᠤ ᠪᠦᠯᠬᠦᠮᠳᠡᠯ ᠪᠠᠯᠭᠠᠰᠤᠨ ᠤ ᠬᠤᠶᠠᠳᠤᠭᠠᠷ | ᠬᠤᠭᠤᠴᠠᠭᠠᠨ ᠤ ︽ᠡᠯᠵᠢᠭᠡ ᠸᠠᠩ︾ ᠤ ᠤᠷᠤᠯᠳᠤᠭᠠᠨ ᠠᠳᠡ ᠶᠠᠪᠤᠭᠳᠠᠪᠠ᠃ | ᠤᠷᠤᠯᠳᠤᠭᠠᠨ ᠤ ᠲᠤᠬᠠᠶ ᠶᠢᠨ ᠲᠠᠯᠠᠪᠠᠢ ᠳᠤ᠂ ᠱᠢ ᠪᠠ ᠴᠢᠩ ᠳ᠋ᠢ ᠲᠣᠰᠬᠤᠨ ᠤ 133 ᠪᠣᠭᠤᠮᠲᠠ ᠶᠢᠨ ᠵᠡᠭᠦᠨᠳᠡᠬᠢ ᠠᠯᠠᠰᠢᠨ ᠡᠯᠵᠢᠭᠡ ᠨᠢᠭᠡ ᠯᠡ ᠳᠣᠤᠷ᠎ᠠ | ᠴᠤᠭᠯᠠᠷᠠᠵᠠᠶ᠂ 5 ᠬᠢᠨᠠᠭᠴᠢ ᠡᠯᠵᠢᠭᠡᠨ ᠤ ᠡᠭᠦᠯᠳᠡᠷ᠂ ᠪᠡᠶ᠎ᠡ᠂ ᠲᠠᠷᠭᠤ ᠬᠦᠴᠦ᠂ ᠠᠷᠠᠰᠤ ᠨᠣᠤᠰᠣᠨ ᠤ ᠭᠡᠷᠡᠯᠲᠦᠴᠡ᠂ ᠰᠢᠭᠢᠷ᠎ᠡ ᠵᠡᠷᠭᠡ ᠶᠢ ᠦᠨᠳᠦᠰᠦᠯᠡᠨ ᠳᠡᠰ | ᠳᠠᠷᠠᠭᠠᠯᠠᠨ ᠬᠤᠪᠢ ᠥᠭᠴᠦ᠂ ᠡᠴᠦᠰ ᠲᠡᠭᠡᠨ ︽ᠡᠯᠵᠢᠭᠡᠨ ᠸᠠᠩ︾ ᠢ ᠰᠢᠯᠭᠠᠷᠠᠭᠤᠯᠤᠭᠰᠠᠨ ᠪᠥᠭᠡᠳ ᠡᠵᠡᠨ ᠳᠤ ᠨᠢ ᠱᠠᠩᠨᠠᠯ ᠤᠨ ᠮᠥᠩᠭᠦ ᠣᠯᠭᠤᠭᠰᠠᠨ ᠪᠠᠶᠢᠨ᠎ᠠ᠃ | | ᠥᠢᠷ᠎ᠡ ᠶᠢᠨ ᠵᠢᠯ ᠠᠴᠠ᠂ ᠪᠠᠯᠭᠠᠰᠤ ᠲᠠᠢ ᠪᠦᠯᠬᠦᠮᠳᠡᠵᠦ ︽ᠨᠢᠭᠡ ᠲᠣᠰᠬᠤᠨ ᠨᠢᠭᠡ ᠠᠵᠤ ᠥᠢᠯᠡᠰ︾ ᠤᠨ ᠬᠥᠭᠵᠢᠯᠲᠡ ᠶᠢᠨ ᠰᠡᠳᠬᠢᠮᠵᠢ ᠶᠢᠨ | ᠲᠣᠭᠤᠷᠢᠨ ᠳᠤ᠂ ᠡᠯ᠎ᠡ ᠲᠣᠰᠬᠤᠨ ᠢ ᠬᠥᠲᠥᠯᠥᠨ ᠵᠢᠯᠣᠭᠤᠳᠴᠤ ᠣᠨᠴᠠᠯᠢᠭᠲᠤ ᠠᠵᠤ ᠥᠢᠯᠡᠰ ᠢ ᠴᠣᠭᠴᠠᠯᠠᠪᠠ᠃ ᠱᠢ ᠪᠠ ᠴᠢᠩ ᠳ᠋ᠢ ᠲᠣᠰᠬᠤᠨ ᠣᠨᠣᠪᠴᠢᠲᠠᠶ | ᠪᠠᠶᠢᠷᠢ ᠲᠣᠭᠲᠠᠭᠠᠯᠲᠠ ᠬᠢᠵᠦ᠂ ᠠᠯᠠᠰᠢᠨ ᠡᠯᠵᠢᠭᠡ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ ᠪᠠᠶᠢᠭᠤᠯᠵᠤ᠂ ᠠᠯᠠᠰᠢᠨ ᠡᠯᠵᠢᠭᠡ ᠶᠢᠨ ᠠᠵᠤ ᠥᠢᠯᠡᠰ ᠢ ᠶᠡᠬᠡᠪᠡᠷ | ᠬᠥᠭᠵᠢᠭᠦᠯᠪᠡ᠃ ᠣᠳᠣᠬᠠᠨ ᠳᠤ᠂ ᠪᠦᠬᠦ ᠲᠣᠰᠬᠤᠨ ᠳᠤ ᠨᠡᠶᠢᠲᠡ 532 ᠠᠯᠠᠰᠢᠨ ᠡᠯᠵᠢᠭᠡ ᠲᠡᠵᠢᠭᠡᠨ ᠦᠷᠡᠵᠢᠭᠦᠯᠵᠦ᠂ ᠠᠯᠠᠰᠢᠨ ᠡᠯᠵᠢᠭᠡ ᠲᠡᠵᠢᠭᠡᠨ | ᠦᠷᠡᠵᠢᠭᠦᠯᠬᠦ ᠨᠢ ᠲᠣᠰᠬᠤᠨ ᠤ ᠠᠷᠠᠳ ᠤᠨ ᠶᠠᠳᠠᠭᠤ ᠠᠴᠠ ᠡᠩᠵᠢᠷᠡᠨ ᠪᠠᠶᠠᠵᠢᠬᠤ ᠭᠤᠤᠯᠯᠠᠬᠤ ᠠᠵᠤ ᠦᠢᠯᠡᠰ ᠤᠨ ᠨᠢᠭᠡ ᠪᠣᠯᠵᠠᠶ᠃ | | | | | |