ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2022/1/19
      ᠵᠠᠰᠠᠭ ᠤᠨ ᠣᠷᠳᠣᠨ ᠤ ᠠᠵᠢᠯ ᠤᠨ ᠢᠯᠡᠳᠬᠡᠯ      - 2022 ᠣᠨ ᠤ 1 ᠰᠠᠷ᠎ᠠ ᠶᠢᠨ 10 ᠤ ᠡᠳᠦᠷ ᠬᠠᠩᠭᠢᠨ ᠬᠤᠶᠢᠲᠤ ᠬᠤᠰᠢᠭᠤᠨ ᠳᠤ      ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ      ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠬᠠᠨ ᡁᠢ ᠶᠧ      ᠲᠥᠯᠥᠭᠡᠯᠡᠭᠴᠢᠳ ᠡ᠄      ᠤᠲᠤ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠬᠤᠰᠢᠭᠤᠨ ᠤ ᠤᠯᠤᠰ ᠳᠦᠷᠤ ᠶᠢᠨ ᠵᠦᠪᠯᠠᠯᠭᠠ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃      ᠨᠢᠭᠡ᠂ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠡᠷᠭᠢᠴᠡᠭᠦᠯᠦᠯ      ᠲᠤᠰ ᠬᠤᠭᠤᠴᠠᠭᠠᠨ ᠤ ᠵᠠᠰᠠᠭ ᠤᠨ ᠣᠷᠳᠣᠨ ᠲᠤᠰᠢᠶᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠠᠵᠤ ᠠᠬᠤᠶ ᠶᠢᠨ ᠪᠠᠶᠢᠳᠠᠯ ᠪᠣᠯᠤᠨ ᠭᠡᠨᠡᠳᠲᠡ ᠡᠭᠦᠰᠦᠭᠰᠡᠨ ᠰᠢᠨ᠎ᠡ ᠪᠠᠷ ᠳᠡᠯᠭᠡᠷᠡᠭᠰᠡᠨ ᠬᠢᠵᠢᠭ ᠤᠨ ᠪᠠᠶᠢᠳᠠᠯ ᠤᠨ ᠡᠮᠦᠨ᠎ᠡ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠵᠥᠪ ᠣᠨᠣᠪᠴᠢᠲᠠᠢ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠲᠦᠰᠢᠭᠯᠡᠵᠦ᠂ ᠲᠣᠭᠲᠠᠭᠤᠨ ᠢᠶᠠᠷ ᠨᠡᠮᠡᠭᠳᠡᠭᠦᠯᠬᠦ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠪᠦᠬᠦ ᠲᠠᠯ᠎ᠠ ᠶᠢᠨ ᠲᠠᠪᠰᠢᠯᠳᠠ ᠲᠠᠢ ᠪᠣᠯᠪᠠ᠃ ᠵᠢᠱᠢᠯᠲᠡ ᠪᠠᠷ ᠭᠠᠵᠠᠷ ᠣᠷᠣᠨ ᠤ ᠦᠶ᠋ᠯᠡᠳᠪᠦᠷᠢᠯᠡᠯ ᠤᠨ ᠪᠥᠬᠦ ᠥᠷᠲᠡᠭ ᠢ ᠨᠡᠶᠢᠲᠡ 460.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠢᠯ ᠪᠦᠷᠢ ᠳᠤᠮᠳᠠᠴᠢ ᠪᠠᠷ 3.8% ᠪᠠᠷ ᠨᠡᠮᠡᠭᠳᠡᠭᠦᠯᠦᠨ᠎ᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 36273 ᠲᠥᠭᠦᠷᠢᠭ ᠪᠠ 24057 ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ ᠲᠣᠰ ᠲᠣᠰ 6.3%᠂ 9.8% ᠨᠡᠮᠡᠭᠳᠡᠪᠡ᠃      ᠪᠢᠳᠡ ᠬᠦᠴᠦᠯᠡᠨ ᠪᠠᠶᠢᠯᠳᠤᠵᠤ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠦᠭᠡᠳ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠮᠵᠢ ᠢᠯᠡᠳᠲᠡ ᠪᠣᠯᠪᠠ᠃ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠨᠡᠶᠢᠲᠡ 21.8 ᠳ᠋ᠦᠩᠰᠢᠭᠤᠷ ᠲᠥᠭᠦᠷᠢᠭ ᠠᠷᠢᠯᠭᠠᠵᠤ᠂ ᠥᠪᠡᠷᠲᠡᠭᠡᠨ ᠵᠠᠰᠠᠬᠤ ᠣᠷᠣᠨ ᠤ ᠱᠠᠩᠨᠠᠯ ᠤᠨ ᠪᠠᠯᠠ ᠮᠥᠩᠭᠦ ᠶᠢ 3.28 ᠳ᠋ᠦᠩᠰᠢᠭᠤᠷ ᠲᠥᠭᠦᠷᠢᠭ ᠭᠥᠷᠳᠡᠪᠡ᠃ 38 ᠶᠠᠳᠠᠭᠤ ᠬᠦᠴᠢᠷᠳᠡᠯᠲᠡᠶ ᠲᠣᠰᠬᠤᠨ ᠪᠦᠬᠦᠨ ᠢᠶᠠᠷ ᠢᠶᠠᠨ ᠭᠠᠷᠴᠤ᠂ 8077 ᠶᠠᠳᠠᠭᠤ ᠬᠦᠴᠢᠷᠳᠡᠯᠲᠡᠶ ᠬᠥᠮᠦᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠤ᠂ ᠮᠠᠨ ᠤ ᠬᠤᠰᠢᠭᠤᠨ ᠤ ᠠᠩᠬᠠᠨ ᠤ ᠪᠦᠯᠦᠭ ᠶᠠᠳᠠᠭᠤ ᠬᠦᠴᠢᠷᠳᠡᠯᠲᠡᠶ ᠰᠢᠶᠠᠨ ᠤ ᠡᠩᠨᠡᠭᠡ ᠠᠴᠠ ᠤᠬᠤᠷᠢᠨ ᠭᠠᠷᠪᠠ᠃ 164 ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠡᠭᠦᠷᠡᠰᠦ ᠰᠢᠲᠠᠭᠠᠬᠤ ᠪᠡᠯᠡᠳᠬᠡᠮᠵᠢ ᠶᠢ ᠵᠠᠰᠠᠵᠤ᠂ 128 ᠵᠢᠵᠢᠭ ᠭᠦᠸᠧᠯᠦ ᠶᠢ ᠰᠢᠭᠰᠢᠭᠳᠡᠭᠦᠯᠵᠦ᠂ ᠰᠢᠯᠢᠳᠡᠭ ᠰᠠᠶᠢᠨ ᠴᠠᠭ ᠠᠭᠤᠷ ᠤᠨ ᠬᠠᠷᠢᠴᠠᠯ ᠢ ᠳᠤᠮᠳᠠᠴᠢ ᠪᠠᠷ 85.3% ᠳᠤ ᠬᠦᠷᠦᠭᠦᠯᠵᠦ᠂ ᠬᠤᠶᠢᠲᠤ ᠲᠡᠭᠦᠷᠭᠡ ᠶᠢᠨ ᠨᠤᠭᠤ ᠭᠠᠵᠠᠷ ᠤᠨ ᠠᠮᠢᠳᠤ ᠪᠣᠳᠠᠰ ᠢ ᠴᠡᠪᠡᠷᠰᠢᠭᠦᠯᠬᠦ ᠰᠢᠯᠵᠢᠯᠲᠡ ᠶᠢᠨ ᠪᠦᠰᠡ ᠶᠢᠨ ᠲᠥᠷᠥᠯ  ᠵᠦᠢᠯ ᠢ ᠤᠯᠠᠭᠠᠨᠰᠤᠬᠠᠢ ᠲᠠᠩᠭᠢᠰ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠵᠢᠱᠢᠶ᠎ᠡ ᠦᠵᠡᠭᠦᠯᠬᠦ ᠢᠨᠵᠧᠨᠧᠷᠢᠩ ᠪᠣᠯᠭᠠᠪᠠ᠃      ᠪᠢᠳᠡ ᠰᠢᠰᠲ᠋ᠧᠮ ᠲᠠᠢ ᠪᠠᠷ ᠵᠠᠰᠠᠵᠤ᠂ ᠨᠢᠭᠡ ᠴᠤᠭᠴᠠᠵᠢᠭᠤᠯᠤᠨ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ᠂ ᠰᠢᠷᠭᠤᠯᠵᠢ ᠶᠢᠨ ᠤᠢ ᠰᠢᠭᠤᠶ ᠵᠡᠷᠭᠡ ᠤᠢ ᠰᠢᠭᠤᠶ ᠶᠢᠨ ᠦᠢᠯᠡᠰ ᠤᠨ ᠪᠦᠳᠦᠭᠡᠨ ᠪᠠᠶᠢᠭᠤᠯᠤᠯᠲᠠ ᠶᠢ 167 ᠲᠦᠮᠡᠨ ᠮᠦ ᠬᠡᠷᠡᠭᠵᠢᠭᠦᠯᠵᠦ᠂ ᠱᠠ ᠬᠠᠶ ᠨᠠᠭᠤᠷ ᠤᠨ ᠤᠯᠤᠰ ᠤᠨ ᠡᠯᠡᠰᠦᠨ ᠴᠦᠯ ᠤᠨ ᠴᠡᠴᠡᠷᠯᠢᠭ᠂ ᠲᠦ᠋ ᠱᠧᠨ ᠽᠧ ᠮᠤᠵᠢ ᠶᠢᠨ ᠲᠡᠰ ᠤᠨ ᠴᠢᠭᠢᠭᠯᠢᠭ ᠭᠠᠵᠠᠷ ᠤᠨ ᠴᠡᠴᠡᠷᠯᠢᠭ ᠢ ᠪᠠᠶᠢᠭᠤᠯᠬᠤ ᠶᠢ ᠵᠥᠪᠰᠢᠶᠡᠷᠡᠵᠦ᠂ ᠳᠧᠦ ᠳ᠋ᠤᠤ ᠴᠢᠶᠣᠤ ᠶᠢᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠠᠷᠠᠳᠴᠢᠯᠠᠭᠰᠠᠨ ᠲᠣᠰᠬᠤᠨ᠂ ᠮᠠᠨ ᠬᠤᠢ ᠮᠢᠨ ᠱᠧᠩ ᠲᠣᠰᠬᠤᠨ ᠢ ︽ᠤᠯᠤᠰ ᠤᠨ ᠤᠢ ᠰᠢᠭᠤᠶ ᠶᠢᠨ ᠬᠥᠳᠡᠭᠡ ᠲᠣᠰᠬᠤᠨ︾ ᠳᠤ ᠰᠣᠩᠭᠤᠪᠠ᠃ ᠭᠤᠣᠯ ᠮᠥᠷᠡᠨ ᠨᠠᠭᠤᠷ ᠴᠥᠭᠦᠷᠥᠮ ᠢ ︽ᠲᠦᠷᠪᠡᠨ ᠳᠤᠷ᠎ᠠ ᠪᠠᠷ ᠢᠶᠠᠨ ᠰᠠᠮᠠᠭᠤᠷᠠᠭᠤᠯᠬᠤ︾ ᠲᠤᠰᠬᠠᠶ ᠠᠵᠢᠯᠯᠠᠭ᠎ᠠ ᠶᠢ ᠥᠷᠨᠢᠭᠦᠯᠵᠦ᠂ 642 ᠺᠢᠯᠣᠮᠧᠲᠷ ᠭᠤᠣᠯ ᠤᠨ ᠵᠠᠮ ᠢ ᠵᠠᠰᠠᠵᠤ᠂ 2200  ᠮᠦ ᠬᠠᠳᠤᠨ ᠭᠤᠣᠯ ᠤᠨ ᠲᠠᠩ ᠭᠠᠵᠠᠷ ᠢ ᠰᠡᠷᠭᠦᠭᠡᠪᠡ᠃ ᠪᠥᠬᠦ ᠣᠷᠣᠨ ᠤ ᠲᠦᠷᠦᠭᠦᠤ ᠪᠦᠯᠦᠭ ᠤᠨ 7 ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠢ ᠪᠠᠶᠢᠭᠤᠯᠵᠤ᠂ ︽ᠳᠥᠷᠪᠡ ᠶᠢ ᠡᠵᠡᠮᠳᠡᠬᠦ︾ ᠮᠡᠷᠭᠡᠵᠢᠯ ᠤᠨ 103  ᠵᠦᠢᠯ ᠢ ᠰᠤᠳᠤᠯᠤᠨ ᠳᠡᠯᠭᠡᠷᠡᠭᠦᠯᠵᠦ᠂ ᠮᠤᠩ ᠬᠠᠶ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠪᠥᠬᠦ ᠤᠯᠤᠰ ᠤᠨ ᠠᠷᠪᠠᠨ ᠰᠢᠯᠢᠳᠡᠭ ᠲᠤ ᠰᠣᠩᠭᠤᠭᠳᠠᠪᠠ᠃      ᠪᠢᠳᠡ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠵᠤ᠂ ᠠᠵᠤ ᠦᠶ᠋ᠯᠡᠰ ᠤᠨ ᠪᠦᠲᠦᠴᠡ ᠶᠢ ᠲᠠᠰᠤᠷᠠᠯᠲᠠ ᠥᠬᠡᠶ ᠰᠢᠯᠢᠳᠡᠭᠵᠢᠭᠦᠯᠪᠡ᠃ 34 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠵᠤ᠂ ᠠᠮᠤ ᠪᠤᠳᠠᠭᠠᠨ ᠤ ᠤᠨᠠᠯᠲᠠ ᠶᠢ ︽15 ᠵᠢᠯ ᠳᠠᠷᠠᠭᠠᠯᠠᠨ ᠡᠯᠪᠡᠭᠵᠢᠭᠦᠯᠪᠡ︾᠃ ᠰᠠᠭᠠᠯᠢ ᠶᠢᠨ ᠦᠨᠢᠶ᠎ᠡ᠂ ᠠᠯᠠᠰᠢᠨ ᠦᠬᠡᠷ᠂ ᠠᠯᠠᠰᠢᠨ ᠬᠤᠨᠢ ᠵᠡᠷᠭᠡ ᠶᠢᠨ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠢ ᠶᠢ 66 ᠪᠠᠶᠢᠭᠤᠯᠵᠤ᠂ 1164 ᠲᠦᠮᠡᠨ ᠲᠣᠯᠣᠭᠠᠶ ᠮᠠᠯ ᠤᠨ ᠭᠠᠷᠭᠠᠯᠲᠠ ᠳᠤ ᠭᠠᠷᠭᠠᠪᠠ᠃ 10 ᠲᠦᠮᠡᠨ ᠰᠠᠭᠠᠯᠢ ᠶᠢᠨ ᠦᠨᠢᠶ᠎ᠡ ᠶᠢᠨ ᠠᠮᠢ ᠠᠬᠤᠶ ᠶᠢᠨ ᠰᠠᠭᠠᠯᠢ ᠶᠢᠨ ᠦᠢᠯᠡᠰ ᠤᠨ ᠬᠦᠷᠢᠶᠡᠯᠡᠩ ᠲᠣᠭᠤᠷᠢᠭ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠪᠥᠬᠦ ᠬᠤᠲᠠ ᠶᠢᠨ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠥᠯᠢᠭᠡᠷ ᠳᠠᠭᠤᠷᠢᠶᠠᠯ ᠪᠣᠯᠭᠠᠨ᠎ᠠ᠃ 12  ᠵᠦᠢᠯ ᠤᠨ  ᠦᠢᠯᠡᠳᠬᠦᠨ ᠳᠤ ︽ᠲᠥᠷᠥᠯᠬᠢ ᠪᠣᠷᠣᠲᠣᠬᠤᠶ︾ ᠶᠢᠨ ᠨᠠᠷᠠᠲᠤ ᠲᠥᠷᠥᠯ ᠲᠡᠮᠳᠡᠭᠲᠦ ᠶᠢ ᠬᠡᠷᠡᠭᠯᠡᠬᠦ ᠡᠷᠬᠡ ᠣᠯᠭᠤᠨ᠎ᠠ᠃ ᠮᠠᠨ ᠤ ᠬᠤᠰᠢᠭᠤ ᠪᠥᠬᠦ ᠤᠯᠤᠰ ᠤᠨ ᠮᠠᠯ ᠠᠵᠤ ᠠᠬᠤᠶ ᠶᠢᠨ ᠲᠣᠮᠣ ᠰᠢᠶᠠᠨ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ᠂ ᠪᠣᠬᠢᠷᠲᠤᠯ ᠥᠬᠡᠶ ᠢᠳᠡᠭᠡᠨ ᠤ ᠲᠦᠭᠦᠬᠡᠶ ᠮᠠᠲ᠋ᠧᠷᠢᠶᠠᠯ ᠤᠨ ᠪᠠᠷᠢᠮᠵᠢᠶᠠᠵᠢᠭᠤᠯᠤᠭᠰᠠᠨ ᠦᠶ᠋ᠯᠡᠳᠪᠦᠷᠢᠯᠡᠯ ᠤᠨ ᠰᠠᠭᠤᠷᠢᠨ ᠭᠠᠵᠠᠷ᠂ ᠲᠠᠷᠢᠶᠠᠯᠠᠩ ᠤᠨ ᠪᠣᠬᠢᠷᠲᠤᠯ ᠥᠬᠡᠶ ᠬᠥᠭᠵᠢᠯᠲᠡ ᠶᠢᠨ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠣᠷᠣᠨ ᠵᠢᠴᠢ ᠲᠤᠯᠭᠠᠭᠤᠷᠢᠯᠠᠬᠤ ᠰᠢᠰᠲ᠋ᠧᠮ ᠤᠨ ᠪᠠᠶᠢᠭᠤᠯᠤᠯᠲᠠ ᠶᠢᠨ ᠲᠤᠷᠰᠢᠯᠲᠠ ᠶᠢᠨ ᠬᠤᠰᠢᠭᠤ ᠪᠠᠷ ᠦᠨᠡᠯᠡᠭᠳᠡᠪᠡ᠃ ᠪᠣᠷᠣᠲᠣᠬᠤᠶ ᠠᠷᠢᠬᠢᠨ ᠤ ᠦᠶ᠋ᠯᠡᠰ ᠤᠨ ᠰᠲ᠋ᠣᠺ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠨᠠᠷᠠᠲᠤ ᠲᠥᠷᠥᠯ ᠲᠡᠮᠳᠡᠭᠲᠦ ᠶᠢᠨ ᠦᠨ᠎ᠡ ᠥᠷᠲᠡᠭ ᠨᠢ ᠪᠥᠬᠦ ᠣᠷᠣᠨ ᠤ ᠬᠠᠷ᠎ᠠ ᠠᠷᠢᠬᠢᠨ ᠤ ᠲᠡᠷᠢᠭᠦᠨ ᠳᠤ ᠣᠷᠣᠪᠠ᠃ ᠢᠯᠢ ᠶᠢᠨ ᠰᠦᠨ ᠦᠢᠯᠡᠰ ᠤᠨ ᠦᠢᠯᠡᠳᠬᠦᠨ ᠤ ᠥᠷᠲᠡᠭ ᠳᠠᠬᠢᠨ ᠢᠶᠠᠷ ᠨᠡᠮᠡᠭᠳᠡᠪᠡ᠃ ᠰᠢᠤᠢ ᠢ ᠮᠠᠯ ᠠᠵᠤ ᠠᠬᠤᠢ ᠨᠢ ᠤᠯᠤᠰ ᠤᠨ ᠲᠡᠰ ᠤᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠲᠠᠭᠠᠭᠤᠯᠤᠭᠴᠢ ᠠᠵᠤ ᠠᠬᠤᠶᠢᠯᠠᠯ ᠪᠤᠯᠵᠤ᠂ ᠪᠣᠷᠣᠲᠣᠬᠤᠢ ᠶᠢᠨ ᠠᠷᠢᠬᠢᠨ ᠤ ᠦᠢᠯᠡᠰ ᠲᠠᠢ ᠬᠠᠮᠲᠤ ᠥᠭᠡᠷᠡᠴᠢᠯᠡᠯᠲᠡ ᠨᠡᠬᠡᠬᠡᠯᠳᠡ ᠬᠢᠭᠰᠡᠨ 40 ᠵᠢᠯ ᠤᠨ ᠤᠢ ᠶᠢᠨ ᠥᠪᠡᠷᠲᠡᠭᠡᠨ ᠵᠠᠰᠠᠬᠤ ᠣᠷᠣᠨ ᠤ ︽ᠰᠢᠯᠢᠳᠡᠭ ᠠᠷᠠᠳ ᠠᠴᠠ ᠡᠵᠡᠩᠨᠡᠭᠰᠡᠨ ᠠᠵᠤ ᠠᠬᠤᠶᠢᠯᠠᠯ︾ ‍ᠤᠨᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ︽ᠪᠣᠬᠢᠷᠲᠤᠯ ᠥᠬᠡᠶ ᠦᠶ᠋ᠯᠡᠳᠪᠦᠷᠢ︾ ᠶᠢ 3 ᠰᠢᠨ᠎ᠡ ᠪᠠᠷ ᠨᠡᠮᠡᠭᠳᠡᠭᠦᠯᠦᠨ᠎ᠡ᠃ ᠬᠠᠩ ᠯᠦᠩ ᠢᠯᠴᠢ ᠶᠢᠨ ᠴᠠᠬᠢᠯᠭᠠᠨ᠂ ᠬᠤᠸᠠ ᠾᠧᠩ ᠠᠮᠢᠳᠤ ᠪᠣᠳᠠᠰ ᠵᠡᠷᠭᠡ 5 ᠪᠣᠬᠢᠷᠲᠤᠯ ᠥᠬᠡᠶ ᠲᠥᠷᠥᠯ  ᠵᠦᠢᠯ ᠢ ᠣᠷᠣᠭᠤᠯᠤᠨ ᠠᠪᠴᠢᠷᠠᠵᠤ᠂ 8 ︽ᠦᠬᠦᠰᠢᠷᠡᠮᠡᠯ ᠠᠵᠤ ᠠᠬᠤᠶᠢᠯᠠᠯ︾ ᠢ ᠠᠮᠢᠯᠠᠭᠤᠯᠪᠠ᠃ ︽ᠭᠤᠪᠢ ᠶᠢᠨ ᠳ᠋ᠧᠪᠠᠵᠠᠨ︾ ᠳᠤᠮᠳᠠᠳᠤ ᠤᠯᠤᠰ ᠤᠨ ᠬᠠᠮᠤᠭ ᠰᠠᠶᠢᠨ ᠵᠢᠭᠤᠯᠴᠢᠯᠠᠯ ᠤᠨ ᠠᠵᠤ ᠦᠢᠯᠡᠰ ᠤᠨ ᠰᠢᠨ᠎ᠡ ᠡᠭᠦᠳᠦᠯᠲᠡ ᠶᠢᠨ ᠱᠠᠩᠨᠠᠯ ᠢ ᠭᠥᠷᠳᠡᠪᠡ᠃ ᠦᠷ᠎ᠡ ᠶᠢᠨ ᠴᠥᠮ᠎ᠡ᠂ ᠲᠥᠪᠡᠳ ᠬᠠᠰᠢ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠢ ᠵᠢᠯ ᠪᠦᠷᠢ ᠳᠤᠮᠳᠠᠴᠢ ᠪᠠᠷ 1.1 ᠳ᠋ᠦᠩᠰᠢᠭᠤᠷ ᠳ᠋ᠣᠯᠯᠠᠷ ᠭᠠᠳᠠᠭᠠᠳᠤ ᠳᠤ ᠭᠠᠷᠭᠠᠨ᠎ᠠ᠃ ᠂᠂᠂᠂᠂᠂᠂᠂᠂᠂᠂᠂᠂᠂᠂᠂᠂᠂᠂᠂᠂᠂᠂᠂᠂᠂᠂᠂᠂᠂᠂᠂᠂᠂᠂᠂᠂᠂᠂᠂᠂᠂᠂᠂᠂᠂http://www.hjhq.gov.cn/zwgk/zfwj/202209/t20220921_475385.html    
ᠢᠷᠡᠯᠲᠡ᠄ ᠲᠤᠰ ᠰᠦᠯᠵᠢᠶ᠎ᠡ