︽ᠠᠳᠠᠯ ᠦᠢᠯᠡᠰ ᠴᠣᠭᠴᠠᠯᠠᠬᠤ ᠪᠠᠯᠠ ᠣᠷᠣᠭᠤᠯᠤᠯᠲᠠ ᠶᠢᠨ ᠪᠠᠶᠢᠭᠤᠯᠤᠮᠵᠢ ᠪᠠᠶᠠᠨᠨᠠᠭᠤᠷ ᠬᠤᠲᠠ ᠳᠤ ᠣᠷᠣᠵᠤ ᠢᠷᠡᠬᠦ︾ ᠳᠥᠷᠪᠡᠳᠦᠭᠡᠷ ᠬᠤᠭᠤᠴᠠᠭᠠᠨ ᠤ ᠰᠢᠨᠵᠢᠯᠡᠨ ᠪᠠᠶᠢᠴᠠᠭᠠᠬᠤ ᠪᠦᠯᠬᠦᠮ ᠮᠠᠨ ᠤ ᠬᠤᠲᠠ ᠳᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2020/12/16
     12 ᠰᠠᠷ᠎ᠠ ᠶᠢᠨ 2 ᠤᠨ ᠡᠳᠦᠷ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠳᠠᠯᠳᠤᠭᠠᠴᠢᠨ ᠤᠷᠢᠵᠤ ᠰᠢᠨ᠎ᠡ ᠶᠢ ᠡᠭᠦᠳᠬᠦ  ᠪᠡᠯᠡ ᠣᠷᠣᠭᠤᠯᠤᠯᠲᠠ ᠶᠢᠨ ᠪᠦᠯᠦᠭᠯᠡᠯ ᠤᠨ ᠶᠡᠷᠦᠩᠬᠡᠶ ᠵᠠᠬᠢᠷᠤᠯ᠂ ᠤᠤᠯ ᠤᠨ ᠳᠤᠮᠳᠠᠳᠤ ᠤᠯᠤᠰ ᠤᠨ ᠦᠨᠡᠲᠦ ᠲᠡᠮᠳᠡᠭᠲᠦ  ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠲᠠᠷᠬᠠᠭᠠᠭᠰᠠᠨ ᠬᠢᠨᠠᠨ ᠪᠠᠶᠢᠴᠠᠭᠠᠬᠤ ᠵᠥᠪᠯᠡᠯ ᠤᠨ ᠲᠤᠰᠬᠠᠶ  ᠲᠤᠰᠢᠶᠠᠯᠲᠤ ᠭᠡᠰᠢᠭᠦᠨ ᠸᠠᠨ ᠶᠦᠩ ᠤᠨ ᠳᠠᠭᠠᠭᠤᠯᠤᠭᠰᠠᠨ ᠥᠰᠢ ᠬᠤᠩ ᠳ᠋ᠢᠩ ᠪᠠᠯᠠ ᠣᠷᠣᠭᠤᠯᠤᠯᠲᠠ ᠶᠢᠨ  ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠱᠧᠨᠵᠧᠨ ᠤ ᠬᠤᠩ ᠱᠢ ᠬᠥᠷᠥᠩᠭᠡ ᠶᠢᠨ ᠬᠠᠮᠢᠶᠠᠷᠤᠯᠲᠠ ᠶᠢᠨ ᠬᠢᠵᠠᠭᠠᠷᠲᠤ  ᠺᠥᠮᠫᠠᠨᠢ ᠵᠡᠷᠭᠡ ᠰᠢᠨ᠎ᠡ ᠶᠢ ᠡᠭᠦᠳᠬᠦ ᠪᠠᠯᠠ ᠣᠷᠣᠭᠤᠯᠤᠯᠲᠠ ᠶᠢᠨ ᠪᠠᠶᠢᠭᠤᠯᠤᠮᠵᠢ ᠶᠢᠨ ᠪᠠᠶᠢᠴᠠᠭᠠᠨ ᠦᠵᠡᠬᠦ ᠪᠦᠯᠬᠦᠮ ᠮᠠᠨ ᠤ ᠬᠤᠲᠠ ᠳᠤ ᠬᠦᠷᠴᠦ ᠰᠢᠨᠵᠢᠯᠡᠨ ᠪᠠᠶᠢᠴᠠᠭᠠᠵᠤ᠂ ᠳᠡᠳ᠋ ᠬᠤᠲᠠ ᠶᠢᠨ ᠳᠠᠷᠤᠭ᠎ᠠ ᠴᠢᠦ ᠶᠦᠩ ᠬᠤᠩ ᠪᠠᠷ᠎ᠠ ᠪᠣᠯᠪᠠ᠃      ᠰᠢᠨᠵᠢᠯᠡᠨ ᠪᠠᠶᠢᠴᠠᠭᠠᠬᠤ ᠪᠦᠯᠬᠦᠮ ᠤᠷᠢᠳ ᠬᠤᠵᠢᠳ ᠶᠢᠨ ᠨᠤᠲᠤᠭ ᠪᠡᠯᠴᠢᠭᠡᠷ ᠤᠨ ᠺᠣᠮᠫᠠᠨᠢ᠂ ︽ᠲᠢᠶᠠᠨ ᠹᠦ᠋ ᠾᠧ ᠲᠤᠤ︾ ᠲᠠᠷᠢᠶᠠᠯᠠᠩ ᠤᠨ ᠪᠦᠲᠦᠭᠡᠭᠳᠡᠬᠦᠨ ᠤ ᠦᠵᠡᠭᠦᠯᠦᠯᠭᠡ ᠶᠢᠨ ᠣᠷᠳᠣᠨ᠂ ᠰᠠᠨ  ᠫᠠᠩ  ᠳ᠋ᠠᠨ ᠢᠳᠡᠭᠡᠨ ᠤ ᠺᠣᠮᠫᠠᠨᠢ ᠵᠡᠷᠭᠡ ᠭᠠᠵᠠᠷ ᠲᠤ ᠬᠦᠷᠴᠦ᠂ ᠮᠠᠨ ᠤ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ  ᠦᠢᠯᠡᠳᠪᠦᠷᠢᠯᠡᠵᠦ  ᠡᠳ᠋ᠰᠢᠭᠦᠯᠬᠦ ᠠᠵᠤ ᠠᠬᠤᠶᠢᠯᠠᠯ ᠤᠨ ᠬᠥᠭᠵᠢᠯᠲᠡ ᠶᠢᠨ ᠬᠡᠪᠴᠢᠶ᠎ᠡ ᠠᠵᠤ ᠠᠬᠤᠶ ᠶᠢᠨ ᠦᠷ᠎ᠡ ᠠᠰᠢᠭ᠂ ᠵᠢᠱᠢᠶ᠎ᠡ ᠦᠵᠡᠭᠦᠯᠦᠨ ᠳᠠᠶᠢᠴᠢᠯᠠᠬᠤ ᠦᠶ᠋ᠯᠡᠳᠦᠯ ᠢ ᠪᠠᠳᠠᠷᠠᠭᠤᠯᠤᠭᠰᠠᠨ ᠵᠡᠷᠭᠡ ᠪᠠᠶᠢᠳᠠᠯ ᠢ ᠪᠠᠶᠢᠴᠠᠭᠠᠨ ᠦᠵᠡᠵᠡᠶ᠃ ᠪᠠᠰᠠ ᠮᠠᠨ ᠤ ᠬᠤᠲᠠ ᠶᠢᠨ ᠠᠵᠤ ᠠᠬᠤᠶᠢᠯᠠᠯ ᠲᠠᠢ ᠶᠠᠷᠢᠯᠴᠠᠬᠤ ᠬᠤᠷᠠᠯ ᠬᠢᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠵᠠᠭᠪᠤᠷ᠂ ᠬᠥᠭᠵᠢᠯᠲᠡ ᠶᠢᠨ ᠰᠡᠳᠬᠢᠴᠡ ᠵᠡᠷᠭᠡ ᠲᠠᠯ᠎ᠠ ᠪᠠᠷ ᠮᠠᠨ ᠤ ᠬᠤᠲᠠ ᠶᠢᠨ ᠠᠵᠤ ᠠᠬᠤᠶᠢᠯᠠᠯ ᠲᠠᠢ ᠭᠦᠨᠵᠡᠭᠡᠢ ᠰᠣᠯᠢᠯᠴᠠᠵᠤ᠂ ᠪᠡᠯᠡ ᠮᠥᠩᠭᠦ ᠪᠡᠯᠡ ᠣᠷᠣᠭᠤᠯᠬᠤ ᠵᠡᠷᠭᠡ ᠲᠠᠯ᠎ᠠ ᠪᠠᠷ  ᠬᠠᠮᠲᠤᠷᠠᠯᠴᠠᠬᠤ ᠪᠠᠷ ᠲᠥᠯᠥᠪᠯᠡᠵᠦ ᠪᠤᠢ᠃      ᠨᠢᠳᠤᠨᠤᠨ ᠠᠴᠠ ᠨᠠᠰᠢ᠂ ᠠᠵᠤ ᠠᠬᠤᠶᠢᠯᠠᠯ ᠤᠨ ᠬᠥᠷᠥᠩᠭᠡ ᠶᠢᠨ ᠵᠠᠬ᠎ᠠ ᠳᠡᠯᠭᠡᠭᠦᠷ ᠲᠠᠢ ᠲᠦᠷᠭᠡᠨ ᠵᠣᠯᠭᠠᠭᠤᠯᠬᠤ ᠶᠢ ᠠᠬᠢᠭᠤᠯᠬᠤ ᠶᠢᠨ ᠲᠥᠯᠥᠭᠡ᠂ ᠮᠠᠨ ᠤ ᠬᠤᠲᠠ ︽ᠠᠳᠠᠯ  ᠦᠢᠯᠡᠰ ᠴᠣᠭᠴᠠᠯᠠᠬᠤ ᠪᠠᠯᠠ ᠣᠷᠣᠭᠤᠯᠤᠯᠲᠠ ᠶᠢᠨ  ᠪᠠᠶᠢᠭᠤᠯᠤᠮᠵᠢ ᠪᠠᠶᠠᠨᠨᠠᠭᠤᠷ ᠬᠤᠲᠠ ᠳᠤ ᠣᠷᠣᠬᠤ︾ ᠰᠢᠷᠢᠰ ᠠᠵᠢᠯᠯᠠᠭ᠎ᠠ ᠶᠢ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠪᠣᠯ ︽ᠠᠳᠠᠯ ᠦᠶ᠋ᠯᠡᠰ ᠴᠣᠭᠴᠠᠯᠠᠬᠤ ᠪᠠᠯᠠ ᠣᠷᠣᠭᠤᠯᠤᠯᠲᠠ ᠶᠢᠨ ᠪᠠᠶᠢᠭᠤᠯᠤᠮᠵᠢ ᠪᠠᠶᠠᠨᠨᠠᠭᠤᠷ ᠲᠤ ᠣᠷᠣᠬᠤ︾ ᠰᠢᠷᠢᠰ ᠠᠵᠢᠯᠯᠠᠭ᠎ᠠ ᠶᠢᠨ ᠳᠥᠷᠪᠡᠳᠦᠭᠡᠷ ᠬᠤᠭᠤᠴᠠᠭ᠎ᠠ ᠪᠣᠯᠤᠨ᠎ᠠ᠃
ᠢᠷᠡᠯᠲᠡ᠄ ᠲᠤᠰ ᠰᠦᠯᠵᠢᠶ᠎ᠠ