ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ︶
ᠨᠡᠶᠢᠲᠡᠯᠡᠭᠰᠡᠨ ᠴᠠᠭ᠄
2020/12/29
     ᠨᠢᠭᠡ᠂ ᠤᠳᠤᠷᠢᠳᠬᠤ ᠪᠠᠭ      ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ᠄ ᠴᠧᠨ ᠯᠢᠨ      ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ᠄ ᠾᠧ ᠯᠢᠩ      ᠪᠠᠶᠢᠩᠭᠤ ᠶᠢᠨ ᠳᠡᠳ᠋ ᠡᠷᠬᠢᠯᠡᠭᠴᠢ᠄ ᠮᠠ ᠭᠦᠢ ᠫᠢᠩ ︵ᠰᠠᠯᠠᠭᠠᠨ ᠳᠡᠰ ᠤᠨ ᠤᠳᠤᠷᠢᠳᠤᠯᠭ᠎ᠠ ᠶᠢᠨ ᠪᠤᠰᠤ ᠲᠤᠰᠢᠶᠠᠯ︶      ᠬᠤᠶᠠᠷ᠂ ᠭᠤᠣᠯ ᠲᠤᠰᠢᠶᠠᠯ ᠬᠠᠷᠢᠭᠤᠴᠠᠯᠭ᠎ᠠ      ︵ᠨᠢᠭᠡ︶ ᠦᠨᠳᠦᠰᠦᠲᠡᠨ ᠤ ᠣᠨᠣᠯ ᠪᠠ ᠦᠨᠳᠦᠰᠦᠲᠡᠨ ᠤ ᠠᠵᠢᠯ ᠤᠨ ᠴᠢᠬᠤᠯᠠ ᠶᠡᠭᠡ ᠠᠰᠠᠭᠤᠳᠠᠯ ᠤᠨ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠲᠣᠭᠤᠷᠢᠭ ᠤᠨ ᠦᠨᠳᠦᠰᠦᠲᠡᠨ ᠤ ᠠᠵᠢᠯ ᠪᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠲᠤᠬᠠᠢ ᠲᠥᠷᠥ ᠶᠢᠨ ᠪᠣᠳᠣᠯᠭ᠎ᠠ ᠳᠤ ᠰᠠᠨᠠᠭᠤᠯᠭ᠎ᠠ ᠳᠤᠷᠠᠳᠴᠤ᠂ ᠬᠠᠮᠢᠶᠠᠳᠠᠬᠤ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠲᠣᠭᠤᠷᠢᠭ ᠤᠨ ᠦᠨᠳᠦᠰᠦᠲᠡᠨ ᠪᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠲᠤᠬᠠᠢ ᠳᠦᠷᠢᠮ ᠠᠷᠭ᠎ᠠ ᠪᠠᠷᠢᠯ ᠢ ᠨᠣᠣᠷᠠᠭᠯᠠᠬᠤ ᠶᠢᠨ ᠬᠠᠮᠲᠤ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠰᠢᠪᠠᠳᠠᠨ ᠪᠠᠶᠢᠴᠠᠭᠠᠯᠲᠠ ᠬᠢᠨ᠎ᠡ᠃ ᠦᠨᠳᠦᠰᠦᠲᠡᠨ ᠤ ᠣᠨᠣᠯ᠂ ᠦᠨᠳᠦᠰᠦᠲᠡᠨ ᠤ ᠲᠥᠷᠥ ᠶᠢᠨ ᠪᠣᠳᠣᠯᠭ᠎ᠠ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠬᠤᠶᠠᠷ︶ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠵᠣᠬᠢᠴᠠᠭᠤᠯᠤᠨ ᠵᠢᠭᠠᠨ ᠵᠢᠯᠣᠭᠤᠳᠤᠨ᠎ᠠ᠃ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠠᠵᠢᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠨᠳᠦᠰᠦᠲᠡᠨ ᠤ ᠬᠠᠷᠢᠴᠠᠭ᠎ᠠ ᠳᠠᠬᠢ ᠴᠢᠬᠤᠯᠠ ᠶᠡᠭᠡ ᠤᠴᠢᠷ ᠶᠠᠪᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠲᠠᠢ ᠬᠤᠯᠪᠣᠭᠳᠠᠬᠤ ᠤᠴᠢᠷ ᠶᠠᠪᠤᠳᠠᠯ ᠢ ᠬᠢᠨᠠᠨ ᠭᠦᠢᠴᠡᠳᠬᠡᠵᠦ᠂ ᠴᠥᠭᠡᠨ ᠲᠣᠭᠠᠲᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠪᠦᠬᠦ ᠲᠣᠭᠤᠷᠢᠭ ᠤᠨ ᠨᠡᠶᠢᠭᠡᠮ ᠤᠨ ᠲᠣᠭᠲᠠᠭᠤᠨ ᠤ ᠠᠵᠢᠯ ᠢ ᠵᠣᠬᠢᠴᠠᠭᠤᠯᠤᠨ ᠬᠠᠮᠠᠭᠠᠯᠠᠬᠤ ᠠᠵᠢᠯ ᠳᠤ ᠣᠷᠣᠯᠴᠠᠵᠤ᠂ ᠡᠯ᠎ᠡ ᠦᠨᠳᠦᠰᠦᠲᠡᠨ ᠤ ᠬᠠᠮᠲᠤ ᠶᠢᠨ ᠪᠦᠯᠬᠦᠮᠳᠡᠯ ᠲᠡᠮᠡᠴᠡᠯ ᠢ ᠠᠬᠢᠭᠤᠯᠵᠤ᠂ ᠬᠠᠮᠲᠤ ᠪᠠᠷ ᠴᠡᠴᠡᠭᠯᠡᠨ ᠬᠥᠭᠵᠢᠵᠦ᠂ ᠤᠯᠤᠰ ᠤᠨ ᠨᠢᠭᠡᠳᠦᠯ ᠢ ᠬᠠᠮᠠᠭᠠᠯᠠᠨ᠎ᠠ᠃      ︵ᠭᠤᠷᠪᠠ︶ ᠴᠥᠭᠡᠨ ᠲᠣᠭᠠᠲᠤ ᠦᠨᠳᠦᠰᠦᠲᠡᠨ ᠪᠠ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠠᠯ᠎ᠠ ᠶᠢᠨ ᠠᠰᠠᠭᠤᠳᠠᠯ ᠢ ᠰᠤᠳᠤᠯᠤᠨ ᠵᠠᠳᠠᠯᠬᠤ ᠶᠢᠨ ᠬᠠᠮᠲᠤ ᠣᠨᠴᠠᠭᠠᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠦᠨᠳᠦᠰᠦᠲᠡᠨ ᠤ ᠠᠵᠢᠯ ᠤᠨ ᠬᠠᠮᠢᠶᠠᠲᠠᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠣᠬᠢᠴᠠᠭᠤᠯᠤᠨ ᠱᠠᠭᠠᠷᠳᠠᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠠᠵᠤ ᠠᠬᠤᠢ ᠶᠢᠨ ᠬᠥᠭᠵᠢᠯᠲᠡ ᠪᠠ ᠨᠡᠶᠢᠭᠡᠮ ᠤᠨ ᠠᠵᠢᠯ ᠦᠢᠯᠡᠰ ᠤᠨ ᠬᠠᠮᠢᠶ᠎ᠠ ᠪᠦᠬᠦᠢ ᠬᠦᠷᠢᠶ᠎ᠡ ᠴᠠᠷᠠᠭᠠᠨ ᠳᠤ ᠬᠡᠷᠡᠭᠵᠢᠭᠦᠯᠬᠦ ᠪᠠ ᠵᠠᠯᠭᠠᠯᠴᠠᠬᠤ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ᠂ ᠠᠵᠢᠯ ᠲᠥᠷᠥᠯ ᠢᠶᠠᠷ ᠢᠶᠠᠨ ᠲᠤᠰᠠᠯᠠᠬᠤ ᠪᠠ ᠠᠵᠤ ᠠᠬᠤᠢ ᠮᠡᠷᠭᠡᠵᠢᠯ ᠤᠨ ᠬᠠᠮᠵᠢᠯᠴᠠᠭ᠎ᠠ᠂ ᠦᠨᠳᠦᠰᠦᠲᠡᠨ ᠤ ᠠᠷᠠᠯᠵᠢᠶ᠎ᠠ᠂ ᠦᠨᠳᠦᠰᠦᠲᠡᠨ ᠤ ᠣᠨᠴᠠᠭᠠᠢ ᠬᠡᠷᠡᠭᠯᠡᠭᠡᠨ ᠤ ᠪᠠᠷᠠᠭ᠎ᠠ ᠤᠨ ᠦᠢᠯᠡᠳᠪᠦᠷᠢᠯᠡᠯ ᠵᠡᠷᠭᠡ ᠬᠠᠮᠢᠶ᠎ᠠ ᠪᠦᠬᠦᠢ ᠠᠵᠢᠯ ᠤᠨ ᠵᠣᠬᠢᠴᠠᠭᠤᠯᠭ᠎ᠠ ᠳᠤ ᠣᠷᠣᠯᠴᠠᠨ᠎ᠠ᠃ ᠪᠦᠬᠦ ᠲᠣᠭᠤᠷᠢᠭ ᠤᠨ ᠦᠨᠳᠦᠰᠦᠲᠡᠨ ᠤ ᠠᠵᠢᠯ ᠪᠠ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠳᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠨ᠎ᠡ᠃      ︵ᠳᠥᠷᠪᠡ︶ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠵᠡᠷᠭᠡ ᠲᠤᠰᠬᠠᠢ ᠲᠥᠷᠥᠯ ᠤᠨ ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠵᠤ᠂ ᠪᠦᠬᠦ ᠲᠣᠭᠤᠷᠢᠭ ᠤᠨ ᠠᠵᠤ ᠠᠬᠤᠢ ᠨᠡᠶᠢᠭᠡᠮ ᠤᠨ ᠬᠠᠮᠢᠶᠠᠳᠠᠬᠤ ᠬᠦᠷᠢᠶ᠎ᠡ ᠴᠠᠷᠠᠭᠠᠨ ᠤ ᠬᠥᠭᠵᠢᠭᠦᠯᠦᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠳᠤ ᠣᠷᠣᠯᠴᠠᠨ᠎ᠠ᠂ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠤᠨ ᠬᠥᠭᠵᠢᠯᠲᠡ ᠶᠢᠨ ᠶᠡᠷᠦᠩᠬᠡᠶᠢᠯᠡᠭᠰᠡᠨ ᠦᠨᠡᠯᠡᠯᠲᠡ ᠬᠢᠨᠠᠨ ᠬᠡᠮᠵᠢᠯᠲᠡ ᠶᠢᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠦᠨᠳᠦᠰᠦᠲᠡᠨ ᠤ ᠬᠡᠷᠡᠭ ᠶᠠᠪᠤᠳᠠᠯ ᠤᠨ ᠦᠢᠯᠡᠴᠢᠯᠡᠭᠡᠨ ᠤ ᠲᠣᠭᠲᠠᠯᠴᠠᠭ᠎ᠠ ᠪᠠ ᠦᠨᠳᠦᠰᠦᠲᠡᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠰᠤᠷᠠᠭ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃      ︵ᠲᠠᠪᠤ︶ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠰᠤᠷᠤᠯᠴᠠᠬᠤ᠂ ᠬᠡᠷᠡᠭᠯᠡᠬᠦ᠂ ᠰᠤᠳᠤᠯᠬᠤ᠂ ᠬᠥᠭᠵᠢᠭᠦᠯᠬᠦ᠂ ᠠᠪᠤᠷᠠᠬᠤ᠂ ᠬᠠᠮᠠᠭᠠᠯᠠᠬᠤ᠂ ᠤᠯᠠᠮᠵᠢᠯᠠᠬᠤ ᠠᠵᠢᠯ ᠢ ᠬᠠᠮᠢᠶᠠᠷᠤᠨ᠎ᠠ᠃ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠦᠨᠳᠦᠰᠦᠲᠡᠨ ᠤ ᠰᠤᠷᠭᠠᠨ ᠬᠥᠮᠦᠵᠢᠯ᠂ ᠣᠷᠴᠢᠭᠤᠯᠭ᠎ᠠ᠂ ᠬᠡᠪᠯᠡᠯ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠪᠠ ᠦᠨᠳᠦᠰᠦᠲᠡᠨ ᠤ ᠡᠷᠲᠡᠨ ᠤ ᠪᠢᠴᠢᠭ ᠢ ᠴᠤᠭᠯᠠᠭᠤᠯᠵᠤ ᠳᠢᠭᠯᠡᠨ ᠬᠡᠪᠯᠡᠭᠦᠯᠬᠦ ᠠᠵᠢᠯ ᠢ ᠵᠢᠭᠠᠨ ᠵᠢᠯᠣᠭᠤᠳᠤᠨ᠎ᠠ᠃      ︵ᠵᠢᠷᠭᠤᠭ᠎ᠠ︶ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠬᠤ ᠠᠵᠢᠯ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷᠴᠤᠳ ᠲᠠᠢ ᠬᠠᠷᠢᠯᠴᠠᠨ᠂ ᠬᠠᠮᠢᠶᠠᠳᠠᠬᠤ ᠰᠠᠯᠠᠭ᠎ᠠ ᠮᠥᠴᠢᠷ ᠲᠤ ᠬᠠᠮᠵᠢᠨ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠪᠤᠶᠢᠵᠢᠭᠤᠯᠬᠤ᠂ ᠬᠥᠮᠦᠵᠢᠭᠦᠯᠬᠦ ᠪᠠ ᠬᠡᠷᠡᠭᠯᠡᠬᠦ ᠠᠵᠢᠯ ᠢ ᠰᠠᠶᠢᠲᠤᠷ ᠬᠢᠨ᠎ᠡ᠃      ︵ᠳᠣᠯᠤᠭ᠎ᠠ︶ ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠲᠤᠰᠢᠶᠠᠨ ᠭᠦᠢᠴᠡᠳᠬᠡᠯᠭᠡᠬᠦ ᠪᠤᠰᠤᠳ ᠡᠭᠦᠷᠭᠡ ᠶᠢ ᠪᠡᠶᠡᠯᠡᠭᠦᠯᠦᠨ᠎ᠡ᠃ ᠭᠤᠷᠪᠠ᠂ ᠳᠣᠲᠣᠭᠠᠳᠤ ᠶᠢᠨ ᠪᠠᠶᠢᠭᠤᠯᠤᠮᠵᠢ   ᠳᠡᠭᠡᠷ᠎ᠡ ᠳᠤᠷᠠᠳᠤᠭᠰᠠᠨ ᠲᠤᠰᠢᠶᠠᠯ ᠬᠠᠷᠢᠭᠤᠴᠠᠯᠭ᠎ᠠ ᠶᠢ ᠦᠨᠳᠦᠰᠦᠯᠡᠨ᠂ ᠯᠢᠨ ᠾᠧ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠳᠣᠲᠣᠭᠠᠳᠤ ᠳᠠᠭᠠᠨ 3 ᠪᠠᠶᠢᠭᠤᠯᠤᠮᠵᠢ ᠲᠣᠬᠢᠷᠠᠭᠤᠯᠵᠠᠢ᠃      ︵ᠨᠢᠭᠡ︶ ᠠᠯᠪᠠᠨ ᠭᠡᠷ      ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠰᠤᠷᠠᠭ ᠵᠠᠩᠭᠢ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠡᠳ᠋ ᠤᠨ ᠶᠠᠪᠤᠳᠠᠯ᠂ ᠬᠥᠮᠦᠨ ᠤ ᠶᠠᠪᠤᠳᠠᠯ᠂ ᠬᠥᠳᠡᠯᠮᠦᠷᠢ ᠴᠠᠯᠢᠩ᠂ ᠪᠠᠶᠢᠭᠤᠯᠤᠮᠵᠢ ᠶᠢᠨ ᠣᠷᠣᠨ ᠲᠤᠭ᠎ᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠰᠤᠷᠠᠭ ᠵᠠᠩᠭᠢᠵᠢᠯᠲᠠ ᠶᠢᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠲᠤᠰᠢᠶᠠᠯ ᠬᠠᠪᠰᠤᠷᠭᠠᠭᠰᠠᠨ ᠭᠡᠰᠢᠭᠦᠨ ᠤ ᠳᠦᠷᠢᠮ ᠢ ᠬᠡᠷᠡᠭᠵᠢᠭᠦᠯᠦᠨ ᠲᠦᠯᠬᠢᠨ ᠠᠬᠢᠭᠤᠯᠵᠤ᠂ ᠲᠤᠰᠢᠶᠠᠯ ᠬᠠᠪᠰᠤᠷᠭᠠᠭᠰᠠᠨ ᠭᠡᠰᠢᠭᠦᠨ ᠨᠢᠭᠡᠴᠢ ᠲᠠᠢ ᠬᠠᠷᠢᠯᠴᠠᠬᠤ ᠪᠣᠳᠠᠲᠠᠢ ᠠᠵᠢᠯ ᠢ ᠡᠭᠦᠷᠭᠡᠯᠡᠨ᠎ᠡ᠃ ᠴᠢᠬᠤᠯᠠ ᠶᠡᠭᠡ ᠪᠠᠶᠠᠷ ᠤᠨ ᠶᠣᠰᠣᠯᠠᠯ᠂ ᠴᠢᠬᠤᠯᠠ ᠶᠡᠭᠡ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠ ᠳᠠᠭᠠᠭᠠᠨ ᠡᠷᠬᠢᠯᠡᠬᠦ ᠠᠵᠢᠯ ᠢ ᠬᠠᠷᠢᠭᠤᠴᠠᠨ᠎ᠠ᠃ ᠴᠥᠭᠡᠨ ᠲᠣᠭᠠᠲᠤ ᠦᠨᠳᠦᠰᠦᠲᠡᠨ ᠤ ᠴᠢᠬᠤᠯᠠ ᠰᠤᠷᠤᠯᠴᠠᠯᠭ᠎ᠠ᠂ ᠲᠣᠭᠤᠷᠢᠨ ᠦᠵᠡᠬᠦ᠂ ᠪᠠᠶᠢᠴᠠᠭᠠᠨ ᠦᠵᠡᠬᠦ ᠵᠡᠷᠭᠡ ᠤᠴᠢᠷ ᠶᠠᠪᠤᠳᠠᠯ ᠤᠨ ᠪᠣᠳᠠᠲᠠᠢ ᠠᠵᠢᠯ ᠢ ᠬᠠᠷᠢᠭᠤᠴᠠᠨ᠎ᠠ ᠃ ᠪᠠᠶᠢᠭᠤᠯᠭ᠎ᠠ ᠶᠢᠨ ᠺᠠᠳ᠋ᠷᠴᠤᠳ ᠤᠨ ᠬᠥᠮᠦᠵᠢᠯ ᠪᠣᠯᠪᠠᠰᠤᠷᠠᠯ ᠤᠨ ᠠᠵᠢᠯ ᠢ ᠬᠠᠷᠢᠭᠤᠴᠠᠨ᠎ᠠ᠃ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠬᠤ ᠠᠵᠢᠯ ᠳᠤ ᠣᠷᠣᠯᠴᠠᠨ᠎ᠠ᠂ ᠴᠥᠭᠡᠨ ᠲᠣᠭᠠᠲᠤ ᠦᠨᠳᠦᠰᠦᠲᠡᠨ ᠤ ᠺᠠᠳ᠋ᠷᠴᠤᠳ ᠲᠠᠢ ᠬᠠᠷᠢᠯᠴᠠᠬᠤ ᠪᠣᠳᠠᠲᠠᠢ ᠠᠵᠢᠯ ᠢ ᠡᠭᠦᠷᠭᠡᠯᠡᠨ᠎ᠡ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠨ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠦᠵᠢᠭᠦᠯᠦᠨ ᠪᠤᠶᠢᠵᠢᠭᠤᠯᠬᠤ᠂ ᠰᠣᠩᠭᠤᠨ ᠲᠠᠨᠢᠯᠴᠠᠭᠤᠯᠬᠤ ᠠᠵᠢᠯ ᠢ ᠳᠠᠭᠠᠭᠠᠨ ᠭᠦᠢᠴᠡᠳᠬᠡᠨ᠎ᠡ᠃      ︵ᠬᠤᠶᠠᠷ︶ ᠦᠨᠳᠦᠰᠦᠲᠡᠨ ᠤ ᠰᠠᠯᠠᠭ᠎ᠠ      ᠪᠦᠬᠦ ᠲᠣᠭᠤᠷᠢᠭ ᠤᠨ ᠦᠨᠳᠦᠰᠦᠲᠡᠨ ᠪᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠶᠢᠨ ᠲᠠᠯ᠎ᠠ ᠶᠢᠨ ᠳᠦᠷᠢᠮ ᠠᠷᠭ᠎ᠠ ᠪᠠᠷᠢᠯ ᠢ ᠰᠤᠳᠤᠯᠤᠨ ᠲᠣᠭᠲᠠᠭᠠᠬᠤ ᠳᠤ ᠣᠷᠣᠯᠴᠠᠨ᠎ᠠ᠂ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠳᠦᠷᠢᠮ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠢ ᠰᠠᠶᠢᠲᠤᠷ ᠬᠢᠨ᠎ᠡ᠂ ᠠᠯᠪᠠᠨ ᠪᠠᠶᠢᠭᠤᠯᠭ᠎ᠠ ᠶᠢᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠳᠤ ᠨᠡᠶᠢᠴᠡᠬᠦ ᠴᠢᠨᠠᠷ ᠤᠨ ᠬᠢᠨᠠᠨ ᠪᠠᠶᠢᠴᠠᠭᠠᠯᠲᠠ ᠪᠠ ᠵᠠᠰᠠᠭ ᠵᠠᠬᠢᠷᠭᠠᠨ ᠠᠴᠠ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠶᠢ ᠬᠦᠯᠢᠶᠡᠬᠦ ᠠᠵᠢᠯ ᠢ ᠡᠭᠦᠷᠭᠡᠯᠡᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠪᠠ ᠰᠠᠶᠢᠰᠢᠶᠠᠨ ᠬᠥᠬᠢᠭᠦᠯᠬᠦ ᠪᠣᠳᠠᠲᠠᠢ ᠠᠵᠢᠯ ᠢ ᠳᠠᠭᠠᠭᠠᠨ ᠡᠷᠬᠢᠯᠡᠨ᠎ᠡ᠃ ᠴᠥᠭᠡᠨ ᠲᠣᠭᠠᠲᠤ ᠦᠨᠳᠦᠰᠦᠲᠡᠨ ᠤ ᠵᠠᠩ ᠳᠠᠳᠬᠠᠯ ᠢ ᠬᠦᠨᠳᠦᠳᠬᠡᠬᠦ ᠲᠠᠢ ᠬᠤᠯᠪᠣᠭᠳᠠᠬᠤ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯ ᠤᠨ ᠪᠣᠳᠠᠲᠠᠢ ᠵᠢᠭᠠᠨ ᠵᠢᠯᠣᠭᠤᠳᠤᠯᠭ᠎ᠠ ᠪᠠ ᠵᠣᠬᠢᠴᠠᠭᠤᠯᠭ᠎ᠠ ᠶᠢ ᠳᠠᠭᠠᠭᠠᠨ ᠭᠦᠢᠴᠡᠳᠬᠡᠨ᠎ᠡ᠃ ᠦᠨᠳᠦᠰᠦᠲᠡᠨ ᠤ ᠪᠦᠷᠢᠯᠳᠦᠬᠦᠨ ᠤ ᠬᠠᠮᠢᠶᠠᠷᠤᠯᠲᠠ ᠶᠢᠨ ᠬᠠᠮᠢᠶᠠᠲᠠᠢ ᠠᠵᠢᠯ ᠢ ᠳᠠᠭᠠᠭᠠᠨ ᠭᠦᠢᠴᠡᠳᠬᠡᠵᠦ᠂ ᠯᠠᠯᠤ ᠶᠢᠨ ᠢᠳᠡᠭᠡᠨ ᠤ ᠦᠢᠯᠡᠴᠢᠯᠡᠭᠡᠨ ᠤ ᠠᠵᠢᠯ ᠢ ᠴᠢᠩᠭᠠᠳᠬᠠᠨ᠎ᠠ᠃ ᠦᠨᠳᠦᠰᠦᠲᠡᠨ ᠤ ᠠᠵᠢᠯ ᠪᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠬᠠᠤᠯᠢ ᠴᠠᠭᠠᠵᠠ᠂ ᠬᠠᠤᠯᠢ ᠳᠦᠷᠢᠮ᠂ ᠲᠥᠷᠥ ᠶᠢᠨ ᠪᠣᠳᠣᠯᠭ᠎ᠠ ᠶᠢ ᠭᠦᠢᠴᠡᠳᠬᠡᠭᠰᠡᠨ ᠪᠠᠶᠢᠳᠠᠯ ᠤᠨ ᠬᠢᠨᠠᠨ ᠪᠠᠶᠢᠴᠠᠭᠠᠯᠲᠠ ᠶᠢᠨ ᠠᠵᠢᠯ ᠢ ᠡᠭᠦᠷᠭᠡᠯᠡᠨ᠎ᠡ᠃ ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠢ ᠪᠠᠲᠤᠯᠠᠬᠤ ᠤᠴᠢᠷ ᠶᠠᠪᠤᠳᠠᠯ ᠢ ᠬᠢᠨᠠᠨ ᠭᠦᠢᠴᠡᠳᠬᠡᠨ᠎ᠡ᠃ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠠᠵᠢᠯ ᠤᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠂ ᠦᠨᠳᠦᠰᠦᠲᠡᠨ ᠤ ᠬᠠᠷᠢᠴᠠᠭ᠎ᠠ ᠶᠢᠨ ᠭᠡᠨᠡᠳᠲᠡ ᠶᠢᠨ ᠡᠭᠦᠰᠬᠦ ᠬᠡᠷᠡᠭ ᠤᠴᠢᠷ ᠢ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢᠨ ᠠᠰᠠᠭᠤᠳᠠᠯ ᠢ ᠰᠤᠳᠤᠯᠵᠤ᠂ ᠬᠠᠮᠢᠶᠠᠳᠠᠬᠤ ᠵᠣᠬᠢᠴᠠᠭᠤᠯᠤᠨ ᠰᠢᠢᠳᠪᠦᠷᠢᠯᠡᠬᠦ ᠠᠵᠢᠯ ᠢ ᠡᠭᠦᠷᠭᠡᠯᠡᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠦᠨᠳᠦᠰᠦᠲᠡᠨ ᠤ ᠠᠵᠢᠯ ᠤᠨ ᠬᠠᠮᠢᠶᠠᠲᠠᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠬᠠᠷᠢᠭᠤᠴᠠᠨ ᠵᠣᠬᠢᠴᠠᠭᠤᠯᠤᠨ ᠱᠠᠭᠠᠷᠳᠠᠨ᠎ᠠ᠃ ᠴᠥᠭᠡᠨ ᠲᠣᠭᠠᠲᠤ ᠦᠨᠳᠦᠰᠦᠲᠡᠨ ᠪᠠ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ ᠰᠤᠷᠭᠠᠨ ᠬᠥᠮᠦᠵᠢᠯ᠂ ᠰᠣᠶᠣᠯ᠂ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠨᠡᠶᠢᠭᠡᠮ ᠤᠨ ᠠᠵᠢᠯ ᠦᠢᠯᠡᠰ ᠤᠨ ᠬᠥᠭᠵᠢᠭᠦᠯᠦᠯᠲᠡ ᠶᠢᠨ ᠣᠨᠴᠠᠭᠠᠢ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠢᠶ᠎ᠠ ᠪᠦᠬᠦᠢ ᠠᠵᠢᠯ ᠢᠶᠠᠨ ᠥᠷᠨᠢᠭᠦᠯᠬᠦ ᠳᠤ ᠵᠣᠬᠢᠴᠠᠭᠤᠯᠬᠤ ᠪᠤᠶᠤ ᠬᠠᠮᠵᠢᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠰᠠᠨ ᠬᠤᠭᠤᠴᠠᠭᠠᠲᠠᠢ ᠪᠠᠷ ᠴᠢᠬᠤᠯᠠ ᠶᠡᠭᠡ ᠦᠨᠳᠦᠰᠦᠲᠡᠨ ᠤ ᠰᠣᠶᠣᠯ ᠤᠨ ᠠᠵᠢᠯᠯᠠᠭ᠎ᠠ ᠪᠠ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠤᠷᠤᠯᠳᠤᠭᠠᠨ ᠥᠷᠨᠢᠭᠦᠯᠬᠦ ᠪᠣᠳᠠᠲᠠᠢ ᠠᠵᠢᠯ ᠢ ᠡᠭᠦᠷᠭᠡᠯᠡᠨ᠎ᠡ᠃ ᠦᠨᠳᠦᠰᠦᠲᠡᠨ ᠤ ᠬᠤᠭᠤᠷᠣᠨᠳᠣᠬᠢ ᠰᠣᠶᠣᠯ ᠤᠷᠠᠯᠢᠭ ᠤᠨ ᠬᠠᠮᠵᠢᠯᠴᠠᠭ᠎ᠠ ᠪᠠ ᠰᠣᠯᠢᠯᠴᠠᠭᠠᠨ ᠤ ᠠᠵᠢᠯ ᠢ ᠥᠷᠨᠢᠭᠦᠯᠦᠨ᠎ᠡ᠃ ᠴᠥᠭᠡᠨ ᠲᠣᠭᠠᠲᠤ ᠦᠨᠳᠦᠰᠦᠲᠡᠨ ᠪᠠ ᠴᠥᠭᠡᠨ ᠲᠣᠭᠠᠲᠤ ᠦᠨᠳᠦᠰᠦᠲᠡᠨ ᠲᠥᠪᠯᠡᠷᠡᠭᠰᠡᠨ ᠭᠠᠵᠠᠷ ᠣᠷᠣᠨ ᠤ ᠠᠵᠤ ᠠᠬᠤᠢ ᠶᠢᠨ ᠬᠥᠭᠵᠢᠭᠦᠯᠦᠯᠲᠡ ᠶᠢᠨ ᠣᠨᠴᠠᠭᠠᠢ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠪᠣᠳᠠᠲᠠᠢ ᠤᠴᠢᠷ ᠶᠠᠪᠤᠳᠠᠯ ᠢ ᠰᠢᠢᠳᠪᠦᠷᠢᠯᠡᠬᠦ ᠳᠤ ᠵᠣᠬᠢᠴᠠᠯᠳᠤᠨ ᠬᠠᠮᠵᠢᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠬᠠᠮᠵᠢᠨ ᠪᠦᠬᠦ ᠲᠣᠭᠤᠷᠢᠭ ᠤᠨ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ ᠠᠵᠤ ᠠᠬᠤᠢ ᠶᠢᠨ ᠬᠥᠭᠵᠢᠭᠦᠯᠦᠯᠲᠡ ᠶᠢᠨ ᠲᠥᠯᠥᠪᠵᠢᠭᠦᠯᠭᠡ ᠶᠢ ᠲᠤᠭᠤᠷᠪᠢᠵᠤ᠂ ᠲᠥᠯᠥᠪᠵᠢᠭᠦᠯᠭᠡ ᠶᠢᠨ ᠬᠡᠷᠡᠭᠵᠢᠭᠦᠯᠦᠭᠳᠡᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠬᠤ ᠪᠣᠳᠠᠲᠠᠢ ᠠᠵᠢᠯ ᠢ ᠡᠭᠦᠷᠭᠡᠯᠡᠨ᠎ᠡ᠃ ᠦᠨᠳᠦᠰᠦᠲᠡᠨ ᠤ ᠭᠠᠵᠠᠷ ᠣᠷᠣᠨ ᠤ ᠲᠤᠭ᠎ᠠ ᠪᠦᠷᠢᠳᠬᠡᠯ ᠤᠨ ᠵᠠᠳᠠᠯᠤᠯᠲᠠ ᠪᠠ ᠶᠡᠷᠦᠩᠬᠡᠶᠢᠯᠡᠨ ᠦᠨᠡᠯᠡᠬᠦ ᠬᠢᠨᠠᠨ ᠬᠡᠮᠵᠢᠯᠲᠡ ᠶᠢᠨ ᠲᠣᠭᠲᠠᠯᠴᠠᠭᠠᠨ ᠤ ᠬᠠᠮᠢᠶᠠᠲᠠᠢ ᠠᠵᠢᠯ ᠢ ᠡᠭᠦᠷᠭᠡᠯᠡᠨ᠎ᠡ᠃ ᠦᠨᠳᠦᠰᠦᠲᠡᠨ ᠤ ᠭᠠᠵᠠᠷ ᠣᠷᠣᠨ ᠳᠤ ᠠᠵᠢᠯ ᠲᠥᠷᠥᠯ ᠢᠶᠠᠷ ᠢᠶᠠᠨ ᠬᠠᠮᠵᠢᠬᠤ᠂ ᠠᠵᠤ ᠠᠬᠤᠢ ᠮᠡᠷᠭᠡᠵᠢᠯ ᠤᠨ ᠬᠠᠮᠵᠢᠯᠴᠠᠭ᠎ᠠ ᠬᠢᠬᠦ ᠪᠠ ᠦᠨᠳᠦᠰᠦᠲᠡᠨ ᠤ ᠠᠷᠠᠯᠵᠢᠶ᠎ᠠ ᠦᠨᠳᠦᠰᠦᠲᠡᠨ ᠤ ᠣᠨᠴᠠᠭᠠᠢ ᠬᠡᠷᠡᠭᠯᠡᠭᠡᠨ ᠤ ᠪᠠᠷᠠᠭ᠎ᠠ ᠶᠢᠨ ᠦᠢᠯᠡᠳᠪᠦᠷᠢᠯᠡᠯ ᠤᠨ ᠬᠠᠮᠢᠶᠠᠲᠠᠢ ᠠᠵᠢᠯ ᠢ ᠵᠣᠬᠢᠴᠠᠭᠤᠯᠬᠤ ᠳᠤ ᠣᠷᠣᠯᠴᠠᠨ᠎ᠠ᠃ ᠴᠥᠭᠡᠨ ᠲᠣᠭᠠᠲᠤ ᠦᠨᠳᠦᠰᠦᠲᠡᠨ ᠤ ᠬᠥᠭᠵᠢᠭᠦᠯᠦᠯᠲᠡ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠵᠢᠯ ᠪᠠ ᠶᠠᠳᠠᠭᠤ ᠶᠢ ᠲᠡᠳᠬᠦᠬᠦ ᠠᠵᠢᠯ ᠳᠤ ᠣᠷᠣᠯᠴᠠᠨ᠎ᠠ᠃      ︵ᠭᠤᠷᠪᠠ︶ ᠬᠡᠯᠡᠨ ᠤ ᠶᠠᠪᠤᠳᠠᠯ ᠤᠨ ᠰᠠᠯᠠᠭ᠎ᠠ      ᠮᠣᠩᠭᠤᠯ ᠦᠭᠡ ᠬᠡᠯᠡ ᠦᠰᠦᠭ ᠪᠢᠴᠢᠭ ᠤᠨ ᠰᠤᠷᠤᠯᠴᠠᠯᠭ᠎ᠠ᠂ ᠬᠡᠷᠡᠭᠯᠡᠭᠡᠨ ᠪᠠ ᠬᠥᠭᠵᠢᠭᠦᠯᠦᠯᠲᠡ ᠶᠢᠨ ᠠᠵᠢᠯ ᠢ ᠵᠢᠭᠠᠨ ᠵᠢᠯᠣᠭᠤᠳᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤ ᠪᠠᠷ ᠮᠣᠩᠭᠤᠯ ᠦᠭᠡ ᠬᠡᠯᠡ ᠦᠰᠦᠭ ᠪᠢᠴᠢᠭ ᠤᠨ ᠠᠷᠭ᠎ᠠ ᠪᠠᠷᠢᠯ᠂ ᠲᠥᠯᠥᠪᠵᠢᠭᠦᠯᠭᠡ ᠶᠢ ᠰᠤᠳᠤᠯᠤᠨ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠬᠠᠮᠵᠢᠨ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠬᠠᠤᠯᠢ ᠳᠦᠷᠢᠮ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠶᠢᠳᠠᠯ ᠤᠨ ᠬᠢᠨᠠᠨ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠨ᠎ᠡ᠃ ᠮᠣᠩᠭᠤᠯ ᠦᠭᠡ ᠬᠡᠯᠡ ᠦᠰᠦᠭ ᠪᠢᠴᠢᠭ ᠢ ᠰᠤᠷᠴᠤ ᠬᠡᠷᠡᠭᠯᠡᠬᠦ ᠶᠢ ᠰᠠᠶᠢᠰᠢᠶᠠᠨ ᠬᠥᠬᠢᠭᠦᠯᠬᠦ ᠪᠣᠳᠠᠲᠠᠢ ᠠᠵᠢᠯ ᠢ ᠡᠭᠦᠷᠭᠡᠯᠡᠨ᠎ᠡ᠃ ᠮᠣᠩᠭᠤᠯ ᠦᠭᠡ ᠬᠡᠯᠡ ᠦᠰᠦᠭ ᠪᠢᠴᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠮᠣᠩᠭᠤᠯ ᠦᠭᠡ ᠬᠡᠯᠡ ᠦᠰᠦᠭ ᠪᠢᠴᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠥᠳᠡᠯᠦᠯ ᠪᠠᠶᠢᠳᠠᠯ ᠢ ᠳᠠᠷᠤᠢ ᠳᠤᠨᠢ ᠡᠵᠡᠮᠰᠢᠬᠦ ᠶᠢᠨ ᠬᠠᠮᠲᠤ ᠠᠵᠢᠯ ᠤᠨ ᠰᠠᠨᠠᠯ ᠪᠠ ᠰᠠᠨᠠᠭᠤᠯᠭ᠎ᠠ ᠶᠢ ᠳᠤᠷᠠᠳᠤᠨ᠎ᠠ᠃ ᠪᠦᠬᠦ ᠲᠣᠭᠤᠷᠢᠭ ᠤᠨ ᠮᠣᠩᠭᠤᠯ ᠦᠭᠡ ᠬᠡᠯᠡ ᠦᠰᠦᠭ ᠪᠢᠴᠢᠭ ᠤᠨ ᠳᠦᠷᠢᠮᠵᠢᠯ᠂ ᠪᠠᠷᠢᠮᠵᠢᠶᠠᠵᠢᠯ ᠤᠨ ᠠᠵᠢᠯ ᠢ ᠵᠢᠭᠠᠨ ᠵᠢᠯᠣᠭᠤᠳᠴᠤ ᠲᠦᠯᠬᠢᠨ ᠠᠬᠢᠭᠤᠯᠤᠨ᠎ᠠ᠃ ᠪᠦᠬᠦ ᠲᠣᠭᠤᠷᠢᠭ ᠤᠨ ᠮᠣᠩᠭᠤᠯ ᠦᠭᠡ ᠬᠡᠯᠡ ᠦᠰᠦᠭ ᠪᠢᠴᠢᠭ ᠤᠨ ᠰᠤᠷᠠᠭ ᠵᠠᠩᠭᠢᠵᠢᠯᠲᠠ ᠶᠢᠨ ᠠᠵᠢᠯ ᠢ ᠵᠢᠭᠠᠨ ᠵᠢᠯᠣᠭᠤᠳᠴᠤ ᠲᠦᠯᠬᠢᠨ ᠠᠬᠢᠭᠤᠯᠤᠨ᠎ᠠ᠂ ᠮᠣᠩᠭᠤᠯ ᠦᠭᠡ ᠬᠡᠯᠡ ᠦᠰᠦᠭ ᠪᠢᠴᠢᠭ ᠤᠨ ᠰᠤᠷᠠᠭ ᠵᠠᠩᠭᠢᠵᠢᠯᠲᠠ ᠶᠢ ᠬᠥᠭᠵᠢᠭᠦᠯᠬᠦ ᠠᠷᠭ᠎ᠠ ᠪᠠᠷᠢᠯ᠂ ᠲᠥᠯᠥᠪᠵᠢᠭᠦᠯᠭᠡ ᠶᠢᠨ ᠰᠠᠨᠠᠭᠤᠯᠭ᠎ᠠ ᠶᠢ ᠰᠤᠳᠤᠯᠤᠨ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠂ ᠮᠣᠩᠭᠤᠯ ᠦᠭᠡ ᠬᠡᠯᠡ ᠦᠰᠦᠭ ᠪᠢᠴᠢᠭ ᠤᠨ ᠰᠤᠷᠠᠭ ᠵᠠᠩᠭᠢᠵᠢᠯᠲᠠ ᠶᠢᠨ ᠪᠠᠶᠢᠭᠤᠯᠤᠯᠲᠠ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ ᠮᠣᠩᠭᠤᠯ ᠦᠭᠡ ᠬᠡᠯᠡ ᠦᠰᠦᠭ ᠪᠢᠴᠢᠭ ᠤᠨ ᠰᠤᠷᠠᠭ ᠵᠠᠩᠭᠢᠵᠢᠯᠲᠠ ᠶᠢᠨ ᠡᠬᠢ ᠪᠠᠶᠠᠯᠢᠭ ᠢ ᠨᠡᠭᠡᠭᠡᠬᠦ᠂ ᠠᠰᠢᠭᠯᠠᠬᠤ ᠪᠠ ᠬᠠᠮᠲᠤ ᠪᠠᠷ ᠡᠳ᠋ᠯᠡᠬᠦ ᠶᠢ ᠵᠣᠬᠢᠶᠠᠨ ᠪᠠᠶᠢᠭᠤᠯᠤᠨ ᠲᠦᠯᠬᠢᠨ ᠠᠬᠢᠭᠤᠯᠵᠤ᠂ ᠮᠣᠩᠭᠤᠯ ᠦᠭᠡ ᠬᠡᠯᠡ ᠦᠰᠦᠭ ᠪᠢᠴᠢᠭ ᠤᠨ ᠰᠤᠷᠠᠭ ᠵᠠᠩᠭᠢ ᠶᠢᠨ ᠮᠡᠷᠭᠡᠵᠢᠯ ᠢ ᠲᠦᠭᠡᠮᠡᠯᠵᠢᠭᠦᠯᠦᠨ ᠬᠡᠷᠡᠭᠯᠡᠬᠦ ᠶᠢ ᠵᠢᠭᠠᠨ ᠵᠢᠯᠣᠭᠤᠳᠴᠤ ᠲᠦᠯᠬᠢᠨ ᠠᠬᠢᠭᠤᠯᠤᠨ᠎ᠠ᠃      ᠠᠯᠪᠠᠯᠠᠬᠤ ᠭᠠᠵᠠᠷ᠄ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠤᠨ ᠵᠠᠰᠠᠭ ᠤᠨ ᠣᠷᠳᠣᠨ ᠤ ᠲᠣᠮᠣ ᠠᠰᠠᠷ ᠤᠨ 9065 ᠲᠠᠰᠤᠭ      ᠬᠠᠷᠢᠯᠴᠠᠬᠤ ᠤᠲᠠᠰᠤ᠄ 0478 - 8523981      ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨ᠎ᠡ 8 : 30 - 12 : 00︔ ᠦᠳᠡ ᠶᠢᠨ ᠬᠤᠶᠢᠨ᠎ᠠ 15 : 00 - 18 : 00
ᠢᠷᠡᠯᠲᠡ᠄ ᠪᠠᠶᠠᠨᠠᠭᠤᠷ ᠮᠣᠩᠭᠤᠯ ᠰᠦᠯᠵᠢᠶ᠎ᠠ