ᠠᠷᠠᠳ ᠤᠨ ᠠᠮᠢᠳᠤᠷᠠᠯ ᠳᠤ ᠨᠡᠶᠢᠳᠡ 90 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠡᠵᠡᠯᠡᠬᠦ ᠬᠠᠷᠢᠴᠠᠯ | 68.7% ᠪᠠᠶᠢᠭᠰᠠᠨ ᠠᠴᠠ ᠪᠠᠨ ᠳᠡᠭᠡᠭᠰᠢᠯᠡᠭᠡᠳ 81.5% ᠪᠣᠯᠵᠠᠶ᠃ ᠬᠤᠰᠢᠭᠤᠨ ᠤ ᠬᠤᠶᠠᠳᠤᠭᠠᠷ ᠬᠡᠤᠬᠡᠳ ᠤᠨ ᠴᠡᠴᠡᠷᠯᠢᠭ ᠢ ᠪᠠᠶᠢᠭᠤᠯᠵᠤ᠂ ᠲᠡᠮᠡᠴᠡᠯᠲᠦ | ᠳᠤᠮᠳᠠᠳᠤ ᠰᠤᠷᠭᠠᠭᠤᠯᠢ ᠶᠢ ᠪᠠᠶᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ ᠵᠢᠩᠬᠢᠨᠢ ᠠᠩᠭᠢ ᠶᠢ ᠪᠥᠬᠦ ᠬᠤᠲᠠ ᠶᠢᠨ ᠡᠮᠦᠨ᠎ᠡ | ᠡᠩᠨᠡᠭᠡᠨ ᠳᠤ ᠣᠷᠣᠭᠤᠯᠪᠠ᠃ ᠮᠠᠨ ᠤ ᠬᠤᠰᠢᠭᠤ ᠠᠩᠬᠠᠳᠠᠭᠴᠢ ᠪᠦᠯᠦᠭ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ | ᠰᠢᠯᠭᠠᠭᠰᠠᠨ ᠦᠷ᠎ᠡ ᠳ᠋ᠦᠩ ᠤᠨ ᠬᠡᠷᠡᠭᠯᠡᠭᠡᠨ ᠤ ᠲᠤᠷᠰᠢᠯᠲᠠ ᠶᠢᠨ ᠰᠢᠶᠠᠨ᠂ ᠤᠯᠤᠰ ᠤᠨ ᠲᠠᠰ ᠤᠨ ᠬᠥᠳᠡᠭᠡ ᠲᠣᠰᠬᠤᠨ ᠤ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠪᠠ ᠨᠠᠰᠤᠨ ᠳᠤ ᠭᠦᠷᠦᠭᠰᠡᠳ ᠤᠨ ᠰᠤᠷᠭᠠᠨᠳᠤᠮᠳᠠᠳᠤ ᠮᠣᠩᠭᠤᠯ ᠤᠨ ᠡᠮᠨᠡᠯᠭᠡ ᠶᠢᠨ ᠬᠤᠷᠢᠶ᠎ᠠ ᠪᠠ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠶᠢᠨ | ᠶᠡᠷᠦᠩᠬᠡᠶᠢᠯᠡᠭᠰᠡᠨ ᠲᠣᠮᠣ ᠠᠰᠠᠷ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠮᠧᠩ ᠬᠠᠶ ᠡᠷᠡᠭᠦᠯ ᠬᠠᠮᠠᠭᠠᠯᠠᠯ ᠤᠨ ᠬᠤᠷᠢᠶ᠎ᠠ ᠶᠢ ᠰᠢᠨ᠎ᠡ ᠪᠠᠷ ᠪᠠᠶᠢᠭᠤᠯᠵᠤ᠂ | ᠮᠠᠨ ᠤ ᠬᠤᠰᠢᠭᠤ ︽ᠪᠥᠬᠦ ᠤᠯᠤᠰ ᠤᠨ ᠲᠥᠯᠥᠪᠯᠡᠭᠡᠲᠦ ᠦᠷᠡᠵᠢᠯ ᠤᠨ ᠰᠢᠯᠢᠳᠡᠭ ᠦᠢᠯᠡᠴᠢᠯᠡᠭᠡᠨ ᠤ ᠲᠡᠷᠢᠭᠦᠨ ᠤ ᠬᠤᠰᠢᠭᠤ︾ ᠪᠠᠷ ᠦᠨᠡᠯᠡᠭᠳᠡᠪᠡ᠃ ᠠᠷᠠᠳ | ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠰᠢᠨ᠎ᠡ ᠪᠠᠷ ᠡᠭᠦᠰᠦᠭᠰᠡᠨ ᠬᠢᠵᠢᠭ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ | ᠪᠦᠲᠦᠮᠵᠢᠲᠡᠶ ᠪᠠᠷ ᠬᠤᠷᠢᠭᠯᠠᠨ ᠵᠣᠭᠰᠣᠭᠠᠨ᠎ᠠ᠃ ᠤᠯᠠᠭᠠᠨᠮᠥ᠋ᠴᠢᠷ ᠢ ᠰᠡᠷᠭᠦᠭᠡᠵᠦ᠂ ᠬᠤᠰᠢᠭᠤᠨ ᠤ ᠨᠣᠮ ᠤᠨ ᠰᠠᠩ ᠨᠢ ᠤᠯᠤᠰ ᠤᠨ ᠬᠤᠶᠠᠳᠤᠭᠠᠷ ᠳᠡᠰ ᠤᠨ | ᠨᠣᠮ ᠤᠨ ᠰᠠᠩ ᠢᠶᠠᠷ ᠦᠨᠡᠯᠡᠭᠳᠡᠵᠦ᠂ 9 ᠪᠠᠯᠭᠠᠰᠤᠨ ᠤ ᠰᠣᠶᠣᠯ ᠤᠨ ᠥᠷᠲᠡᠭᠡ ᠨᠢ ᠴᠥᠮ ᠤᠯᠤᠰ ᠤᠨ ᠪᠠᠷᠢᠮᠵᠢᠶ᠎ᠠ ᠳᠤ ᠭᠦᠷᠦᠭᠰᠡᠨ ᠪᠠᠶᠢᠨ᠎ᠠ᠃ ︽ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠶ ᠲᠡᠮᠡᠴᠡᠯ ᠢ ᠭᠦᠨᠵᠡᠭᠡᠶ ᠲᠦᠯᠬᠢᠨ ᠠᠬᠢᠭᠤᠯᠵᠤ᠂ ︽ᠨᠠᠢᠮᠠᠨ ᠲᠦᠷᠦᠯ ᠤᠨ ᠬᠡᠷᠡᠭ︾ ② ᠵᠢᠯ ᠪᠦᠷᠢ | ᠳᠤᠮᠳᠠᠴᠢ ᠪᠠᠷ 22% ᠢᠶᠠᠷ ᠪᠠᠭᠤᠷᠠᠪᠠ᠃ ᠢᠳᠡᠭᠡᠨ ᠤ ᠵᠦᠢᠯ ᠡᠮ ᠤᠨ ᠵᠦᠢᠯ᠂ ᠠᠶᠤᠯᠭᠦᠶ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ | ᠪᠠᠶᠢᠳᠠᠯ ᠢ ᠬᠠᠮᠠᠭᠠᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ᠂ ᠬᠤᠶᠠᠷ ᠢ ᠬᠦᠷᠢᠶᠡᠯᠡᠨ ᠬᠠᠮᠲᠤ ᠪᠠᠷ ᠪᠠᠶᠢᠭᠤᠯᠬᠤ ᠵᠡᠷᠭᠡ ᠠᠵᠢᠯ ᠲᠠᠰᠤᠷᠠᠯᠳᠠ | ᠦᠭᠡᠢ ᠲᠠᠪᠰᠢᠪᠠ᠃ | |