ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ᠂ ᠰᠢᠷᠭᠤᠯᠵᠢ ᠶᠢᠨ ᠤᠢ ᠰᠢᠭᠤᠶ ᠵᠡᠷᠭᠡ ᠤᠢ ᠰᠢᠭᠤᠶ ᠶᠢᠨ ᠦᠢᠯᠡᠰ ᠤᠨ ᠪᠦᠳᠦᠭᠡᠨ ᠪᠠᠶᠢᠭᠤᠯᠤᠯᠲᠠ ᠶᠢ | 16.7 ᠲᠦᠮᠡᠨ ᠮᠦ ᠬᠡᠷᠡᠭᠵᠢᠭᠦᠯᠵᠦ᠂ ᠱᠠ ᠬᠠᠶ ᠨᠠᠭᠤᠷ ᠤᠨ ᠤᠯᠤᠰ ᠤᠨ ᠡᠯᠡᠰᠦᠨ ᠴᠦᠯ ᠤᠨ ᠴᠡᠴᠡᠷᠯᠢᠭ᠂ ᠲᠦ᠋ ᠱᠧᠨ ᠽᠧ ᠮᠤᠵᠢ ᠶᠢᠨ ᠲᠡᠰ ᠤᠨ ᠴᠢᠭᠢᠭᠯᠢᠭ | ᠭᠠᠵᠠᠷ ᠤᠨ ᠴᠡᠴᠡᠷᠯᠢᠭ ᠢ ᠪᠠᠶᠢᠭᠤᠯᠬᠤ ᠶᠢ ᠵᠥᠪᠰᠢᠶᠡᠷᠡᠵᠦ᠂ ᠳᠧᠦ ᠳ᠋ᠤᠤ ᠴᠢᠶᠣᠤ ᠶᠢᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠠᠷᠠᠳᠴᠢᠯᠠᠭᠰᠠᠨ ᠲᠣᠰᠬᠤᠨ᠂ | ᠮᠠᠨ ᠬᠤᠢ ᠮᠢᠨ ᠱᠧᠩ ᠲᠣᠰᠬᠤᠨ ᠢ ︽ᠤᠯᠤᠰ ᠤᠨ ᠤᠢ ᠰᠢᠭᠤᠶ ᠶᠢᠨ ᠬᠥᠳᠡᠭᠡ ᠲᠣᠰᠬᠤᠨ︾ ᠳᠤ ᠰᠣᠩᠭᠤᠪᠠ᠃ ᠭᠤᠣᠯ ᠮᠥᠷᠡᠨ ᠨᠠᠭᠤᠷ ᠴᠥᠭᠦᠷᠥᠮ ᠢ ︽ | ᠲᠦᠷᠪᠡᠨ ᠳᠤᠷ᠎ᠠ ᠪᠠᠷ ᠢᠶᠠᠨ ᠰᠠᠮᠠᠭᠤᠷᠠᠭᠤᠯᠬᠤ︾ ᠲᠤᠰᠬᠠᠶ ᠠᠵᠢᠯᠯᠠᠭ᠎ᠠ ᠶᠢ ᠥᠷᠨᠢᠭᠦᠯᠵᠦ᠂ 642 ᠺᠢᠯᠣᠮᠧᠲᠷ ᠭᠤᠣᠯ ᠤᠨ ᠵᠠᠮ ᠢ ᠵᠠᠰᠠᠵᠤ᠂ 2200 ᠮᠦ ᠬᠠᠳᠤᠨ | ᠭᠤᠣᠯ ᠤᠨ ᠲᠠᠩ ᠭᠠᠵᠠᠷ ᠢ ᠰᠡᠷᠭᠦᠭᠡᠪᠡ᠃ ᠪᠥᠬᠦ ᠣᠷᠣᠨ ᠤ ᠲᠦᠷᠦᠭᠦᠤ ᠪᠦᠯᠦᠭ ᠤᠨ 7 ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠢ ᠪᠠᠶᠢᠭᠤᠯᠵᠤ᠂ | ︽ᠳᠥᠷᠪᠡ ᠶᠢ ᠡᠵᠡᠮᠳᠡᠬᠦ︾ ᠮᠡᠷᠭᠡᠵᠢᠯ ᠤᠨ 103 ᠵᠦᠢᠯ ᠢ ᠰᠤᠳᠤᠯᠤᠨ ᠳᠡᠯᠭᠡᠷᠡᠭᠦᠯᠵᠦ᠂ ᠮᠧᠩ ᠬᠠᠶ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ | ᠪᠥᠬᠦ ᠤᠯᠤᠰ ᠤᠨ ᠠᠷᠪᠠᠨ ᠰᠢᠯᠢᠳᠡᠭ ᠲᠤ ᠰᠣᠩᠭᠤᠭᠳᠠᠪᠠ᠃ |