ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠨᠡᠶᠢᠲᠡ 21.8 ᠳ᠋ᠦᠩᠰᠢᠭᠤᠷ ᠲᠥᠭᠦᠷᠢᠭ ᠠᠷᠢᠯᠭᠠᠵᠤ᠂ ᠥᠪᠡᠷᠲᠡᠭᠡᠨ ᠵᠠᠰᠠᠬᠤ ᠣᠷᠣᠨ ᠤ | ᠱᠠᠩᠨᠠᠯ ᠤᠨ ᠪᠠᠯᠠ ᠮᠥᠩᠭᠦ ᠶᠢ 3.28 ᠳ᠋ᠦᠩᠰᠢᠭᠤᠷ ᠲᠥᠭᠦᠷᠢᠭ ᠭᠥᠷᠳᠡᠪᠡ᠃ 38 ᠶᠠᠳᠠᠭᠤ ᠬᠦᠴᠢᠷᠳᠡᠯᠲᠡᠶ ᠲᠣᠰᠬᠤᠨ ᠪᠦᠬᠦᠨ ᠢᠶᠠᠷ ᠢᠶᠠᠨ ᠭᠠᠷᠴᠤ᠂ 8077 | ᠶᠠᠳᠠᠭᠤ ᠬᠦᠴᠢᠷᠳᠡᠯᠲᠡᠶ ᠬᠥᠮᠦᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠤ᠂ ᠮᠠᠨ ᠤ ᠬᠤᠰᠢᠭᠤᠨ ᠤ ᠠᠩᠬᠠᠨ ᠤ ᠪᠦᠯᠦᠭ ᠶᠠᠳᠠᠭᠤ | ᠬᠦᠴᠢᠷᠳᠡᠯᠲᠡᠶ ᠰᠢᠶᠠᠨ ᠤ ᠡᠩᠨᠡᠭᠡ ᠠᠴᠠ ᠤᠬᠤᠷᠢᠨ ᠭᠠᠷᠪᠠ᠃ 164 ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠡᠭᠦᠷᠡᠰᠦ ᠰᠢᠲᠠᠭᠠᠬᠤ ᠪᠡᠯᠡᠳᠬᠡᠮᠵᠢ ᠶᠢ | ᠵᠠᠰᠠᠵᠤ᠂ 128 ᠵᠢᠵᠢᠭ ᠳᠤᠯᠠᠭᠠᠯᠠᠭ᠎ᠠ ᠶᠢ ᠰᠢᠭᠰᠢᠭᠳᠡᠭᠦᠯᠵᠦ᠂ ᠰᠢᠯᠢᠳᠡᠭ ᠰᠠᠶᠢᠨ ᠴᠠᠭ ᠠᠭᠤᠷ ᠤᠨ ᠬᠠᠷᠢᠴᠠᠯ ᠢ ᠳᠤᠮᠳᠠᠴᠢ ᠪᠠᠷ 85.3% ᠳᠤ ᠬᠦᠷᠦᠭᠦᠯᠵᠦ᠂ | ᠬᠤᠶᠢᠲᠤ ᠲᠡᠭᠦᠷᠭᠡ ᠶᠢᠨ ᠨᠤᠭᠤ ᠭᠠᠵᠠᠷ ᠤᠨ ᠠᠮᠢᠳᠤ ᠪᠣᠳᠠᠰ ᠢ ᠴᠡᠪᠡᠷᠰᠢᠭᠦᠯᠬᠦ ᠰᠢᠯᠵᠢᠯᠲᠡ ᠶᠢᠨ ᠪᠦᠰᠡ ᠶᠢᠨ ᠲᠥᠷᠥᠯ ᠵᠦᠢᠯ ᠢ ᠤᠯᠠᠭᠠᠨᠰᠤᠬᠠᠢ ᠲᠠᠩᠭᠢᠰ ᠤᠨ | ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠵᠢᠱᠢᠶ᠎ᠡ ᠦᠵᠡᠭᠦᠯᠬᠦ ᠢᠨᠵᠧᠨᠧᠷᠢᠩ ᠪᠣᠯᠭᠠᠪᠠ᠃ |