ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠯᠠᠨ ᠨᠡᠶᠢᠲᠡ ᠪᠠᠷ ᠢᠶᠠᠨ ᠣᠷᠣᠯᠴᠠᠬᠤ ᠠᠵᠢᠯᠯᠠᠭ᠎ᠠ ᠶᠢ ᠣᠯᠠᠨ | ᠨᠡᠶᠢᠲᠡ ᠶᠢᠨ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠪᠠᠲᠤᠯᠠᠵᠤ᠂ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠶᠢᠨ ᠰᠢᠨᠵᠢᠯᠡᠬᠦ ᠤᠬᠠᠭᠠᠨᠴᠢ ᠴᠢᠨᠠᠷ᠂ ᠠᠷᠠᠳᠴᠢᠯᠠᠯᠲᠤ ᠴᠢᠨᠠᠷ ᠢ ᠳᠡᠭᠡᠭᠰᠢᠯᠡᠭᠦᠯᠵᠦ᠂ ︽ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠥᠬᠦ | ᠲᠠᠯ᠎ᠠ ᠪᠠᠷ ᠳᠥᠯᠭᠢᠨ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠰᠠᠨᠠᠯ︾᠂ ︽ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︿ᠵᠠᠰᠠᠭ ᠤᠨ ᠶᠠᠪᠤᠳᠠᠯ ᠢ ᠢᠯᠡ ᠪᠣᠯᠭᠠᠬᠤ | ᠠᠵᠢᠯ ᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠲᠤᠬᠠᠶ ᠰᠠᠨᠠᠯ﹀ ᠢ ᠬᠡᠷᠡᠭᠵᠢᠭᠦᠯᠬᠦ ᠨᠠᠷᠢᠨ ᠲᠦᠷᠢᠮ ᠢ ᠳᠠᠷᠤᠮᠠᠯᠯᠠᠨ ᠲᠠᠷᠬᠠᠭᠠᠬᠤ ᠮᠡᠳᠡᠭᠳᠡᠯ︾ ︵ᠲᠥᠷᠥ ᠠᠯᠪᠠᠨ | ᠲᠠᠷᠬᠠᠭᠠᠭᠰᠠᠨ ︹ 2016 ︺ 80 ᠳ᠋ᠤᠭᠠᠷ ᠲᠣᠭᠠᠲᠤ︶ ᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠲᠦᠷᠢᠮ ᠢ | ᠲᠣᠭᠲᠠᠭᠠᠪᠠ᠃ | ᠨᠢᠭᠡᠳᠦᠭᠡᠷ ᠵᠦᠢᠯ ᠲᠤᠰ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠬᠤ᠂ ᠠᠷᠠᠳ ᠣᠯᠠᠨ ᠤ ᠠᠰᠢᠭ | ᠲᠤᠰᠠ ᠲᠠᠢ ᠨᠢᠭᠲᠠ ᠬᠤᠯᠪᠣᠭ᠎ᠠ ᠲᠠᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠣᠯᠠᠨ ᠨᠡᠶᠢᠲᠡ ᠪᠠᠷ ᠢᠶᠠᠨ ᠣᠷᠣᠯᠴᠠᠬᠤ | ᠠᠵᠢᠯᠯᠠᠭ᠎ᠠ ᠳᠤ ᠲᠤᠰ ᠳᠦᠷᠢᠮ ᠢ ᠬᠡᠷᠡᠭᠯᠡᠨ᠎ᠡ᠃ | ᠬᠤᠶᠠᠳᠤᠭᠠᠷ ᠵᠦᠶ᠋ᠯ ᠴᠢᠬᠤᠯᠠ ᠶᠡᠭᠡ ᠵᠠᠰᠠᠭ ᠵᠠᠬᠢᠷᠭᠠᠨ ᠤ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠳᠤ ᠣᠯᠠᠨ ᠨᠡᠶᠢᠲᠡ ᠪᠠᠷ ᠢᠶᠠᠨ ᠣᠷᠣᠯᠴᠠᠬᠤ ᠳᠤ ᠬᠠᠤᠯᠢ | ᠶᠣᠰᠣᠭᠠᠷ᠂ ᠡᠮᠬᠢ ᠵᠢᠷᠤᠮ ᠲᠠᠢ᠂ ᠰᠠᠶᠢᠨ ᠳᠤᠷ᠎ᠠ ᠶᠢᠨ᠂ ᠲᠥᠬᠦᠮ ᠪᠠᠶᠢᠬᠤ ᠵᠠᠷᠴᠢᠮ ᠢ ᠵᠢᠷᠤᠮᠯᠠᠬᠤ ᠬᠡᠷᠡᠭᠲᠡᠶ᠃ | ᠭᠤᠷᠪᠠᠳᠤᠭᠠᠷ ᠵᠦᠢᠯ ᠰᠢᠢᠳᠪᠦᠷᠢᠲᠦ ᠪᠤᠳᠤᠯᠭ᠎ᠠ ᠶᠢᠨ ᠲᠥᠰᠦᠯ ᠪᠦᠷᠢᠯᠳᠦᠭᠰᠡᠨ ᠤ ᠲᠠᠷᠠᠭ᠎ᠠ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠶ᠋ᠳᠪᠦᠷᠢᠲᠦ | ᠪᠤᠳᠤᠯᠭ᠎ᠠ ᠶᠢᠨ ᠤᠯᠠᠨ ᠨᠡᠶᠢᠲᠡ ᠳᠤ ᠦᠵᠡᠭᠦᠯᠬᠦ ᠨᠥᠯᠥᠭᠡ ᠶᠢᠨ ᠬᠡᠪᠴᠢᠶ᠎ᠡ ᠪᠠ ᠬᠡᠮᠵᠢᠶ᠎ᠡ ᠶᠢ ᠦᠨᠳᠦᠰᠦᠯᠡᠨ᠂ ᠶᠠᠷᠢᠯᠴᠠᠨ ᠶᠠᠷᠢᠯᠴᠠᠬᠤ᠂ ᠵᠥᠪᠯᠡᠯᠭᠡ ᠥᠭᠴᠦ | ᠵᠥᠪᠳᠡᠯᠴᠡᠬᠦ᠂ ᠠᠷᠠᠳ ᠤᠨ ᠰᠠᠨᠠᠭ᠎ᠠ ᠶᠢ ᠪᠠᠶᠢᠴᠠᠭᠠᠬᠤ᠂ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠬᠤ᠂ ᠭᠡᠷᠡᠴᠢᠯᠡᠭᠡ ᠰᠣᠨᠣᠰᠬᠤ ᠵᠡᠷᠭᠡ ᠠᠷᠭ᠎ᠠ ᠮᠠᠶ᠋ᠢᠭ ᠢ | ᠠᠪᠴᠤ᠂ ᠡᠯ᠎ᠡ ᠲᠠᠯ᠎ᠠ ᠶᠢᠨ ᠬᠢᠨ ᠤ ᠵᠦᠢ ᠵᠣᠬᠢᠰᠲᠠᠶ ᠰᠠᠨᠠᠯ ᠪᠠ ᠰᠠᠨᠠᠭᠤᠯᠭ᠎ᠠ ᠶᠢ ᠰᠣᠨᠣᠰᠬᠤ ᠬᠡᠷᠡᠭᠲᠡᠶ᠂ ᠬᠠᠤᠯᠢ ᠶᠣᠰᠣᠭᠠᠷ ᠢᠯᠡ ᠪᠣᠯᠭᠠᠬᠤ ᠦᠭᠡᠢ ᠰᠢᠢᠳᠪᠦᠷᠢᠲᠦ | ᠪᠤᠳᠤᠯᠭ᠎ᠠ ᠶᠢᠨ ᠵᠦᠢᠯᠡᠰ ᠡᠭᠦᠨ ᠳᠤ ᠪᠠᠭᠲᠠᠬᠤ ᠦᠭᠡᠢ᠃ | ᠰᠢᠢᠳᠪᠦᠷᠢᠲᠦ ᠪᠣᠳᠣᠯᠭ᠎ᠠ ᠶᠢᠨ ᠵᠦᠢᠯᠡᠰ ᠨᠢ ᠣᠨᠴᠠ ᠲᠣᠭᠲᠠᠭᠰᠠᠨ ᠬᠠᠮᠲᠤᠯᠢᠭ ᠤᠨ ᠠᠰᠢᠭ ᠲᠤᠰᠠ ᠳᠤ ᠬᠤᠯᠪᠣᠭᠳᠠᠪᠠᠯ᠂ ᠰᠢᠢᠳᠪᠦᠷᠢᠲᠦ ᠪᠣᠳᠣᠯᠭ᠎ᠠ ᠶᠢ | ᠳᠠᠭᠠᠭᠠᠨ ᠭᠦᠢᠴᠡᠳᠭᠡᠬᠦ ᠨᠢᠭᠡᠴᠡ ᠨᠢ ᠬᠠᠮᠢᠶ᠎ᠠ ᠪᠥᠬᠦᠶ ᠠᠷᠠᠳ ᠤᠨ ᠪᠦᠯᠬᠦᠮ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠢᠴᠢ ᠣᠯᠠᠨ ᠲᠦᠮᠡᠨ ᠤ | ᠲᠥᠯᠥᠭᠡᠯᠡᠭᠴᠢ ᠲᠠᠢ ᠨᠡᠪᠲᠡᠷᠡᠯᠴᠡᠨ ᠵᠥᠪᠳᠡᠯᠴᠡᠵᠦ᠂ ᠬᠠᠮᠢᠶ᠎ᠠ ᠪᠥᠬᠦᠶ ᠬᠠᠮᠲᠤᠯᠢᠭ ᠤᠨ ᠰᠠᠨᠠᠯ ᠰᠠᠨᠠᠭᠤᠯᠭ᠎ᠠ ᠶᠢ ᠭᠦᠶ᠋ᠴᠡᠳ ᠰᠣᠨᠣᠰᠬᠤ ᠬᠡᠷᠡᠭᠲᠡᠶ᠃ | ᠳᠥᠷᠪᠡᠳᠦᠭᠡᠷ ᠵᠦᠢᠯ ᠣᠯᠠᠨ ᠨᠡᠶᠢᠲᠡ ᠪᠠᠷ ᠢᠶᠠᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠵᠢᠯᠯᠠᠭ᠎ᠠ ᠳᠤ | ᠣᠷᠣᠯᠴᠠᠭᠰᠠᠨ ᠪᠠᠶᠢᠳᠠᠯ ᠳᠤ᠂ ᠡᠯ᠎ᠡ ᠲᠠᠯ᠎ᠠ ᠶᠢᠨ ᠬᠢᠨ ᠤ ᠰᠠᠨᠠᠯ ᠢ ᠪᠥᠬᠦ ᠲᠠᠯ᠎ᠠ ᠪᠠᠷ᠂ ᠪᠤᠰᠤᠳᠴᠢ ᠪᠠᠷ ᠰᠣᠨᠣᠰᠴᠤ᠂ ᠡᠰᠡᠷᠭᠦᠴᠡᠬᠦ ᠰᠠᠨᠠᠯ ᠢ ᠪᠠᠭᠲᠠᠭᠠᠭᠰᠠᠨ ᠣᠯᠠᠨ | ᠨᠡᠶᠢᠲᠡ ᠶᠢᠨ ᠳᠤᠷᠠᠳᠤᠭᠰᠠᠨ ᠵᠠᠰᠠᠪᠤᠷᠢ ᠣᠷᠣᠭᠤᠯᠬᠤ ᠰᠠᠨᠠᠯ ᠳᠤ ᠬᠠᠤᠯᠢ ᠶᠣᠰᠣᠴᠢ ᠴᠢᠨᠠᠷ᠂ ᠵᠦᠶ ᠶᠣᠰᠣᠴᠢ ᠴᠢᠨᠠᠷ᠂ ᠪᠣᠯᠤᠮᠵᠢᠲᠤ ᠴᠢᠨᠠᠷ ᠵᠡᠷᠭᠡ ᠲᠠᠯ᠎ᠠ ᠪᠠᠷ | ᠵᠠᠳᠠᠯᠤᠯᠲᠠ ᠰᠤᠳᠤᠯᠤᠯᠲᠠ ᠬᠢᠵᠦ᠂ ᠲᠡᠭᠦᠨ ᠤ ᠬᠠᠤᠯᠢ ᠶᠣᠰᠣᠨ ᠤ ᠵᠦᠶ ᠵᠣᠬᠢᠰᠲᠠᠶ ᠰᠠᠨᠠᠭᠤᠯᠭ᠎ᠠ ᠶᠢᠨ ᠰᠠᠨᠠᠯ ᠢ ᠰᠢᠩᠭᠡᠭᠡᠨ ᠠᠪᠬᠤ ᠬᠡᠷᠡᠭᠲᠡᠶ᠃ ᠰᠠᠨᠠᠯ ᠢ ᠬᠦᠯᠢᠶᠡᠨ | ᠠᠪᠤᠭᠰᠠᠨ ᠪᠠᠶᠢᠳᠠᠯ ᠵᠢᠴᠢ ᠬᠠᠷᠢᠴᠠᠩᠭᠤᠶ ᠪᠠᠷ ᠲᠥᠪᠯᠡᠷᠡᠭᠰᠡᠨ ᠰᠠᠨᠠᠯ ᠢ ᠬᠦᠯᠢᠶᠡᠨ ᠠᠪᠤᠭᠰᠠᠨ ᠦᠭᠡᠢ ᠰᠢᠯᠲᠠᠭᠠᠨ ᠢ ᠴᠢᠬᠤᠯᠠ ᠶᠡᠭᠡ ᠵᠠᠰᠠᠭ ᠵᠠᠬᠢᠷᠭᠠᠨ ᠤ | ᠰᠢᠶ᠋ᠳᠪᠦᠷᠢᠲᠦ ᠪᠤᠳᠤᠯᠭ᠎ᠠ ᠶᠢ ᠨᠡᠶᠢᠲᠡᠯᠡᠬᠦ ᠠᠴᠠ ᠡᠮᠦᠨ᠎ᠡ ᠪᠢᠴᠢᠭ ᠤᠨ ᠵᠠᠬᠢᠳᠠᠯ᠂ ᠡᠯᠧᠺᠲᠷᠣᠨ ᠰᠢᠦᠳᠠᠨ ᠤ ᠵᠦᠢᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠤᠯᠠᠨ | ᠨᠡᠶᠢᠲᠡ ᠶᠢᠨ ᠣᠷᠣᠯᠴᠠᠭᠰᠠᠳ ᠲᠤ ᠮᠡᠳᠡᠭᠳᠡᠨ᠎ᠡ︔ ᠨᠡᠶᠢᠭᠡᠮ ᠨᠡᠶᠢᠲᠡ ᠳᠤ ᠲᠥᠰᠦᠯ ᠪᠤᠶᠤ ᠰᠠᠨᠠᠯ ᠬᠤᠷᠢᠶᠠᠬᠤ ᠡᠬᠡ ᠨᠣᠤᠷᠠᠭ ᠢ ᠨᠡᠶᠢᠲᠡᠯᠡᠬᠦ ᠠᠷᠭ᠎ᠠ ᠮᠠᠶ᠋ᠢᠭ ᠢᠶᠠᠷ | ᠰᠠᠨᠠᠯ ᠬᠤᠷᠢᠶᠠᠬᠤ ᠪᠠᠷ ᠳᠠᠮᠵᠢᠭᠤᠯᠤᠨ ᠬᠡᠷᠡᠭᠯᠡᠭᠰᠡᠨ ᠪᠠᠶᠢᠳᠠᠯ ᠢᠶᠠᠨ ᠬᠠᠷᠢᠭᠤ ᠲᠤᠰᠬᠠᠬᠤ ᠴᠢᠬᠤᠯᠠᠲᠠᠶ ᠪᠠᠶᠢᠪᠠᠯ᠂ ᠵᠠᠰᠠᠭ ᠤᠨ ᠣᠷᠳᠣᠨ ᠤ ᠫᠤᠷᠲ᠋ᠤᠯ ᠰᠦᠯᠵᠢᠶ᠎ᠡ ᠵᠢᠴᠢ | ᠤᠤᠯ ᠤᠨ ᠰᠢᠢᠳᠪᠦᠷᠢᠲᠦ ᠪᠣᠳᠣᠯᠭ᠎ᠠ ᠶᠢᠨ ᠲᠥᠰᠦᠯ ᠪᠤᠶᠤ ᠰᠠᠨᠠᠯ ᠬᠤᠷᠢᠶᠠᠬᠤ ᠡᠬᠡ ᠨᠣᠤᠷᠠᠭ ᠢ ᠢᠯᠡ ᠪᠣᠯᠭᠠᠭᠰᠠᠨ ᠵᠠᠭᠤᠴᠢᠯᠠᠭᠤᠷ ᠢᠶᠠᠷ ᠳᠠᠮᠵᠢᠭᠤᠯᠤᠨ ᠨᠡᠶᠢᠭᠡᠮ | ᠨᠡᠶᠢᠲᠡ ᠳᠤ ᠨᠡᠶᠢᠲᠡᠯᠡᠨ᠎ᠡ᠃ | ᠳᠥᠷᠪᠡᠳᠦᠭᠡᠷ ᠵᠦᠢᠯ ᠵᠠᠷᠢᠯᠴᠠᠬᠤ ᠬᠤᠷᠠᠯ ᠳᠡᠭᠡᠷ᠎ᠡ ᠶᠠᠷᠢᠯᠴᠠᠬᠤ᠂ ᠵᠥᠪᠯᠡᠯᠭᠡ ᠥᠭᠴᠦ ᠵᠥᠪᠳᠡᠯᠴᠡᠬᠦ ᠠᠷᠭ᠎ᠠ ᠮᠠᠶ᠋ᠢᠭ ᠢᠶᠠᠷ ᠰᠠᠨᠠᠯ ᠬᠤᠷᠢᠶᠠᠭᠰᠠᠨ ᠪᠠᠶᠢᠪᠠᠯ᠂ | ᠶᠠᠷᠢᠯᠴᠠᠬᠤ ᠬᠤᠷᠠᠯ ᠳᠡᠭᠡᠷ᠎ᠡ ᠶᠠᠷᠢᠯᠴᠠᠬᠤ᠂ ᠵᠥᠪᠯᠡᠯᠭᠡ ᠥᠭᠴᠦ ᠵᠥᠪᠳᠡᠯᠴᠡᠬᠦ ᠶᠠᠪᠤᠴᠠ ᠳᠤ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠤᠨ ᠳᠤᠷᠠᠳᠤᠭᠰᠠᠨ | ᠪᠢᠴᠢᠭ ᠤᠨ ᠪᠤᠶᠤ ᠠᠮᠠᠨ ᠰᠠᠨᠠᠭᠤᠯᠭ᠎ᠠ ᠶᠢᠨ ᠰᠠᠨᠠᠯ ᠢ ᠵᠤᠷᠪᠤᠰ ᠳᠠᠷᠠᠭᠠᠯᠠᠨ ᠰᠠᠶᠢᠲᠤᠷ ᠴᠤᠭᠯᠠᠭᠤᠯᠵᠤ᠂ ᠲᠡᠮᠳᠡᠭᠯᠡᠬᠦ ᠬᠡᠷᠡᠭᠲᠡᠶ᠃ ᠴᠤᠭᠯᠠᠭᠤᠯᠤᠭᠰᠠᠨ᠂ ᠲᠡᠮᠳᠡᠭᠯᠡᠭᠰᠡᠨ | ᠰᠠᠨᠠᠭᠤᠯᠭ᠎ᠠ ᠰᠠᠨᠠᠯ ᠳᠤ ᠵᠤᠷᠪᠤᠰ ᠳᠠᠷᠠᠭᠠᠯᠠᠨ ᠵᠠᠳᠠᠯᠤᠯᠲᠠ ᠬᠢᠵᠦ᠂ ᠪᠢᠴᠢᠭ ᠤᠨ ᠮᠡᠳᠡᠭᠦᠯᠦᠯᠲᠡ ᠪᠣᠯᠭᠠᠬᠤ ᠬᠡᠷᠡᠭᠲᠡᠶ᠃ | ᠲᠠᠪᠤᠳᠤᠭᠠᠷ ᠵᠦᠢᠯ ᠠᠷᠠᠳ ᠤᠨ ᠰᠠᠨᠠᠭ᠎ᠠ ᠶᠢ ᠪᠠᠶᠢᠴᠠᠭᠠᠬᠤ ᠠᠷᠭ᠎ᠠ ᠮᠠᠶ᠋ᠢᠭ ᠢᠶᠠᠷ ᠣᠯᠠᠨ ᠨᠡᠶᠢᠲᠡ ᠶᠢᠨ ᠰᠠᠨᠠᠯ ᠢ ᠬᠤᠷᠢᠶᠠᠭᠰᠠᠨ ᠪᠠᠶᠢᠪᠠᠯ᠂ ᠲᠤᠰᠬᠠᠶ | ᠮᠡᠷᠭᠡᠵᠢᠯ ᠤᠨ ᠪᠠᠶᠢᠴᠠᠭᠠᠯᠲᠠ ᠶᠢᠨ ᠪᠠᠶᠢᠭᠤᠯᠤᠮᠵᠢ ᠳᠤ ᠨᠠᠶᠢᠳᠠᠨ ᠬᠢᠯᠭᠡᠵᠦ᠂ ᠰᠢᠢᠳᠪᠦᠷᠢᠲᠦ ᠪᠣᠳᠣᠯᠭ᠎ᠠ ᠶᠢᠨ ᠲᠥᠰᠦᠯ ᠪᠤᠶᠤ ᠰᠠᠨᠠᠯ ᠬᠤᠷᠢᠶᠠᠬᠤ ᠨᠣᠤᠷᠠᠭ ᠤᠨ | ᠨᠡᠶᠢᠭᠡᠮ ᠤᠨ ᠮᠡᠳᠡᠷᠡᠮᠵᠢ ᠶᠢᠨ ᠬᠡᠮᠵᠢᠶ᠎ᠡ ᠪᠠ ᠬᠦᠯᠢᠶᠡᠨ ᠠᠪᠬᠤ ᠬᠡᠮᠵᠢᠶ᠎ᠡ ᠶᠢ ᠣᠶᠢᠯᠠᠭᠠᠵᠤ ᠪᠣᠯᠤᠨ᠎ᠠ᠃ | ᠠᠷᠠᠳ ᠤᠨ ᠰᠠᠨᠠᠭ᠎ᠠ ᠶᠢᠨ ᠪᠠᠶᠢᠴᠠᠭᠠᠯᠲᠠ ᠳᠤ ᠪᠢᠴᠢᠭ ᠤᠨ ᠮᠡᠳᠡᠭᠦᠯᠦᠯᠲᠡ᠂ ᠠᠷᠠᠳ ᠤᠨ ᠰᠠᠨᠠᠭ᠎ᠠ ᠶᠢᠨ ᠪᠠᠶᠢᠴᠠᠭᠠᠯᠲᠠ ᠶᠢᠨ ᠮᠡᠳᠡᠭᠦᠯᠦᠯᠲᠡ ᠵᠢᠴᠢ | ᠠᠷᠠᠳ ᠤᠨ ᠰᠠᠨᠠᠭ᠎ᠠ ᠶᠢᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠬᠦᠯᠢᠶᠡᠨ ᠠᠪᠤᠭᠰᠠᠨ ᠪᠠᠶᠢᠳᠠᠯ ᠢ ᠪᠦᠷᠢᠯᠳᠦᠭᠦᠯᠵᠦ᠂ ᠴᠢᠬᠤᠯᠠ ᠶᠡᠭᠡ ᠰᠢᠢᠳᠪᠦᠷᠢᠲᠦ | ᠪᠤᠳᠤᠯᠭ᠎ᠠ ᠶᠢ ᠨᠡᠶᠢᠲᠡᠯᠡᠬᠦ ᠠᠴᠠ ᠡᠮᠦᠨ᠎ᠡ ᠠᠷᠠᠳ ᠤᠨ ᠰᠠᠨᠠᠭ᠎ᠠ ᠶᠢᠨ ᠪᠠᠶᠢᠴᠠᠭᠠᠯᠲᠠ ᠶᠢᠨ ᠰᠦᠯᠵᠢᠶᠡᠨ ᠦᠷᠳᠡᠭᠡ ᠵᠡᠷᠭᠡ ᠠᠴᠢᠶᠠᠯᠠᠪᠤᠷᠢ ᠪᠠᠷ ᠳᠠᠮᠵᠢᠭᠤᠯᠤᠨ ᠢᠯᠡ | ᠪᠣᠯᠭᠠᠬᠤ ᠬᠡᠷᠡᠭᠲᠡᠶ᠃ | ᠵᠢᠷᠭᠤᠳᠤᠭᠠᠷ ᠵᠦᠢᠯ ᠨᠡᠶᠢᠭᠡᠮ ᠨᠡᠶᠢᠲᠡ ᠳᠤ ᠲᠥᠰᠦᠯ ᠪᠤᠶᠤ ᠰᠠᠨᠠᠯ ᠬᠤᠷᠢᠶᠠᠬᠤ ᠡᠬᠡ ᠪᠢᠴᠢᠭ ᠨᠡᠶᠢᠲᠡᠯᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠰᠠᠨᠠᠯ | ᠬᠤᠷᠢᠶᠠᠭᠰᠠᠨ ᠪᠠᠶᠢᠪᠠᠯ᠂ ᠰᠢᠢᠳᠪᠦᠷᠢᠲᠦ ᠪᠣᠳᠣᠯᠭ᠎ᠠ ᠶᠢ ᠳᠠᠭᠠᠭᠠᠨ ᠭᠦᠢᠴᠡᠳᠭᠡᠬᠦ ᠨᠢᠭᠡᠴᠡ ᠨᠢ ᠵᠠᠰᠠᠭ ᠤᠨ ᠣᠷᠳᠣᠨ ᠤ ᠰᠦᠯᠵᠢᠶᠡᠨ ᠥᠷᠲᠡᠭᠡ᠂ ᠵᠠᠰᠠᠭ ᠤᠨ | ᠶᠠᠪᠤᠳᠠᠯ ᠤᠨ ᠰᠢᠨ᠎ᠡ ᠵᠠᠭᠤᠴᠢᠯᠠᠭᠤᠷ ᠵᠢᠴᠢ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ ᠵᠡᠷᠭᠡ ᠨᠡᠶᠢᠭᠡᠮ ᠨᠡᠶᠢᠲᠡ ᠳᠤ ᠮᠡᠳᠡᠭᠦᠯᠬᠦ ᠳᠤ ᠲᠥᠬᠦᠮ ᠠᠷᠭ᠎ᠠ | ᠵᠠᠮ ᠢᠶᠠᠷ ᠳᠡᠮᠵᠢᠵᠦ᠂ ᠳᠣᠤᠷᠠᠬᠢ ᠠᠭᠤᠯᠭ᠎ᠠ ᠶᠢ ᠨᠡᠶᠢᠲᠡᠯᠡᠬᠦ ᠬᠡᠷᠡᠭᠲᠡᠶ᠄ ︵ᠨᠢᠭᠡ︶ ᠰᠢᠢᠳᠪᠦᠷᠢᠲᠦ ᠪᠣᠳᠣᠯᠭ᠎ᠠ ᠶᠢᠨ ᠲᠥᠰᠦᠯ ᠤᠨ ᠲᠥᠰᠦᠯ ︵ᠰᠠᠨᠠᠯ ᠬᠤᠷᠢᠶᠠᠬᠤ | ᠨᠣᠤᠷᠠᠭ︶ ᠵᠢᠴᠢ ᠲᠡᠭᠦᠨ ᠤ ᠲᠣᠪᠴᠢ ᠲᠣᠳᠣᠷᠬᠠᠶᠢᠯᠠᠯᠲᠠ᠂ ᠰᠢᠢᠳᠪᠦᠷᠢᠲᠦ ᠪᠣᠳᠣᠯᠭ᠎ᠠ ᠶᠢ ᠲᠤᠭᠤᠷᠪᠢᠨ ᠪᠢᠴᠢᠬᠦ ᠶᠢᠨ ᠦᠨᠳᠦᠰᠦᠯᠡᠯ ᠪᠠ ᠤᠴᠢᠷ ᠰᠢᠯᠲᠠᠭᠠᠨ︔ ︵ | ᠬᠤᠶᠠᠷ︶ ᠤᠯᠠᠨ ᠨᠡᠶᠢᠲᠡ ᠶᠢᠨ ᠰᠠᠨᠠᠯ ᠢᠶᠠᠨ ᠲᠤᠰᠢᠶᠠᠬᠤ ᠠᠷᠭ᠎ᠠ ᠵᠠᠮ᠂ ᠠᠷᠭ᠎ᠠ ᠮᠠᠶ᠋ᠢᠭ᠂ ᠬᠠᠷᠢᠯᠴᠠᠬᠤ ᠠᠷᠭ᠎ᠠ ᠮᠠᠶ᠋ᠢᠭ ᠲᠤ ᠵᠠᠬᠢᠳᠠᠯ ᠨᠡᠪᠲᠡᠷᠡᠬᠦ ᠬᠠᠶ᠋ᠢᠭ᠂ | ᠳ᠋ᠢᠶᠠᠩᠬᠤᠸᠠ᠂ ᠹᠠᠺᠰ ᠪᠠ ᠡᠯᠧᠺᠲᠷᠣᠨ ᠰᠢᠦᠳᠠᠨ ᠬᠠᠶᠢᠷᠴᠠᠭ ᠵᠡᠷᠭᠡ ᠪᠠᠭᠲᠠᠨ᠎ᠠ︔ ︵ᠭᠤᠷᠪᠠ︶ ᠰᠠᠨᠠᠯ ᠬᠤᠷᠢᠶᠠᠬᠤ ᠶᠢᠨ ᠡᠬᠢᠯᠡᠵᠦ ᠳᠠᠭᠤᠰᠬᠤ ᠴᠠᠭ ︵10 | ᠠᠵᠢᠯᠯᠠᠬᠤ ᠡᠳᠦᠷ ᠠᠴᠠ ᠳᠤᠲᠠᠭᠤ ᠪᠠᠶᠢᠵᠤ ᠪᠣᠯᠬᠤ ᠥᠭᠡᠢ︶ ︵ᠲᠦᠷᠪᠡ︶ ᠵᠠᠷᠯᠠᠨ ᠨᠡᠶᠢᠲᠡᠯᠡᠬᠦ ᠶᠣᠰᠣᠲᠠᠶ ᠪᠤᠰᠤᠳ ᠠᠭᠤᠯᠭ᠎ᠠ᠃ ᠪᠠᠶᠢᠳᠠᠯ ᠪᠠᠴᠢᠮ ᠵᠡᠷᠭᠡ | ᠰᠢᠯᠲᠠᠭᠠᠨ ᠠᠴᠠ ᠪᠤᠯᠵᠤ ᠬᠤᠭᠤᠴᠠᠭ᠎ᠠ ᠶᠢ ᠨᠢ ᠪᠣᠭᠤᠨᠢᠰᠬᠠᠬᠤ ᠴᠢᠬᠤᠯᠠᠲᠠᠶ ᠪᠠᠶᠢᠪᠠᠯ᠂ ᠢᠯᠡ ᠪᠠᠷ ᠰᠠᠨᠠᠯ ᠬᠤᠷᠢᠶᠠᠬᠤ ᠳᠠᠭᠠᠨ ᠲᠣᠳᠣᠷᠬᠠᠶᠢᠯᠠᠯᠲᠠ ᠬᠢᠬᠦ ᠬᠡᠷᠡᠭᠲᠡᠶ᠃ | ᠨᠡᠶᠢᠭᠡᠮ ᠨᠡᠶᠢᠲᠡ ᠶᠢᠨ ᠨᠡᠶᠢᠳᠡᠮ ᠠᠩᠬᠠᠷᠴᠤ ᠪᠠᠶᠢᠭ᠎ᠠ ᠪᠤᠶᠤ ᠲᠤᠰᠬᠠᠶ ᠮᠡᠷᠭᠡᠵᠢᠯ ᠤᠨ ᠴᠢᠨᠠᠷ᠂ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ | ᠠᠰᠠᠭᠤᠳᠠᠯ ᠳᠤ ᠰᠢᠢᠳᠪᠦᠷᠢᠲᠦ ᠪᠣᠳᠣᠯᠭ᠎ᠠ ᠳᠠᠭᠠᠭᠠᠨ ᠭᠦᠢᠴᠡᠳᠭᠡᠬᠦ ᠨᠢᠭᠡᠴᠡ ᠨᠢ ᠲᠤᠰᠬᠠᠶ ᠮᠡᠷᠭᠡᠵᠢᠯᠲᠡᠨ ᠤ ᠰᠤᠷᠪᠤᠯᠵᠢᠯᠠᠨ ᠶᠠᠷᠢᠯᠴᠠᠬᠤ ᠵᠡᠷᠭᠡ ᠠᠷᠭ᠎ᠠ | ᠮᠠᠶ᠋ᠢᠭ ᠢᠶᠠᠷ ᠲᠠᠶᠢᠯᠪᠤᠷᠢᠯᠠᠨ ᠲᠣᠳᠣᠷᠬᠠᠶᠢᠯᠠᠵᠤ ᠪᠣᠯᠤᠨ᠎ᠠ᠃ | ᠳᠣᠯᠣᠳᠤᠭᠠᠷ ᠵᠦᠢᠯ ᠨᠡᠶᠢᠭᠡᠮ ᠨᠡᠶᠢᠲᠡ ᠳᠤ ᠲᠥᠰᠦᠯ ︵ᠰᠠᠨᠠᠯ ᠬᠤᠷᠢᠶᠠᠬᠤ ᠡᠬᠡ ᠨᠣᠣᠷᠠᠭ︶ ᠨᠡᠶᠢᠲᠡᠯᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠢᠯᠡ ᠪᠠᠷ | ᠰᠠᠨᠠᠯ ᠬᠤᠷᠢᠶᠠᠭᠰᠠᠨ ᠪᠠᠶᠢᠪᠠᠯ᠂ ᠤᠯᠠᠨ ᠨᠡᠶᠢᠲᠡ ᠯᠦᠭᠡ ᠶᠢᠨ ᠰᠣᠯᠢᠯᠴᠠᠭ᠎ᠠ᠂ ᠨᠡᠪᠲᠡᠷᠡᠯᠴᠡᠭᠡ ᠪᠠᠨ ᠴᠢᠩᠭᠠᠳᠬᠠᠵᠤ᠂ ᠤᠯᠠᠨ ᠨᠡᠶᠢᠲᠡ ᠶᠢᠨ ᠵᠥᠪ ᠣᠨᠣᠪᠴᠢᠲᠠᠢ | ᠣᠶᠢᠯᠠᠭᠠᠬᠤ ᠶᠢ ᠪᠠᠲᠤᠯᠠᠵᠤ᠂ ᠰᠢᠢᠳᠪᠦᠷᠢᠲᠦ ᠪᠤᠳᠤᠯᠭ᠎ᠠ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠡᠵᠡᠮᠰᠢᠵᠦ᠂ ᠲᠠᠶᠢᠯᠪᠤᠷᠢᠯᠠᠯᠲᠠ ᠶᠢᠨ ᠴᠢᠨᠠᠷᠲᠠᠢ | ᠲᠣᠳᠣᠷᠬᠠᠶᠢᠯᠠᠯᠲᠠ ᠶᠢ ᠨᠡᠶᠢᠲᠡᠯᠡᠬᠦ᠂ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠬᠤ᠂ ᠵᠠᠭᠤᠴᠢᠯᠠᠭᠤᠷ ᠤᠨ ᠲᠤᠰᠬᠠᠢ ᠰᠤᠷᠪᠤᠯᠵᠢᠯᠠᠭ᠎ᠠ ᠶᠢ ᠬᠦᠯᠢᠶᠡᠬᠦ᠂ ᠷᠠᠳᠢᠣ᠋ | ᠲᠧᠯᠸᠢᠰ ᠤᠨ ᠰᠦᠯᠵᠢᠶᠡᠨ ᠤ ᠰᠤᠷᠪᠤᠯᠵᠢᠯᠠᠭ᠎ᠠ ᠶᠢ ᠬᠦᠯᠢᠶᠡᠬᠦ ᠵᠡᠷᠭᠡ ᠠᠷᠭ᠎ᠠ ᠬᠡᠯᠪᠡᠷᠢ ᠪᠠᠷ ᠤᠯᠠᠨ ᠨᠡᠶᠢᠲᠡ ᠲᠠᠢ ᠰᠣᠯᠢᠯᠴᠠᠭ᠎ᠠ ᠬᠢᠵᠦ᠂ ᠶᠠᠷᠢᠶ᠎ᠠ ᠬᠡᠯᠡᠯᠴᠡᠭᠡᠨ ᠤ | ᠪᠠᠶᠢᠳᠠᠯ ᠢ ᠬᠦᠳᠦᠯᠦᠨ ᠵᠢᠯᠣᠭᠤᠳᠬᠤ ᠶᠢ ᠴᠢᠩᠭᠠᠳᠬᠠᠵᠤ᠂ ᠰᠠᠨᠠᠯ ᠲᠥᠪᠯᠡᠷᠡᠭᠰᠡᠨ ᠬᠤᠯᠪᠣᠭᠳᠠᠯ ᠪᠦᠬᠦᠢ ᠠᠰᠠᠭᠤᠳᠠᠯ ᠳᠤ ᠲᠠᠶᠢᠯᠪᠤᠷᠢᠯᠠᠯᠲᠠ ᠬᠢᠵᠦ᠂ ᠬᠠᠮᠲᠤ ᠶᠢᠨ | ᠲᠠᠨᠢᠯᠲᠠ ᠲᠠᠢ ᠪᠣᠯᠬᠤ ᠬᠡᠷᠡᠭᠲᠡᠢ᠃ | ᠨᠠᠶᠢᠮᠠᠳᠤᠭᠠᠷ ᠵᠦᠢᠯ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠵᠠᠰᠠᠭ ᠤᠨ ᠶᠠᠪᠤᠳᠠᠯ ᠢ ᠢᠯᠡ ᠪᠣᠯᠭᠠᠬᠤ ᠳᠤ ᠣᠯᠠᠨ | ᠨᠡᠶᠢᠲᠡ ᠪᠠᠷ ᠢᠶᠠᠨ ᠣᠷᠣᠯᠴᠠᠬᠤ ᠲᠤᠬᠠᠶ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃ | http://www.hjhq.gov.cn/zwgk/zhfwj/202112/t20211217_385430.html | |