ᠵᠠᠰᠠᠭ ᠤᠨ ᠶᠠᠪᠤᠳᠠᠯ ᠳᠠᠬᠢ ᠲᠤᠭ᠎ᠠ ᠪᠠᠷᠢᠮᠲᠠ ᠶᠢᠨ ᠲᠤᠬᠠᠢ ︵ᠲᠠᠪᠤ︶
ᠨᠡᠶᠢᠲᠡᠯᠡᠭᠰᠡᠨ ᠴᠠᠭ᠄
2022/1/21
      ᠬᠠᠩᠭᠢᠨ ᠬᠤᠶᠢᠲᠤ ᠬᠤᠰᠢᠭᠤ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠪᠠ ᠬᠠᠭᠤᠴᠢᠨ ᠵᠢᠵᠢᠭ ᠲᠣᠭᠤᠷᠢᠭ᠂ ᠪᠠᠶᠢᠰᠢᠩ ᠭᠡᠷ ᠤᠨ ᠲᠣᠭᠤᠷᠢᠭ ᠢ 110.4 ᠲᠦᠮᠡᠨ ᠲᠡᠭᠰᠢ ᠳᠥᠷᠪᠡᠯᠵᠢᠨ ᠮᠧᠲᠷ ᠲᠤ ᠥᠭᠡᠷᠡᠴᠢᠯᠡᠨ ᠵᠠᠰᠠᠬᠤ ᠶᠢ ᠪᠡᠶᠡᠯᠡᠭᠦᠯᠪᠡ᠃ ᠭᠠᠵᠠᠷ ᠳᠣᠣᠷᠠᠬᠢ ᠬᠤᠭᠤᠯᠠᠶ ᠶᠢᠨ ᠲᠣᠣᠷ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠵᠡᠭᠡᠯᠢ ᠭᠤᠳᠤᠮᠵᠢ ᠶᠢᠨ ᠵᠠᠮ ᠢ 530.4 ᠺᠢᠯᠣᠮᠧᠲᠷ ᠬᠠᠲᠠᠭᠤᠷᠠᠭᠤᠯᠪᠠ᠃ ᠱᠠᠮᠪᠠ ᠪᠠᠯᠭᠠᠰᠤᠨ ᠤ ᠤᠰᠤᠨ ᠰᠤᠷᠪᠤᠯᠵᠢ ᠶᠢᠨ ᠭᠠᠵᠠᠷ ᠢ ᠰᠢᠨ᠎ᠡ ᠪᠠᠷ ᠪᠠᠶᠢᠭᠤᠯᠵᠤ᠂ ᠪᠣᠬᠢᠷ ᠤᠰᠤ  ᠰᠢᠢᠳᠪᠦᠷᠢᠯᠡᠬᠦ ᠦᠢᠯᠡᠳᠪᠦᠷᠢ ᠶᠢ ᠥᠷᠭᠡᠳᠬᠡᠨ ᠪᠠᠶᠢᠭᠤᠯᠵᠤ᠂ ᠬᠤᠳᠠ ᠶᠢᠨ ᠬᠥᠳᠡᠭᠡ ᠲᠣᠰᠬᠤᠨ ᠤ ᠴᠠᠬᠢᠯᠭᠠᠨ ᠲᠣᠣᠷ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ ᠶᠢ 4.2 ᠺᠢᠯᠣᠮᠧᠲᠷ ᠵᠠᠰᠠᠪᠠ᠃ 44 ᠤᠰᠤ ᠪᠠᠷ ᠤᠬᠢᠶᠠᠬᠤ ᠨᠡᠶᠢᠲᠡ ᠶᠢᠨ ᠵᠣᠷᠯᠣᠩ᠂ 16 ᠬᠤᠭ ᠨᠣᠪᠰᠢ ᠶᠢ ᠠᠪᠴᠢᠭᠤᠯᠤᠨ ᠵᠥᠭᠡᠭᠡᠪᠦᠷᠢᠯᠡᠬᠦ ᠦᠷᠳᠡᠭᠡ ᠶᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ 3 ᠴᠡᠴᠡᠷᠯᠢᠭ ᠤᠨ ᠠᠭᠤᠳᠠᠮ ᠲᠠᠯᠠᠪᠠᠢ ᠶᠢ ᠪᠠᠶᠢᠭᠤᠯᠵᠤ᠂ ︽ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠳᠠ︾ ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠪᠠ᠃ G7 ᠲᠦᠷᠭᠡᠨ ᠳᠠᠪᠬᠢᠬᠤ ᠵᠠᠰᠠᠮᠠᠯ ᠵᠠᠮ᠂ ᠮᠤᠵᠢ ᠶᠢᠨ ᠵᠠᠮ 311᠂ ᠬᠠᠪᠤᠷ ᠤᠨ ᠬᠡᠷᠡᠯ ᠤᠨ ᠨᠡᠪᠲᠡᠷᠡᠯᠴᠡᠭᠡ ᠶᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠦᠨ᠂ ᠬᠥᠳᠡᠭᠡ ᠲᠣᠰᠬᠤᠨ ᠤ ᠵᠠᠰᠠᠮᠠᠯ ᠵᠠᠮ ᠢ 771 ᠺᠢᠯᠣᠮᠧᠲᠷ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠱᠠᠨᠰᠢ ᠶᠢᠨ ᠯᠢᠨ ᠬᠤᠲᠠ ᠶᠢᠨ ᠬᠤᠭᠤᠷᠣᠨᠳᠣᠬᠢ ᠪᠠ ᠬᠤᠲᠠ ᠶᠢᠨ ᠲᠣᠭᠤᠷᠢᠭ ᠤᠨ ᠨᠡᠶᠢᠲᠡ ᠶᠢᠨ ᠵᠠᠮ ᠬᠠᠷᠢᠯᠴᠠᠭ᠎ᠠ ᠶᠢ ᠨᠡᠪᠲᠡᠷᠡᠭᠦᠯᠪᠡ᠃ 5 ᠪᠠᠯᠭᠠᠰᠤᠨ ᠤ ᠪᠣᠬᠢᠷ ᠤᠰᠤ  ᠰᠢᠢᠳᠪᠦᠷᠢᠯᠡᠬᠦ ᠦᠢᠯᠡᠳᠪᠦᠷᠢ ᠶᠢ ᠰᠢᠨ᠎ᠡ ᠪᠠᠷ ᠪᠠᠶᠢᠭᠤᠯᠵᠤ᠂ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠢ ᠲᠦᠭᠡᠮᠡᠯᠵᠢᠭᠦᠯᠦᠭᠰᠡᠨ ᠨᠣᠷᠮ᠎ᠠ 88% ᠠᠴᠠ ᠳᠡᠭᠡᠭᠰᠢ ᠪᠠᠶᠢᠵᠤ᠂ ᠮᠠᠨ ᠤ ᠬᠤᠰᠢᠭᠤ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠰᠢᠯᠢᠳᠡᠭ ᠬᠤᠰᠢᠭᠤ ᠪᠠᠷ ᠦᠨᠡᠯᠡᠭᠳᠡᠵᠦ᠂  ᠮᠧᠩ ᠬᠠᠶ ᠪᠠᠯᠭᠠᠰᠤ ᠶᠢ ︽ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ︾ ᠪᠣᠯᠭᠠᠨ ᠪᠠᠶᠢᠭᠤᠯᠪᠠ᠃    
ᠢᠷᠡᠯᠲᠡ᠄ ᠲᠤᠰ ᠰᠦᠯᠵᠢᠶ᠎ᠡ