ᠵᠠᠰᠠᠭ ᠤᠨ ᠶᠠᠪᠤᠳᠠᠯ ᠳᠠᠬᠢ ᠲᠤᠭ᠎ᠠ ᠪᠠᠷᠢᠮᠲᠠ ᠶᠢᠨ ᠲᠤᠬᠠᠢ ︵ᠳᠣᠯᠤᠭ᠎ᠠ︶
ᠨᠡᠶᠢᠲᠡᠯᠡᠭᠰᠡᠨ ᠴᠠᠭ᠄
2022/1/21
      ᠬᠠᠩᠭᠢᠨ ᠬᠤᠶᠢᠲᠤ  ᠬᠤᠰᠢᠭᠤ ᠨᠢᠭᠲᠠ ᠬᠡᠯᠪᠡᠷᠢ ᠶᠢᠨ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠯᠳᠤᠯ ᠤᠨ ᠬᠠᠷᠢᠴᠠᠯ ᠢ 70% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ᠃ ︽ᠭᠤᠣᠯ ᠨᠠᠭᠤᠷ ᠤᠨ ᠳᠠᠷᠤᠭ᠎ᠠ + ᠪᠠᠶᠢᠴᠠᠭᠠᠬᠤ ᠳᠠᠷᠤᠭ᠎ᠠ + ᠴᠠᠭᠳᠠᠭᠠᠨ ᠤ ᠳᠠᠷᠤᠭ᠎ᠠ + ᠴᠡᠪᠡᠷᠯᠡᠭᠴᠢ ︾ ᠶᠢᠨ ᠲᠣᠭᠲᠠᠴᠠ ᠶᠢ ᠪᠠᠶᠢᠭᠤᠯᠵᠤ᠂ ᠪᠠᠶᠢᠩᠭᠤ ᠶᠢᠨ ᠴᠢᠨᠠᠷᠲᠠᠶ ᠬᠠᠮᠲᠤᠷᠠᠭᠰᠠᠨ ᠬᠢᠨᠠᠯᠲᠠ ᠬᠠᠮᠢᠶᠠᠷᠤᠯᠲᠠ ᠶᠢ ᠥᠷᠨᠢᠭᠦᠯᠪᠡ᠃ ᠵᠢᠩ ᠾᠧᠩ ᠢᠳᠡᠭᠡᠨ ᠤ ︽ᠭᠤᠸᠠ ᠶᠢᠨ ᠦᠷ᠎ᠡ ᠶᠢᠨ ᠪᠠᠩᠬᠢ︾ ᠶᠢᠨ ᠵᠠᠭᠪᠤᠷ ᠤᠨ ᠰᠢᠨ᠎ᠡ ᠶᠢ ᠡᠭᠦᠳᠴᠦ᠂ ᠪᠦᠬᠦ ᠤᠯᠤᠰ ᠤᠨ ᠨᠠᠩᠭᠤᠸᠠ ᠶᠢᠨ ᠦᠷ᠎ᠡ ᠶᠢ ᠬᠤᠷᠢᠶᠠᠨ ᠬᠠᠳᠠᠭᠠᠯᠠᠵᠤ ᠡᠳ᠋ᠰᠢᠭᠦᠯᠦᠨ ᠭᠠᠳᠠᠭᠠᠳᠤ ᠳᠤ ᠭᠠᠷᠭᠠᠬᠤ ᠲᠠᠭᠠᠭᠤᠯᠤᠭᠴᠢ ᠠᠵᠤ ᠠᠬᠤᠶᠢᠯᠠᠯ ᠪᠣᠯᠵᠠᠢ᠃ ᠾᠧᠩ ᠰᠢᠨ ᠲᠦᠩ ᠾᠦᠢ ᠪᠥᠬᠦ ᠣᠷᠣᠨ ᠤ ᠠᠩᠬᠠᠳᠠᠭᠴᠢ ᠪᠦᠯᠦᠭ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ  ᠦᠢᠯᠡᠴᠢᠯᠡᠭᠡᠨ ᠤ ᠠᠵᠤ ᠠᠬᠤᠶᠢᠯᠠᠯ ᠢᠶᠠᠷ ᠦᠨᠡᠯᠡᠭᠳᠡᠵᠦ᠂ ︽ᠪᠥᠬᠦ ᠤᠯᠤᠰ ᠤᠨ ᠬᠥᠳᠡᠭᠡ ᠲᠣᠰᠬᠤᠨ ᠤ ᠠᠳᠠᠯ ᠦᠢᠯᠡᠰ ᠴᠣᠭᠴᠠᠯᠠᠬᠤ ᠬᠦᠷᠢᠶᠡᠯᠡᠩ ᠲᠣᠭᠤᠷᠢᠭ︾ ᠤᠨ ᠢᠷᠠᠭᠤ ᠠᠯᠳᠠᠷ ᠢ ᠭᠥᠷᠳᠡᠪᠡ᠃ ︽ᠠᠮᠢᠳᠤ ᠪᠡᠶ᠎ᠡ ᠪᠠᠷ ᠪᠠᠷᠢᠴᠠᠭᠠᠯᠠᠬᠤ + ᠮᠠᠯ ᠤᠨ ᠳᠠᠭᠠᠳᠬᠠᠯ︾ ᠤᠨ ᠮᠥᠩᠭᠦᠨ  ᠭᠦᠢᠯᠭᠡᠭᠡᠨ ᠤ  ᠦᠢᠯᠡᠴᠢᠯᠡᠭᠡᠨ ᠤ ᠵᠠᠭᠪᠤᠷ ᠲᠤ ᠰᠢᠨ᠎ᠡ ᠶᠢ ᠡᠭᠦᠳᠴᠦ᠂ ᠮᠠᠨ ᠤ ᠬᠤᠰᠢᠭᠤ ᠪᠥᠬᠦ ᠤᠯᠤᠰ ᠤᠨ ᠬᠥᠳᠡᠭᠡ ᠲᠣᠰᠬᠤᠨ ᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠭᠰᠠᠨ ᠨᠡᠶᠢᠲᠡᠯᠢᠭ ᠰᠢᠶᠠᠨ᠂ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠨᠠᠷᠢᠯᠢᠭ ᠣᠨᠣᠴᠠᠲᠠᠶ ᠦᠶ᠋ᠯᠡᠴᠢᠯᠡᠭᠡᠨ ᠤ  ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠤᠷᠰᠢᠯᠲᠠ ᠶᠢᠨ ᠬᠤᠰᠢᠭᠤ ᠪᠣᠯᠪᠠ᠃ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠪᠠ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ︽ᠵᠠᠷᠤᠳᠠᠯ ᠪᠠ ᠦᠨᠡᠮᠯᠡᠯ ᠢ ᠰᠠᠯᠭᠠᠬᠤ︾ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠭᠡᠷ ᠪᠠᠶᠢᠰᠢᠩ ᠭᠠᠵᠠᠷ ᠰᠢᠷᠣᠶ ᠶᠢᠨ ᠭᠦᠷᠦᠩᠭᠡ ᠶᠢᠨ ︽ᠭᠤᠷᠪᠠᠨ ᠪᠡᠷᠬᠡ︾ ᠶᠢᠨ 30498 ᠢᠵᠢ ᠠᠰᠠᠭᠤᠳᠠᠯ ᠢ ᠰᠢᠢᠳᠪᠦᠷᠢᠯᠡᠪᠡ᠃ ︽ᠪᠠᠭᠤᠯᠭᠠᠬᠤ ᠬᠠᠮᠢᠶᠠᠷᠬᠤ  ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ 90% ᠠᠴᠠ ᠳᠡᠭᠡᠭᠰᠢᠬᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠣᠯᠠᠨ ᠨᠡᠶᠢᠲᠡ ᠶᠢᠨ  ᠦᠢᠯᠡᠴᠢᠯᠡᠭᠡᠨ ᠤ  ᠵᠦᠢᠯᠡᠰ ᠢ ᠲᠥᠪᠯᠡᠷᠡᠭᠦᠯᠦᠨ  ᠭᠦᠢᠴᠡᠳᠭᠡᠬᠦ ᠶᠢ ᠪᠡᠶᠡᠯᠡᠭᠦᠯᠵᠦ᠂ ᠬᠢᠨᠠᠨ ᠵᠥᠪᠰᠢᠶᠡᠷᠡᠬᠦ ᠴᠠᠭ ᠬᠤᠭᠤᠴᠠᠭ᠎ᠠ᠂ ᠮᠠᠲ᠋ᠧᠷᠢᠶᠠᠯ᠂ ᠭᠤᠭᠴᠤᠭ᠎ᠠ ᠵᠡᠷᠭᠡ ᠬᠦᠴᠦᠨ  ᠵᠦᠢᠯ ᠢ ᠴᠥᠮ 30% ᠪᠠᠷ ᠪᠠᠭᠠᠰᠬᠠᠵᠤ᠂ ︽12345︾ ᠶᠢᠨ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠬᠠᠯᠠᠮᠰᠢᠯ ᠤᠲᠠᠰᠤ ᠶᠢ ᠭᠦᠶ᠋ᠴᠡᠳᠬᠡᠵᠦ ᠳᠠᠭᠤᠰᠬᠠᠭᠰᠠᠨ ᠨᠣᠷᠮ᠎ᠠ᠂ ᠬᠠᠨᠤᠮᠵᠢᠲᠠᠶ ᠨᠣᠷᠮ᠎ᠠ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠪᠠ᠃    
ᠢᠷᠡᠯᠲᠡ᠄ ᠲᠤᠰ ᠰᠦᠯᠵᠢᠶ᠎ᠡ