ᠠᠷᠠᠳ ᠤᠨ ᠶᠠᠪᠤᠳᠠᠯ ᠤᠨ ᠲᠣᠪᠴᠢᠶ᠎ᠠ ᠶᠢᠨ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2022/3/17
ᠠᠷᠠᠳ ᠤᠨ ᠶᠠᠪᠤᠳᠠᠯ ᠤᠨ ᠲᠣᠪᠴᠢᠶ᠎ᠠ ᠶᠢᠨ ᠡᠭᠦᠷᠭᠡ ᠬᠠᠷᠢᠭᠤᠴᠠᠯᠭ᠎ᠠ᠄      1. ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠬᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠨ᠎ᠠ᠃ ᠮᠡᠳᠡᠭᠡ ᠵᠠᠩᠭᠢ᠂ ᠠᠮᠤᠷ ᠲᠦᠪᠰᠢᠨ᠂ ᠠᠵᠢᠯᠲᠠᠨ ᠤ ᠶᠠᠪᠤᠳᠠᠯ᠂ ᠲᠠᠩᠰᠠ ᠡᠪᠬᠡᠮᠡᠯ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠰᠣᠨᠢᠨ ᠮᠡᠳᠡᠭᠡᠨ ᠤ ᠤᠬᠠᠭᠤᠯᠭ᠎ᠠ᠂ ᠭᠠᠳᠠᠭᠠᠳᠤ ᠲᠠᠢ ᠰᠣᠯᠢᠯᠴᠠᠭ᠎ᠠ ᠬᠢᠵᠦ ᠬᠠᠮᠲᠤᠷᠠᠯᠴᠠᠬᠤ ᠵᠡᠷᠭᠡ ᠠᠵᠢᠯ ᠢ ᠡᠭᠦᠷᠭᠡᠯᠡᠨ᠎ᠡ᠃ ᠬᠠᠮᠢᠶ᠎ᠠ ᠪᠥᠬᠦᠶ ᠬᠠᠤᠯᠢ ᠲᠣᠭᠲᠠᠭᠠᠯ ᠲᠦᠷᠢᠮ ᠲᠣᠭᠲᠠᠭᠠᠯ ᠤᠨ ᠲᠥᠰᠦᠯ ᠢ ᠲᠤᠭᠤᠷᠪᠢᠬᠤ ᠶᠢ ᠬᠠᠷᠢᠭᠤᠴᠠᠨ᠎ᠠ᠃ ᠠᠷᠠᠳ  ᠤᠨ ᠶᠠᠪᠤᠳᠠᠯ  ᠤᠨ ᠠᠵᠢᠯ ᠲᠥᠷᠥᠯ  ᠤᠨ ᠪᠠᠷᠢᠮᠵᠢᠶᠠᠵᠢᠭᠤᠯᠬᠤ ᠠᠵᠢᠯ  ᠶᠢ ᠡᠭᠦᠷᠭᠡᠯᠡᠨ᠎ᠡ᠃ ᠵᠢᠷᠤᠮᠵᠢᠯ ᠤᠨ ᠴᠢᠨᠠᠷᠲᠠᠶ ᠪᠢᠴᠢᠭ  ᠮᠠᠲ᠋ᠧᠷᠢᠶᠠᠯ  ᠤᠨ ᠬᠠᠤᠯᠢ ᠶᠣᠰᠣᠨ ᠤ ᠴᠢᠨᠠᠷᠲᠠᠶ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ  ᠤ ᠳᠠᠬᠢᠨ ᠵᠥᠪᠯᠡᠭᠦᠯᠬᠦ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ  ᠶᠢ ᠡᠭᠦᠷᠭᠡᠯᠡᠨ᠎ᠡ᠃ ᠪᠠᠶᠢᠭᠤᠯᠭ᠎ᠠ ᠶᠢᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨᠲᠤᠰ ᠨᠢᠭᠡᠴᠢ ᠶᠢᠨ ᠢᠶᠠᠨ ᠠᠵᠢᠯᠲᠠᠨ ᠠᠵᠢᠯᠴᠢᠨ ᠤ ᠺᠠᠳ᠋ᠷ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠵᠢᠨᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠢᠶᠠᠨ ᠨᠠᠮ ᠤᠨ ᠪᠠᠶᠢᠭᠤᠯᠤᠯᠲᠠ᠂ ᠰᠠᠬᠢᠯᠭ᠎ᠠ ᠪᠠᠲᠤ ᠪᠠᠶᠢᠴᠠᠭᠠᠬᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ᠂ ᠡᠮᠡᠭᠲᠡᠶᠢᠴᠦᠳ ᠬᠡᠦᠬᠡᠳ᠂ ᠵᠠᠯᠠᠭᠤᠴᠤᠳ ᠪᠠᠭᠠᠴᠤᠳ᠂ ᠠᠵᠢᠯᠴᠢᠨ ᠤ ᠡᠪᠯᠡᠯ ᠵᠡᠷᠭᠡ ᠨᠠᠮ ᠪᠠ ᠤᠯᠠᠨ ᠲᠦᠮᠡᠨ ᠤ ᠠᠵᠢᠯ ᠢ ᠬᠠᠷᠢᠭᠤᠴᠠᠨ᠎ᠠ᠃ ᠠᠷᠠᠳ  ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠷᠥᠯ ᠵᠦᠢᠯ ᠤᠨ ᠨᠥᠭᠡᠴᠡ ᠪᠣᠯᠤᠨ ᠠᠷᠠᠳ ᠤᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠡᠯ᠎ᠡ ᠱᠠᠲᠤᠨ ᠤ ᠵᠠᠰᠠᠭ  ᠤᠨ ᠰᠠᠯᠭᠠᠨ ᠥᠭᠭᠦᠭᠰᠡᠨ ᠠᠷᠠᠳ ᠤᠨ ᠶᠠᠪᠤᠳᠠᠯ ᠤᠨ ᠦᠢᠯᠡᠰ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠵᠢᠯ ᠶᠢ ᠵᠢᠯᠣᠭᠤᠳᠬᠤ ᠪᠠ ᠬᠢᠨᠠᠯᠲᠠ ᠲᠠᠯᠪᠢᠵᠤ᠂ ᠳᠡᠭᠡᠳᠦ ᠱᠠᠲᠤᠨ ᠤ ᠰᠠᠯᠭᠠᠨ ᠥᠭᠭᠦᠭᠰᠡᠨ ᠬᠤᠨᠵᠢᠪᠤᠷᠢᠳᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ ᠬᠠᠮᠢᠶᠠᠷᠤᠨ᠎ᠠ᠃      2. ᠨᠡᠶᠢᠭᠡᠮ ᠤᠨ ᠬᠡᠷᠡᠭ ᠶᠠᠪᠤᠳᠠᠯ ᠤᠨ ᠰᠲ᠋ᠣᠺ᠃ ᠪᠥᠬᠦ ᠬᠤᠰᠢᠭᠤᠨ ᠤ ᠨᠡᠶᠢᠭᠡᠮ ᠤᠨ ᠪᠦᠯᠬᠦᠮ᠂ ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠡᠩᠰᠡᠯᠡᠯᠲᠡ ᠪᠠ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠵᠤ᠂ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ ᠳᠡᠩᠰᠡᠯᠡᠨ ᠬᠠᠮᠢᠶᠠᠷᠬᠤ ᠪᠠ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠨ᠎ᠠ᠃ ᠪᠥᠬᠦ ᠬᠤᠰᠢᠭᠤᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠡᠩᠰᠡᠯᠡᠨ ᠬᠠᠮᠢᠶᠠᠷᠬᠤ ᠪᠠ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯ ᠢ ᠵᠢᠯᠣᠭᠤᠳᠤᠨ᠎ᠠ᠃ ᠪᠥᠬᠦ ᠬᠤᠰᠢᠭᠤᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠴᠤ᠂ ᠬᠤᠰᠢᠭᠤᠨ ᠤ ᠲᠣᠰ ᠱᠠᠲᠤᠨ ᠤ ᠰᠢᠭᠤᠳ ᠳᠡᠩᠰᠡᠯᠡᠨ ᠬᠠᠮᠢᠶᠠᠷᠬᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠤᠷᠤᠭ ᠤᠨ ᠵᠠᠩᠰᠢᠯ ᠪᠠ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠤᠷᠤᠭ ᠤᠨ ᠣᠷᠣᠰᠢᠭᠤᠯᠭ᠎ᠠ᠂ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠨ᠎ᠠ᠃ ᠵᠡᠮᠳᠡᠭᠴᠦᠳ ᠲᠤ ᠲᠥᠪᠯᠡᠷᠡᠭᠦᠯᠦᠨ ᠠᠵᠢᠯ ᠣᠯᠭᠤᠬᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠲᠤᠭᠤᠷᠪᠢᠨᠣᠷᠤᠭ ᠤᠨ ᠲᠠᠮᠠᠬᠢ ᠳᠠᠩᠰᠠᠯᠠᠬᠤ ᠪᠠᠶᠢᠭᠤᠯᠭ᠎ᠠ ᠪᠠ ᠵᠡᠮᠳᠡᠭᠴᠦᠳ ᠤᠨ ᠨᠡᠶᠢᠭᠡᠮ ᠤᠨ ᠠᠰᠠᠷᠠᠮᠵᠢ᠂ ᠣᠷᠣᠰᠢᠭᠤᠯᠭ᠎ᠠ ᠶᠢᠨ ᠦᠶ᠋ᠯᠡᠴᠢᠯᠡᠭᠡᠨ ᠤ ᠬᠠᠮᠢᠶ᠎ᠠ ᠪᠥᠬᠦᠶ ᠠᠵᠢᠯ ᠢ ᠵᠢᠯᠣᠭᠤᠳᠤᠨ᠎ᠠ᠃ ᠬᠡᠷ ᠪᠦᠯᠢ ᠶᠢᠨ ᠬᠦᠴᠦᠷᠬᠡᠭᠯᠡᠯ ᠤᠨ ᠬᠤᠤᠷ ᠠᠮᠰᠠᠭᠴᠢ ᠶᠢᠨ ᠲᠦᠷ ᠴᠠᠭ ᠤᠨ ᠥᠮᠥᠭᠡᠷᠡᠵᠦ ᠠᠪᠤᠷᠠᠨ ᠲᠤᠰᠠᠯᠠᠬᠤ ᠠᠵᠢᠯ ᠵᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠣᠯᠤᠨ ᠬᠦᠨᠳᠦ ᠳᠡᠰ ᠤᠨ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ ᠣᠯᠭᠤᠬᠤ ᠠᠵᠢᠯ ᠢ ᠵᠣᠬᠢᠶᠠᠨ ᠪᠠᠶᠢᠭᠤᠯᠤᠨ᠎ᠠ᠃ ᠬᠡᠦᠬᠡᠳ ᠤᠨ ᠠᠰᠠᠷᠠᠮᠵᠢ᠂ ᠬᠡᠦᠬᠡᠳ ᠢ ᠡᠷᠭᠦᠨ ᠲᠡᠵᠢᠭᠡᠬᠦ ᠪᠠ ᠬᠡᠦᠬᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠦᠷᠦ ᠶᠢᠨ ᠪᠤᠳᠤᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠨ᠎ᠠ᠃ ᠬᠥᠳᠡᠭᠡ ᠲᠣᠰᠬᠤᠨ ᠤ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠪᠠᠲᠤᠯᠠᠭ᠎ᠠ ᠵᠢᠨᠬᠡᠦᠬᠡᠳ ᠤᠨ ᠠᠰᠠᠷᠠᠮᠵᠢ᠂ ᠡᠷᠭᠦᠨ ᠲᠡᠵᠢᠭᠡᠬᠦ ᠶᠢ ᠳᠠᠩᠰᠠᠯᠠᠬᠤ ᠠᠵᠢᠯ ᠢ ᠵᠢᠯᠣᠭᠤᠳᠤᠨ᠎ᠠ᠃ ᠨᠡᠶᠢᠭᠡᠮ ᠤᠨ ᠬᠠᠨᠳᠢᠪᠯᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃      3. ᠦᠨᠳᠦᠰᠦᠨ ᠵᠠᠰᠠᠭ ᠤᠨ ᠣᠷᠣᠨ ᠤ ᠬᠤᠪᠢᠶᠠᠷᠢᠯᠠᠯ ᠤᠨ ᠬᠤᠪᠢ᠃ ᠬᠤᠳᠠ ᠬᠥᠳᠡᠭᠡ ᠶᠢᠨ ᠦᠨᠳᠦᠰᠦᠨ ᠱᠠᠲᠤᠨ ᠤ ᠤᠯᠠᠨ ᠲᠦᠮᠡᠨ ᠤ ᠥᠪᠡᠷᠲᠡᠭᠡᠨ ᠵᠠᠰᠠᠬᠤ ᠪᠠᠶᠢᠭᠤᠯᠤᠯᠲᠠ ᠪᠠ ᠨᠡᠶᠢᠭᠡᠮ ᠲᠣᠭᠤᠷᠢᠭ ᠢ ᠵᠠᠰᠠᠬᠤ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ᠂ ᠨᠡᠶᠢᠭᠡᠮ ᠤᠨ ᠠᠵᠢᠯ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦ ᠵᠢᠨᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠴᠤ᠂ ᠬᠤᠳᠠ ᠬᠥᠳᠡᠭᠡ ᠶᠢᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠭᠤᠯᠭ᠎ᠠ ᠶᠢ ᠳᠤᠷᠠᠳᠴᠤ᠂ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠵᠢᠨᠪᠥᠬᠦ ᠬᠤᠰᠢᠭᠤᠨ ᠤ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠪᠠ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠪᠠᠷᠢᠮᠵᠢᠶ᠎ᠠ ᠵᠢᠴᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠲᠦᠷᠢᠮ ᠲᠣᠭᠲᠠᠭᠠᠯ ᠤᠨ ᠲᠥᠰᠦᠯ ᠢ ᠲᠤᠭᠤᠷᠪᠢᠨ ᠲᠣᠭᠲᠠᠭᠠᠵᠤ᠂ ᠰᠢᠶᠠᠩ ᠪᠠᠯᠭᠠᠰᠤ ᠪᠠᠶᠢᠭᠤᠯᠬᠤ᠂ ᠬᠦᠴᠦᠨ ᠥᠬᠡᠶ ᠪᠣᠯᠭᠠᠬᠤ᠂ ᠨᠡᠷ᠎ᠡ ᠬᠠᠯᠠᠬᠤ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠢ ᠬᠤᠪᠢᠷᠠᠭᠤᠯᠬᠤ ᠪᠠ ᠠᠷᠠᠳ ᠤᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠢ ᠨᠡᠭᠦᠯᠭᠡᠬᠦ ᠶᠢ ᠬᠢᠨᠠᠨ ᠬᠠᠷᠭᠤᠭᠤᠯᠵᠤ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠳᠠᠭᠠᠭᠠᠨ ᠭᠦᠶ᠋ᠴᠡᠳᠬᠡᠨ᠎ᠡ᠃ ᠪᠥᠬᠦ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠢ ᠬᠠᠶᠢᠨ ᠲᠣᠭᠲᠠᠭᠠᠬᠤ ᠪᠠ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠪᠥᠬᠦ ᠬᠤᠰᠢᠭᠤᠨ ᠤ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠤᠲᠠ ᠬᠥᠳᠡᠭᠡ ᠶᠢᠨ ᠭᠠᠵᠠᠷ ᠤᠨ ᠨᠡᠷ᠎ᠡ ᠶᠢᠨ ᠲᠡᠮᠳᠡᠭ ᠢ ᠪᠠᠶᠢᠷᠢᠯᠠᠭᠤᠯᠬᠤ ᠪᠠ ᠬᠠᠮᠢᠶᠠᠷᠬᠤ ᠠᠵᠢᠯ ᠢ ᠵᠢᠯᠣᠭᠤᠳᠤᠨ᠎ᠠ ᠃ ᠡᠯ᠎ᠡ ᠰᠢᠶᠠᠩ ᠪᠠᠯᠭᠠᠰᠤᠨ ᠤ ᠭᠠᠴᠠᠭᠠᠨ ᠤ ᠶᠠᠪᠤᠳᠠᠯ ᠢ ᠢᠯᠡ ᠪᠣᠯᠭᠠᠬᠤ ᠠᠵᠢᠯ ᠢ ᠬᠠᠷᠢᠭᠤᠴᠠᠨ᠎ᠠ᠃     4. ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠰᠲ᠋ᠣᠺ᠃ ᠪᠥᠬᠦ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠷᠣᠯᠭ᠎ᠠ ᠪᠠᠭ᠎ᠠ ᠶᠢ ᠬᠠᠷᠭᠤᠭᠤᠯᠬᠤ ᠵᠡᠷᠭᠡ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠶᠢ ᠲᠣᠭᠲᠠᠭᠠᠵᠤ᠂ ᠬᠤᠲᠠ ᠬᠥᠳᠡᠭᠡ ᠶᠢᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠪᠦᠷᠢᠨᠰᠢᠭᠦᠯᠦᠨ᠎ᠡ᠃ ᠬᠤᠰᠢᠭᠤᠨ ᠱᠠᠲᠤᠨ ᠤ ᠡᠳ᠋ ᠤᠨ ᠵᠠᠰᠠᠭ ᠤᠨ ᠬᠦᠴᠢᠷᠳᠡᠯᠲᠡᠶ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠪᠠᠯᠠ ᠮᠥᠩᠭᠦ ᠶᠢ ᠪᠦᠷᠢᠨ ᠬᠤᠪᠢᠶᠠᠷᠢᠯᠠᠬᠤ ᠪᠠ ᠬᠢᠨᠠᠨ ᠬᠠᠮᠢᠶᠠᠷᠬᠤ ᠠᠵᠢᠯ ᠢ ᠳᠠᠭᠠᠭᠠᠨ ᠭᠦᠶ᠋ᠴᠡᠳᠬᠡᠨ᠎ᠡ᠃ ᠡᠮ ᠡᠮᠨᠡᠯᠭᠡ᠂ ᠣᠷᠣᠨ ᠰᠠᠭᠤᠴᠠ᠂ ᠰᠤᠷᠭᠠᠨ ᠬᠥᠮᠦᠵᠢᠯ᠂ ᠠᠵᠢᠯ ᠣᠯᠭᠤᠯᠲᠠ ᠶᠢᠨ ᠬᠠᠤᠯᠢ ᠴᠠᠭᠠᠵᠠ ᠵᠡᠷᠭᠡ ᠠᠪᠤᠷᠠᠨ ᠲᠤᠰᠠᠯᠠᠬᠤ ᠬᠤᠯᠪᠣᠭᠳᠠᠯ ᠪᠦᠬᠦᠢ ᠠᠷᠭ᠎ᠠ ᠶᠢ ᠲᠣᠭᠲᠠᠭᠠᠬᠤ ᠳᠤ ᠣᠷᠣᠯᠴᠠᠨ᠎ᠠ᠃      5. ᠨᠠᠰᠤᠵᠢᠯ  ᠤᠨ ᠠᠰᠠᠷᠠᠮᠵᠢ  ᠶᠢᠨ ᠦᠢᠯᠡᠴᠢᠯᠡᠭᠡᠨ ᠤ ᠰᠲ᠋ᠣᠺ᠃ ᠨᠠᠰᠤᠲᠠᠶᠢᠴᠤᠳ ᠤᠨ ᠠᠰᠠᠷᠠᠮᠵᠢ ᠶᠢᠨ ᠠᠵᠢᠯ ᠢ ᠡᠭᠦᠷᠭᠡᠯᠡᠵᠦ᠂ ᠨᠠᠰᠤᠲᠠᠶᠢᠴᠤᠳ ᠤᠨ ᠠᠰᠠᠷᠠᠮᠵᠢ ᠶᠢᠨ ᠨᠥᠬᠦᠪᠥᠷᠢ ᠶᠢᠨ ᠲᠦᠷᠢᠮ ᠪᠠ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠵᠢᠨᠬᠦᠳᠡᠭᠡ ᠲᠣᠰᠬᠤᠨ ᠤ ᠬᠡᠷ ᠲᠡᠭᠡᠨ ᠬᠤᠴᠣᠷᠤᠭᠰᠠᠨ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠠᠵᠢᠯ ᠢ ᠵᠣᠬᠢᠴᠠᠭᠤᠯᠤᠨ ᠠᠬᠢᠭᠤᠯᠵᠤ᠂ ᠨᠠᠰᠤᠵᠢᠯ ᠤᠨ  ᠦᠢᠯᠡᠴᠢᠯᠡᠭᠡ᠂ ᠨᠠᠰᠤᠲᠠᠶᠢᠴᠤᠳ ᠤᠨ ᠠᠰᠠᠷᠠᠮᠵᠢ ᠶᠢᠨ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠥᠨᠳᠥᠷ ᠨᠠᠰᠤᠨ ᠤ ᠨᠥᠬᠦᠪᠥᠷᠢ ᠵᠡᠷᠭᠡ ᠨᠥᠬᠦᠪᠥᠷᠢ ᠶᠢ ᠣᠯᠭᠤᠬᠤ᠂ ᠠᠮᠢᠳᠤᠷᠠᠬᠤ ᠠᠷᠭ᠎ᠠ ᠥᠭᠡᠢ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠶᠢ ᠲᠡᠩᠬᠡᠷᠡᠭᠦᠯᠦᠨ ᠲᠤᠰᠠᠯᠠᠬᠤ ᠬᠠᠮᠢᠶᠠᠷᠤᠯᠲᠠ ᠶᠢᠨ ᠠᠵᠢᠯ ᠶᠢ ᠬᠠᠷᠢᠭᠤᠴᠠᠨ᠎ᠠ᠃ ᠪᠥᠬᠦ ᠬᠤᠰᠢᠭᠤᠨ ᠤ ᠨᠢᠭᠦᠯᠡᠰᠦᠩᠭᠦᠶ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠨ᠎ᠠ ‍ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠠᠵᠢᠯ ᠢ ᠬᠠᠷᠢᠭᠤᠴᠠᠨ᠎ᠠ᠃      6. ᠠᠪᠤᠷᠠᠨ ᠲᠤᠰᠠᠯᠠᠬᠤ ᠨᠢᠭᠦᠯᠡᠰᠦᠩᠭᠦᠶ ᠶᠢᠨ ᠰᠲ᠋ᠣᠺ᠄ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠲᠦᠷ ᠴᠠᠭ ᠤᠨ ᠠᠪᠤᠷᠠᠨ ᠲᠤᠰᠠᠯᠠᠬᠤ᠂ ᠭᠠᠮᠰᠢᠭ ᠤᠨ ᠳᠠᠷᠠᠭᠠᠬᠢ ᠠᠪᠤᠷᠠᠨ ᠲᠤᠰᠠᠯᠠᠬᠤ ᠪᠠ ︽ᠪᠠᠴᠢᠮ ᠪᠠ ᠬᠦᠴᠢᠷᠳᠡᠯ ᠠᠴᠠ ᠠᠪᠤᠷᠬᠠᠤ︾ ᠠᠵᠢᠯ ᠵᠡᠷᠭᠡ ᠶᠢ ᠡᠭᠦᠷᠭᠡᠯᠡᠨ᠎ᠡ᠃      7. ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ᠄ ᠣᠷᠣᠰᠢᠭᠤᠯᠭ᠎ᠠ ᠶᠢᠨ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ᠂ ᠣᠷᠣᠰᠢᠭᠤᠯᠭ᠎ᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ᠂ ᠠᠷᠠᠳ ᠲᠤ ᠠᠰᠢᠭ ᠬᠦᠷᠲᠡᠭᠡᠬᠦ ᠣᠷᠣᠰᠢᠭᠤᠯᠭ᠎ᠠ ᠶᠢᠨ ᠨᠥᠬᠦᠪᠥᠷᠢ᠂ ᠲᠥᠷᠥᠯ ᠵᠦᠶ᠋ᠯ ᠪᠠ ᠲᠤᠰᠬᠠᠶ ᠪᠠᠯᠠ ᠮᠥᠩᠭᠦ ᠭᠤᠶᠤᠴᠢᠯᠠᠨ ᠮᠡᠳᠡᠭᠦᠯᠬᠦ᠂ ᠨᠡᠶᠢᠲᠡ ᠶᠢᠨ ᠣᠩᠭᠤᠨ ᠤ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠵᠡᠷᠭᠡ᠃      8. ᠬᠤᠰᠢᠭᠤᠨ ᠤ ᠲᠥᠪ ᠤᠨ ᠨᠠᠰᠤᠲᠠᠨ ᠢ ᠠᠰᠠᠷᠠᠬᠤ ᠬᠦᠷᠢᠶᠡᠯᠡᠩ᠄ ᠨᠠᠰᠤᠲᠠᠨ ᠢ ᠠᠰᠠᠷᠠᠬᠤ ᠬᠦᠷᠢᠶᠡᠯᠡᠩ ᠤᠨ ᠡᠳᠦᠷ ᠲᠤᠲᠤᠮ ᠤᠨ ᠡᠵᠡᠩᠨᠡᠯᠲᠡ᠂ ᠲᠥᠷᠥᠯ  ᠵᠦᠢᠯ ᠪᠠ ᠲᠤᠰᠬᠠᠶ ᠪᠠᠯᠠ ᠮᠥᠩᠭᠦ ᠭᠤᠶᠤᠴᠢᠯᠠᠨ ᠮᠡᠳᠡᠭᠦᠯᠬᠦ ᠵᠡᠷᠭᠡ᠃      9. ᠣᠷᠤᠭ ᠤᠨ ᠪᠦᠷᠢᠳᠬᠡᠯ ᠤᠨ ᠭᠠᠵᠠᠷ᠄ ᠣᠷᠤᠭ ᠤᠨ ᠪᠦᠷᠢᠳᠬᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃
ᠢᠷᠡᠯᠲᠡ᠄ ᠲᠤᠰ ᠰᠦᠯᠵᠢᠶ᠎ᠡ