34 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠵᠤ᠂ ᠠᠮᠤ ᠪᠤᠳᠠᠭᠠᠨ ᠤ ᠤᠨᠠᠯᠲᠠ ᠶᠢ ︽15 ᠵᠢᠯ ᠳᠠᠷᠠᠭᠠᠯᠠᠨ ᠡᠯᠪᠡᠭᠵᠢᠭᠦᠯᠪᠡ︾᠃ | ᠰᠠᠭᠠᠯᠢ ᠶᠢᠨ ᠦᠨᠢᠶ᠎ᠡ᠂ ᠠᠯᠠᠰᠢᠨ ᠦᠬᠡᠷ᠂ ᠠᠯᠠᠰᠢᠨ ᠬᠤᠨᠢ ᠵᠡᠷᠭᠡ ᠶᠢᠨ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠢ ᠶᠢ 66 ᠪᠠᠶᠢᠭᠤᠯᠵᠤ᠂ 1164 | ᠲᠦᠮᠡᠨ ᠲᠣᠯᠣᠭᠠᠶ ᠮᠠᠯ ᠤᠨ ᠭᠠᠷᠭᠠᠯᠲᠠ ᠳᠤ ᠭᠠᠷᠭᠠᠪᠠ᠃ 10 ᠲᠦᠮᠡᠨ ᠰᠠᠭᠠᠯᠢ ᠶᠢᠨ ᠦᠨᠢᠶ᠎ᠡ ᠶᠢᠨ ᠠᠮᠢ ᠠᠬᠤᠶ ᠶᠢᠨ ᠰᠠᠭᠠᠯᠢ ᠶᠢᠨ ᠦᠶ᠋ᠯᠡᠰ ᠤᠨ ᠬᠦᠷᠢᠶᠡᠯᠡᠩ | ᠲᠣᠭᠤᠷᠢᠭ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠪᠥᠬᠦ ᠬᠤᠲᠠ ᠶᠢᠨ ᠰᠠᠭᠠᠯᠢ ᠶᠢᠨ ᠦᠶ᠋ᠯᠡᠰ ᠢ ᠬᠥᠭᠵᠢᠭᠦᠯᠦᠨ ᠮᠠᠨᠳᠤᠭᠤᠯᠬᠤ ᠥᠯᠢᠭᠡᠷ ᠳᠠᠭᠤᠷᠢᠶᠠᠯ | ᠪᠣᠯᠭᠠᠨ᠎ᠠ᠃ 12 ᠵᠦᠢᠯ ᠤᠨ ᠦᠢᠯᠡᠳᠬᠦᠨ ᠳᠤ ︽ᠲᠥᠷᠥᠯᠬᠢ ᠪᠣᠷᠣᠲᠣᠬᠤᠶ︾ ᠶᠢᠨ ᠨᠠᠷᠠᠲᠤ ᠲᠥᠷᠥᠯ ᠲᠡᠮᠳᠡᠭᠲᠦ ᠶᠢ ᠬᠡᠷᠡᠭᠯᠡᠬᠦ ᠡᠷᠬᠡ ᠣᠯᠭᠤᠨ᠎ᠠ᠃ ᠮᠠᠨ ᠤ | ᠬᠤᠰᠢᠭᠤ ᠪᠥᠬᠦ ᠤᠯᠤᠰ ᠤᠨ ᠮᠠᠯ ᠠᠵᠤ ᠠᠬᠤᠶ ᠶᠢᠨ ᠲᠣᠮᠣ ᠰᠢᠶᠠᠨ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ᠂ | ᠪᠣᠬᠢᠷᠲᠤᠯ ᠥᠬᠡᠶ ᠢᠳᠡᠭᠡᠨ ᠤ ᠲᠦᠭᠦᠬᠡᠶ ᠮᠠᠲ᠋ᠧᠷᠢᠶᠠᠯ ᠤᠨ ᠪᠠᠷᠢᠮᠵᠢᠶᠠᠵᠢᠭᠤᠯᠤᠭᠰᠠᠨ ᠦᠶ᠋ᠯᠡᠳᠪᠦᠷᠢᠯᠡᠯ ᠤᠨ ᠰᠠᠭᠤᠷᠢᠨ ᠭᠠᠵᠠᠷ᠂ ᠲᠠᠷᠢᠶᠠᠯᠠᠩ ᠤᠨ ᠪᠣᠬᠢᠷᠲᠤᠯ ᠥᠬᠡᠶ | ᠬᠥᠭᠵᠢᠯᠲᠡ ᠶᠢᠨ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠣᠷᠣᠨ ᠵᠢᠴᠢ ᠲᠤᠯᠭᠠᠭᠤᠷᠢᠯᠠᠬᠤ ᠰᠢᠰᠲ᠋ᠧᠮ ᠤᠨ ᠪᠠᠶᠢᠭᠤᠯᠤᠯᠲᠠ ᠶᠢᠨ ᠲᠤᠷᠰᠢᠯᠲᠠ ᠶᠢᠨ | ᠬᠤᠰᠢᠭᠤ ᠪᠠᠷ ᠦᠨᠡᠯᠡᠭᠳᠡᠪᠡ᠃ ᠪᠣᠷᠣᠲᠣᠬᠤᠶ ᠠᠷᠢᠬᠢᠨ ᠤ ᠦᠶ᠋ᠯᠡᠰ ᠤᠨ ᠰᠲ᠋ᠣᠺ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠨᠠᠷᠠᠲᠤ ᠲᠥᠷᠥᠯ ᠲᠡᠮᠳᠡᠭᠲᠦ ᠶᠢᠨ ᠦᠨ᠎ᠡ | ᠥᠷᠲᠡᠭ ᠨᠢ ᠪᠥᠬᠦ ᠣᠷᠣᠨ ᠤ ᠬᠠᠷ᠎ᠠ ᠠᠷᠢᠬᠢᠨ ᠤ ᠲᠡᠷᠢᠭᠦᠨ ᠳᠤ ᠣᠷᠣᠪᠠ᠃ ᠢᠯᠢ ᠶᠢᠨ ᠰᠦᠨ ᠦᠢᠯᠡᠰ ᠤᠨ ᠦᠢᠯᠡᠳᠬᠦᠨ ᠤ ᠥᠷᠲᠡᠭ ᠳᠠᠬᠢᠨ ᠢᠶᠠᠷ ᠨᠡᠮᠡᠭᠳᠡᠪᠡ᠃ | ᠰᠢᠤᠢ ᠢ ᠮᠠᠯ ᠠᠵᠤ ᠠᠬᠤᠢ ᠨᠢ ᠤᠯᠤᠰ ᠤᠨ ᠲᠡᠰ ᠤᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠲᠠᠭᠠᠭᠤᠯᠤᠭᠴᠢ ᠠᠵᠤ | ᠠᠬᠤᠶᠢᠯᠠᠯ ᠪᠤᠯᠵᠤ᠂ ᠪᠣᠷᠣᠲᠣᠬᠤᠢ ᠶᠢᠨ ᠠᠷᠢᠬᠢᠨ ᠤ ᠦᠢᠯᠡᠰ ᠲᠠᠢ ᠬᠠᠮᠲᠤ ᠥᠭᠡᠷᠡᠴᠢᠯᠡᠯᠲᠡ ᠨᠡᠬᠡᠬᠡᠯᠳᠡ ᠬᠢᠭᠰᠡᠨ 40 ᠵᠢᠯ ᠤᠨ ᠤᠢ ᠶᠢᠨ ᠥᠪᠡᠷᠲᠡᠭᠡᠨ ᠵᠠᠰᠠᠬᠤ | ᠣᠷᠣᠨ ᠤ ︽ᠰᠢᠯᠢᠳᠡᠭ ᠠᠷᠠᠳ ᠠᠴᠠ ᠡᠵᠡᠩᠨᠡᠭᠰᠡᠨ ᠠᠵᠤ ᠠᠬᠤᠶᠢᠯᠠᠯ︾ ᠤᠨᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ︽ᠪᠣᠬᠢᠷᠲᠤᠯ ᠥᠬᠡᠶ | ᠦᠶ᠋ᠯᠡᠳᠪᠦᠷᠢ︾ ᠶᠢ 3 ᠰᠢᠨ᠎ᠡ ᠪᠠᠷ ᠨᠡᠮᠡᠭᠳᠡᠭᠦᠯᠦᠨ᠎ᠡ᠃ ᠬᠠᠩ ᠯᠦᠩ ᠢᠯᠴᠢ ᠶᠢᠨ ᠴᠠᠬᠢᠯᠭᠠᠨ᠂ ᠬᠤᠸᠠ ᠾᠧᠩ ᠠᠮᠢᠳᠤ ᠪᠣᠳᠠᠰ ᠵᠡᠷᠭᠡ 5 ᠪᠣᠬᠢᠷᠲᠤᠯ ᠥᠬᠡᠶ | ᠲᠥᠷᠥᠯ ᠵᠦᠢᠯ ᠢ ᠣᠷᠣᠭᠤᠯᠤᠨ ᠠᠪᠴᠢᠷᠠᠵᠤ᠂ 8 ︽ᠦᠬᠦᠰᠢᠷᠡᠮᠡᠯ ᠠᠵᠤ ᠠᠬᠤᠶᠢᠯᠠᠯ︾ ᠢ ᠠᠮᠢᠯᠠᠭᠤᠯᠪᠠ᠃ ︽ᠭᠤᠪᠢ ᠶᠢᠨ ᠳ᠋ᠧᠪᠠᠵᠠᠨ︾ ᠳᠤᠮᠳᠠᠳᠤ ᠤᠯᠤᠰ ᠤᠨ | ᠬᠠᠮᠤᠭ ᠰᠠᠶᠢᠨ ᠵᠢᠭᠤᠯᠴᠢᠯᠠᠯ ᠤᠨ ᠠᠵᠤ ᠦᠢᠯᠡᠰ ᠤᠨ ᠰᠢᠨ᠎ᠡ ᠡᠭᠦᠳᠦᠯᠲᠡ ᠶᠢᠨ ᠱᠠᠩᠨᠠᠯ ᠢ ᠭᠥᠷᠳᠡᠪᠡ᠃ ᠦᠷ᠎ᠡ ᠶᠢᠨ ᠴᠥᠮ᠎ᠡ᠂ ᠲᠥᠪᠡᠳ ᠬᠠᠰᠢ ᠵᠡᠷᠭᠡ | ᠲᠠᠷᠢᠶᠠᠯᠠᠩ ᠤᠨ ᠪᠦᠲᠦᠭᠡᠭᠳᠡᠬᠦᠨ ᠢ ᠵᠢᠯ ᠪᠦᠷᠢ ᠳᠤᠮᠳᠠᠴᠢ ᠪᠠᠷ 1.1 ᠳ᠋ᠦᠩᠰᠢᠭᠤᠷ ᠳ᠋ᠣᠯᠯᠠᠷ ᠭᠠᠳᠠᠭᠠᠳᠤ ᠳᠤ ᠭᠠᠷᠭᠠᠨ᠎ᠠ᠃ | |