2022 ᠣᠨ ᠤ 11 ᠰᠠᠷ᠎ᠠ ᠶᠢᠨ 24 ᠤ ᠡᠳᠦᠷ ᠤᠨ 0 ᠴᠠᠭ ᠠᠴᠠ 24 ᠴᠠᠭ ᠪᠤᠯᠲᠠᠯᠠᠭᠢ ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/11/25
      2022 ᠣᠨ ᠤ 11 ᠰᠠᠷ᠎ᠠ ᠶᠢᠨ 24 ᠤ ᠡᠳᠦᠷ ᠤᠨ 0 ᠴᠠᠭ ᠠᠴᠠ 24 ᠴᠠᠭ ᠪᠤᠯᠲᠠᠯ᠎ᠠ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 85 ᠨᠡᠮᠡᠭᠳᠡᠵᠦ ᠂ ᠡᠭᠦᠨ ᠳᠤ ᠭᠦᠭᠡᠬᠤᠳᠠ ᠳᠤ 71᠂ ᠬᠥᠯᠥᠨ ᠪᠦᠢᠷ ᠬᠤᠳᠠ ᠳᠤ 3 ︵ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠣᠯᠠᠭᠰᠠᠨ ᠡᠪᠡᠳᠴᠢᠨ ᠤ ᠵᠢᠱᠢᠶ᠎ᠡ ᠪᠣᠯᠤᠭᠰᠠᠨ 1 ᠡᠪᠡᠳᠴᠢᠲᠡᠨ ᠪᠤᠢ ︶ ᠂ ᠤᠯᠠᠭᠠᠨᠬᠠᠳᠠ ᠬᠤᠳᠠ ᠳᠤ 7᠂ ᠣᠷᠳᠣᠰ ᠬᠤᠲᠠ ᠳᠤ 4 ᠪᠤᠢ ᠃      ᠲᠤᠬᠠᠢ ᠶᠢᠨ ᠡᠳᠦᠷ ᠢᠯᠠᠷᠢᠰᠢᠵᠤ ᠡᠮᠨᠡᠯᠭᠡ ᠠᠴᠠ ᠭᠠᠷᠤᠭᠰᠠᠨ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 116 ᠨᠡᠮᠡᠭᠳᠡᠵᠦ ᠂ ᠡᠭᠦᠨ ᠳᠤ ᠭᠦᠭᠡᠬᠤᠳᠠ ᠳᠤ 100᠂ ᠬᠢᠩᠭᠠᠨ ᠠᠶᠢᠮᠠᠭ ᠲᠤ 1 ᠂ ᠣᠷᠳᠣᠰ ᠬᠤᠲᠠ ᠳᠤ 15 ᠪᠤᠢ ᠃      11 ᠰᠠᠷ᠎ᠠ ᠶᠢᠨ 24 ᠤ ᠡᠳᠦᠷ ᠤᠨ 24 ᠴᠠᠭ ᠪᠤᠯᠲᠠᠯ᠎ᠠ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠪᠠᠶᠢᠭ᠎ᠠ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 932 ᠪᠠᠶᠢᠵᠤ ᠂ ᠡᠭᠦᠨ ᠳᠤ ᠭᠦᠭᠡᠬᠤᠳᠠ ᠳᠤ 705 ᠂ ᠪᠤᠭᠤᠲᠤ ᠬᠤᠳᠠ ᠳᠤ 1 ᠂ ᠬᠥᠯᠥᠨ ᠪᠦᠢᠷ ᠬᠤᠳᠠ ᠳᠤ 10 ᠂ ᠬᠢᠩᠭᠠᠨ ᠠᠶᠢᠮᠠᠭ ᠲᠤ 12 ᠂ ᠲᠦᠩᠯᠢᠶᠣᠣ ᠬᠤᠲᠠ ᠳᠤ 2 ᠂ ᠤᠯᠠᠭᠠᠨᠬᠠᠳᠠ ᠬᠤᠲᠠ ᠳᠤ 52 ᠂ ᠰᠢᠯᠢ ᠶᠢᠨ ᠭᠤᠣᠯ ᠠᠶᠢᠮᠠᠭ ᠲᠤ 2 ᠂ ᠤᠯᠠᠭᠠᠨᠴᠠᠪ ᠬᠤᠳᠠ ᠳᠤ 4 ᠂ ᠣᠷᠳᠣᠰ ᠬᠤᠲᠠ ᠳᠤ 144 ᠪᠤᠢ ᠃      ᠲᠤᠬᠠᠢ ᠶᠢᠨ ᠡᠳᠦᠷ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 1 ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 7 ᠨᠡᠮᠡᠭᠳᠡᠵᠦ ᠂ ᠴᠥᠮ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠤᠯᠠᠨ ᠤᠯᠤᠰ ᠤᠨ ᠡᠭᠡᠯᠵᠢ ᠶᠢᠨ ᠨᠢᠰᠬᠡᠯ ᠤᠨ ᠬᠤᠪᠢᠶᠠᠷᠢᠯᠠᠯᠲᠠ ᠪᠠᠷ ᠭᠦᠭᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠯᠭᠠᠭᠰᠠᠨ ᠳᠤ ᠪᠠᠶᠢᠵᠠᠢ ᠃ ᠣᠳᠣ ᠪᠠᠶᠢᠭ᠎ᠠ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 2 ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 8 ᠪᠤᠢ ᠃      ᠲᠤᠬᠠᠢ ᠶᠢᠨ ᠡᠳᠦᠷ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 545 ᠨᠡᠮᠡᠭᠳᠡᠵᠦ ᠂ ᠡᠭᠦᠨ ᠳᠤ ᠭᠦᠭᠡᠬᠤᠳᠠ ᠳᠤ 244 ᠂ ᠪᠤᠭᠤᠲᠤ ᠬᠤᠳᠠ ᠳᠤ 31 ᠂ ᠬᠥᠯᠥᠨ ᠪᠦᠢᠷ ᠬᠤᠳᠠ ᠳᠤ 3᠂ ᠬᠢᠩᠭᠠᠨ ᠠᠶᠢᠮᠠᠭ ᠲᠤ 74 ᠂ ᠲᠦᠩᠯᠢᠶᠣᠣ ᠬᠤᠲᠠ ᠳᠤ 28 ᠂ ᠤᠯᠠᠭᠠᠨᠬᠠᠳᠠ ᠬᠤᠲᠠ ᠳᠤ 49 ᠂ ᠰᠢᠯᠢ ᠶᠢᠨ ᠭᠤᠣᠯ ᠠᠶᠢᠮᠠᠭ ᠲᠤ 7 ᠂ ᠤᠯᠠᠭᠠᠨᠴᠠᠪ ᠬᠤᠳᠠ ᠳᠤ 22 ᠂ ᠣᠷᠳᠣᠰ ᠬᠤᠲᠠ ᠳᠤ 30 ᠂ ᠪᠠᠶᠠᠨᠨᠠᠭᠤᠷ ᠬᠤᠲᠠ ᠳᠤ 42 ᠂ ᠦᠬᠠᠢ ᠬᠤᠳᠠ ᠳᠤ 12᠂ ᠠᠯᠠᠱᠠ ᠠᠶᠢᠮᠠᠭ ᠲᠤ 3 ᠪᠤᠢ ᠃      ᠲᠤᠬᠠᠢ ᠶᠢᠨ ᠡᠳᠦᠷ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠭᠰᠠᠨ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 853 ᠪᠠᠶᠢᠵᠤ ᠂ ᠡᠭᠦᠨ ᠳᠤ ᠭᠦᠭᠡᠬᠤᠳᠠ ᠳᠤ 786 ᠂ ᠪᠤᠭᠤᠲᠤ ᠬᠤᠳᠠ ᠳᠤ 13 ᠂ ᠲᠦᠩᠯᠢᠶᠣᠣ ᠬᠤᠲᠠ ᠳᠤ 15᠂ ᠤᠯᠠᠭᠠᠨᠬᠠᠳᠠ ᠬᠤᠲᠠ ᠳᠤ 2 ᠂ ᠰᠢᠯᠢ ᠶᠢᠨ ᠭᠤᠣᠯ ᠠᠶᠢᠮᠠᠭ ᠲᠤ 10 ᠂ ᠤᠯᠠᠭᠠᠨᠴᠠᠪ ᠬᠤᠳᠠ ᠳᠤ 6 ᠂ ᠪᠠᠶᠠᠨᠨᠠᠭᠤᠷ ᠬᠤᠲᠠ ᠳᠤ 13 ᠂ ᠠᠯᠠᠱᠠ ᠠᠶᠢᠮᠠᠭ ᠲᠤ 8 ᠪᠤᠢ ᠃     11 ᠰᠠᠷ᠎ᠠ ᠶᠢᠨ 24 ᠤ ᠡᠳᠦᠷ ᠤᠨ 24 ᠴᠠᠭ ᠪᠤᠯᠲᠠᠯ᠎ᠠ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠣ ᠪᠠᠶᠢᠭ᠎ᠠ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 6741 ᠪᠠᠶᠢᠵᠤ ᠂ ᠡᠭᠦᠨ ᠳᠤ ᠭᠦᠭᠡᠬᠤᠳᠠ ᠳᠤ 4159 ᠂ ᠪᠤᠭᠤᠲᠤ ᠬᠤᠳᠠ ᠳᠤ 285᠂ ᠬᠥᠯᠥᠨ ᠪᠦᠢᠷ ᠬᠤᠳᠠ ᠳᠤ 4 ᠂ ᠬᠢᠩᠭᠠᠨ ᠠᠶᠢᠮᠠᠭ ᠲᠤ 250 ᠂ ᠲᠦᠩᠯᠢᠶᠣᠣ ᠬᠤᠲᠠ ᠳᠤ 1072 ᠂ ᠤᠯᠠᠭᠠᠨᠬᠠᠳᠠ ᠬᠤᠲᠠ ᠳᠤ 293 ᠂ ᠰᠢᠯᠢ ᠶᠢᠨ ᠭᠤᠣᠯ ᠠᠶᠢᠮᠠᠭ ᠲᠤ 52 ᠂ ᠤᠯᠠᠭᠠᠨᠴᠠᠪ ᠬᠤᠳᠠ ᠳᠤ 326 ᠂ ᠣᠷᠳᠣᠰ ᠬᠤᠳᠠ ᠳᠤ 65 ᠂ ᠪᠠᠶᠠᠨᠨᠠᠭᠤᠷ ᠬᠤᠲᠠ ᠳᠤ 157 ᠂ ᠦᠬᠠᠢ ᠬᠤᠳᠠ ᠳᠤ 39 ᠂ ᠠᠯᠠᠱᠠ ᠠᠶᠢᠮᠠᠭ ᠲᠤ 39 ᠪᠤᠢ ᠃      ᠳᠡᠭᠡᠷ᠎ᠡ ᠳᠤᠷᠠᠳᠤᠭᠰᠠᠨ ᠬᠥᠮᠥᠰ ᠢ ᠪᠦᠭᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠬᠦ ᠪᠤᠶᠤ ᠴᠢᠩᠭᠡᠯᠢᠭ ᠡᠮᠨᠡᠯᠭᠡ ᠶᠢᠨ ᠬᠤᠷᠢᠶ᠎ᠠ ᠳᠤ ᠠᠨᠠᠭᠠᠬᠤ ᠤᠬᠠᠭᠠᠨ ᠤ ᠠᠵᠢᠭᠯᠠᠯᠲᠠ ᠬᠢᠵᠦ ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠤᠶ ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ