ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠄ | ︵ᠨᠢᠭᠡ︶ ᠨᠠᠮ ᠪᠠ ᠤᠯᠤᠰ ᠤᠨ ᠰᠤᠷᠭᠠᠨ ᠬᠥᠮᠦᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠪᠠ ᠳᠡᠭᠡᠳᠦ ᠱᠠᠲᠤᠨ ᠤ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠢᠭᠠᠪᠤᠷᠢ ᠶᠢ ᠪᠥᠬᠦ ᠲᠠᠯ᠎ᠠ ᠪᠠᠷ ᠲᠤᠤᠱᠯᠠᠭᠤᠯᠵᠤ᠂ ᠪᠥᠬᠦ ᠬᠤᠰᠢᠭᠤᠨ ᠤ ᠪᠣᠳᠠᠲᠠᠶ ᠲᠠᠢ ᠪᠠᠨ | ᠤᠶᠠᠯᠳᠤᠭᠤᠯᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠠ ᠡᠯ᠎ᠡ ᠵᠦᠢᠯ ᠤᠨ ᠲᠥᠯᠥᠪᠯᠡᠭᠡ᠂ ᠬᠡᠷᠡᠭᠵᠢᠭᠦᠯᠬᠦ ᠠᠷᠭ᠎ᠠ ᠪᠠ | ᠨᠥᠬᠦᠪᠥᠷᠢ ᠲᠣᠭᠲᠠᠭᠠᠯ ᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠬᠤᠶᠠᠷ︶ ᠪᠥᠬᠦ ᠬᠤᠰᠢᠭᠤᠨ ᠤ ᠰᠠᠭᠤᠷᠢ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠨᠠᠰᠤᠨ ᠳᠤ ᠭᠦᠷᠦᠭᠰᠡᠳ ᠤᠨ ᠰᠤᠷᠭᠠᠨ | ᠬᠥᠮᠦᠵᠢᠯ ᠪᠠ ᠣᠨᠴᠠᠭᠠᠶ ᠰᠤᠷᠭᠠᠨ ᠬᠥᠮᠦᠵᠢᠯ ᠢ ᠬᠠᠮᠢᠶᠠᠷᠬᠤ ᠪᠠ ᠵᠢᠯᠣᠭᠤᠳᠤᠨ᠎ᠠ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠠᠵᠢᠯ | ᠲᠦᠷᠦᠯ᠂ ᠡᠯ᠎ᠡ ᠰᠠᠯᠠᠭ᠎ᠠ ᠮᠥᠴᠢᠷ ᠤᠨ ᠰᠤᠷᠭᠠᠨ ᠬᠥᠮᠦᠵᠢᠯ ᠤᠨ ᠠᠵᠢᠯ ᠢ ᠬᠠᠮᠢᠶᠠᠷᠴᠤ᠂ ᠵᠢᠯᠣᠭᠤᠳᠴᠤ᠂ ᠵᠣᠬᠢᠴᠠᠭᠤᠯᠤᠨ᠎ᠠ᠃ | ︵ᠭᠤᠷᠪᠠ︶ ᠡᠯ᠎ᠡ ᠲᠥᠷᠥᠯ ᠤᠨ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠠᠵᠢᠯ ᠢ ᠲᠥᠯᠥᠪᠵᠢᠭᠦᠯᠵᠦ᠂ ᠵᠣᠬᠢᠴᠠᠭᠤᠯᠤᠨ | ᠵᠢᠯᠣᠭᠤᠳᠤᠨ᠎ᠠ︔ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠤᠯ ᠪᠠ ᠵᠢᠭᠠᠨ ᠰᠤᠷᠭᠠᠯᠲᠠ ᠶᠢᠨ ᠰᠤᠳᠤᠯᠤᠯ ᠢ ᠵᠢᠯᠣᠭᠤᠳᠤᠨ ᠥᠷᠨᠢᠭᠦᠯᠬᠦ ᠶᠢ | ᠬᠠᠷᠢᠭᠤᠴᠠᠨ᠎ᠠ︔ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠬᠠᠷᠢᠭᠤᠴᠠᠨ᠎ᠠ᠃ | ︵ᠳᠥᠷᠪᠡ︶ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ ᠪᠥᠬᠦ ᠬᠤᠰᠢᠭᠤᠨ ᠤ ᠡᠯ᠎ᠡ ᠲᠥᠷᠥᠯ ᠤᠨ ᠰᠤᠷᠭᠠᠭᠤᠯᠢ ᠶᠢ ᠨᠡᠭᠡᠭᠡᠨ ᠡᠷᠭᠢᠯᠡᠬᠦ᠂ ᠬᠦᠴᠦᠨ | ᠥᠬᠡᠶ ᠪᠣᠯᠭᠠᠬᠤ ᠪᠠ ᠨᠡᠶᠢᠯᠡᠭᠦᠯᠬᠦ ᠵᠢᠴᠢ ᠲᠤᠰᠬᠠᠶ ᠮᠡᠷᠭᠡᠵᠢᠯ ᠤᠨ ᠪᠠᠶᠢᠷᠢᠯᠠᠭᠤᠯᠤᠯᠲᠠ ᠶᠢ ᠬᠢᠨᠠᠨ ᠬᠠᠷᠭᠤᠭᠤᠯᠬᠤ ᠪᠤᠶᠤ ᠮᠡᠳᠡᠭᠦᠯᠦᠨ ᠵᠥᠪᠰᠢᠶᠡᠷᠡᠭᠦᠯᠬᠦ ᠶᠢ | ᠬᠠᠷᠢᠭᠤᠴᠠᠨ᠎ᠠ︔ ᠨᠡᠶᠢᠭᠡᠮ ᠤᠨ ᠬᠦᠴᠦᠨ ᠤ ᠰᠤᠷᠭᠠᠭᠤᠯᠢ ᠡᠷᠬᠢᠯᠡᠬᠦ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠵᠢᠯᠣᠭᠤᠳᠤᠨ᠎ᠠ᠃ | ︵ᠲᠠᠪᠤ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠵᠤ ᠪᠠᠶᠢᠭᠠᠳ ᠰᠤᠷᠭᠠᠨ ᠬᠥᠮᠦᠵᠢᠯ ᠤᠨ ᠵᠠᠷᠤᠳᠠᠯ ᠴᠤᠭᠯᠠᠭᠤᠯᠬᠤ᠂ ᠰᠤᠷᠭᠠᠨ | ᠬᠥᠮᠦᠵᠢᠯ ᠳᠤ ᠵᠣᠭᠤᠰ ᠰᠢᠯᠵᠢᠭᠦᠯᠵᠦ ᠥᠭᠬᠦ᠂ ᠰᠤᠷᠭᠠᠨ ᠬᠥᠮᠦᠵᠢᠯ ᠤᠨ ᠦᠨᠳᠦᠰᠦᠨ ᠪᠦᠲᠦᠭᠡᠨ ᠪᠠᠶᠢᠭᠤᠯᠤᠯᠲᠠ ᠳᠤ ᠪᠡᠯᠡ ᠣᠷᠣᠭᠤᠯᠬᠤ ᠲᠦᠷᠦ ᠶᠢᠨ | ᠪᠤᠳᠤᠯᠭ᠎ᠠ ᠶᠢ ᠲᠤᠭᠤᠷᠪᠢᠨ ᠲᠣᠭᠲᠠᠭᠠᠨ᠎ᠠ︔ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠨᠡᠮᠡᠯᠲᠡ ᠵᠠᠷᠤᠳᠠᠯ᠂ ᠰᠤᠷᠭᠠᠨ ᠬᠥᠮᠦᠵᠢᠯ ᠤᠨ ᠲᠤᠰᠬᠠᠶ ᠵᠠᠷᠤᠳᠠᠯ ᠢ | ᠨᠢᠭᠡᠳᠦᠯᠲᠡᠶ ᠲᠥᠯᠥᠪᠯᠡᠨ ᠳᠣᠭᠢᠷᠠᠭᠤᠯᠤᠨ᠎ᠠ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠦᠢᠯᠡᠰ ᠤᠨ | ᠵᠠᠷᠤᠳᠠᠯ ᠤᠨ ᠬᠡᠷᠡᠭᠯᠡᠯᠲᠡ ᠶᠢᠨ ᠪᠠᠶᠢᠳᠠᠯ ᠢ ᠪᠠᠶᠢᠴᠠᠭᠠᠨ ᠵᠢᠯᠣᠭᠤᠳᠤᠨ᠎ᠠ︔ ᠬᠠᠷᠢᠶ᠎ᠠ ᠨᠢᠭᠡᠴᠡ ᠶᠢᠨ ᠢᠶᠠᠨ ᠰᠤᠷᠭᠠᠨ ᠬᠥᠮᠦᠵᠢᠯ ᠤᠨ ᠦᠢᠯᠡᠰ ᠤᠨ ᠵᠠᠷᠤᠳᠠᠯ ᠳᠤ | ᠬᠢᠨᠠᠯᠲᠠ ᠲᠠᠯᠪᠢᠵᠤ ᠬᠢᠨᠠᠨ ᠪᠣᠳᠣᠨ᠎ᠠ᠃ | ︵ᠵᠢᠷᠭᠤᠭ᠎ᠠ︶ ᠰᠤᠷᠭᠠᠨ ᠬᠥᠮᠦᠵᠢᠯ ᠤᠨ ᠴᠢᠭᠯᠡᠯᠲᠡ᠂ ᠲᠦᠷᠦ ᠶᠢᠨ ᠪᠤᠳᠦᠯᠭ᠎ᠠ᠂ ᠬᠠᠤᠯᠢ ᠲᠣᠭᠲᠠᠭᠠᠯ ᠢ ᠤᠬᠠᠭᠤᠯᠬᠤ ᠠᠵᠢᠯ ᠢ ᠬᠠᠷᠢᠭᠤᠴᠠᠨ᠎ᠠ︔ | ᠰᠤᠷᠭᠠᠭᠤᠯᠢ ᠶᠢᠨ ᠦᠵᠡᠯ ᠰᠠᠨᠠᠭ᠎ᠠ ᠶᠣᠰᠣ ᠮᠣᠷᠠᠯ᠂ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ᠂ ᠤᠷᠠᠯᠢᠭ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ | ᠬᠥᠮᠦᠵᠢᠯ ᠤᠨ ᠠᠵᠢᠯ ᠢ ᠵᠢᠯᠣᠭᠤᠳᠤᠨ᠎ᠠ︔ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠬᠦ ᠬᠠᠮ ᠰᠢᠯᠭᠠᠯᠲᠠ ᠶᠢᠨ ᠠᠵᠢᠯ ᠢ ᠬᠠᠷᠢᠭᠤᠴᠠᠨ᠎ᠠ᠃ | ︵ᠲᠤᠯᠤᠭ᠎ᠠ︶ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠲᠥᠯᠥᠪᠵᠢᠭᠦᠯᠵᠦ ᠵᠢᠯᠣᠭᠤᠳᠤᠨ᠎ᠠ︔ ᠰᠤᠷᠭᠠᠨ ᠬᠥᠮᠦᠵᠢᠯ ᠤᠨ ᠰᠢᠰᠲ᠋ᠧᠮ ᠤᠨ | ᠲᠤᠰᠬᠠᠶ ᠮᠡᠷᠭᠡᠵᠢᠯ ᠤᠨ ᠲᠤᠰᠢᠶᠠᠯ ᠢ ᠬᠢᠨᠠᠨ ᠲᠣᠭᠲᠠᠭᠠᠬᠤ ᠠᠵᠢᠯ ᠢ ᠬᠠᠷᠢᠭᠤᠴᠠᠨ᠎ᠠ︔ ᠰᠤᠷᠭᠠᠭᠤᠯᠢ ᠶᠢᠨ ᠳᠣᠲᠣᠭᠠᠳᠤ ᠦᠨᠬᠠᠮᠢᠶᠠᠷᠤᠯᠲᠠ ᠶᠢᠨ ᠪᠠᠶᠢᠭᠤᠯᠤᠯ ᠤᠨ | ᠥᠭᠡᠷᠡᠴᠢᠯᠡᠯᠲᠡ ᠶᠢ ᠬᠠᠷᠢᠭᠤᠴᠠᠨ᠎ᠠ᠃ | ︵ᠨᠠᠢᠮᠠ︶ ᠡᠯ᠎ᠡ ᠲᠦᠷᠦᠯ ᠤᠨ ᠰᠤᠷᠭᠠᠭᠤᠯᠢ ᠶᠢᠨ ᠵᠢᠭᠠᠨ ᠰᠤᠷᠭᠠᠬᠤ ᠲᠥᠬᠦᠭᠡᠷᠦᠮᠵᠢ᠂ ᠬᠡᠮᠵᠢᠭᠦᠷᠯᠢᠭ᠂ ᠨᠣᠮ ᠪᠢᠴᠢᠭ ᠮᠠᠲ᠋ᠧᠷᠢᠶᠠᠯ ᠤᠨ | ᠲᠤᠬᠢᠷᠡᠭᠤᠯᠦᠯᠳᠠ ᠶᠢ ᠵᠢᠯᠣᠭᠤᠳᠤᠨ᠎ᠠ︔ ᠰᠤᠷᠭᠠᠨ ᠬᠥᠮᠦᠵᠢᠯ ᠤᠨ ᠰᠢᠰᠲ᠋ᠧᠮ ᠤᠨ ᠠᠵᠢᠯᠴᠢ ᠠᠷᠪᠢᠴᠢ ᠪᠠᠷ ᠰᠤᠷᠤᠯᠴᠠᠬᠤ᠂ ᠰᠤᠷᠭᠠᠭᠤᠯᠢ ᠠᠴᠠ ᠡᠷᠬᠢᠯᠡᠭᠰᠡᠨ ᠠᠵᠤ | ᠦᠢᠯᠡᠰ ᠤᠨ ᠠᠵᠢᠯ ᠢ ᠵᠢᠯᠣᠭᠤᠳᠤᠨ ᠬᠠᠮᠢᠶᠠᠷᠤᠨ᠎ᠠ᠃ | ︵ᠶᠢᠰᠦ︶ ᠰᠤᠷᠭᠠᠨ ᠬᠥᠮᠦᠵᠢᠯ ᠤᠨ ᠦᠢᠯᠡᠰ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠵᠢᠴᠢ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ | ᠬᠠᠮᠢᠶᠠᠷᠤᠯᠲᠠ ᠪᠠ ᠦᠢᠯᠡᠴᠢᠯᠡᠭᠡ ᠶᠢ ᠬᠠᠷᠢᠭᠤᠴᠠᠨ᠎ᠠ︔ ᠰᠤᠷᠭᠠᠨ ᠬᠥᠮᠦᠵᠢᠯ ᠤᠨ ᠨᠡᠶᠢᠭᠡᠮᠯᠢᠭ᠂ ᠨᠡᠶᠢᠭᠡᠮᠯᠢᠭ ᠵᠡᠷᠭᠡ ᠨᠡᠶᠢᠭᠡᠮ ᠤᠨ ᠪᠦᠯᠬᠦᠮ ᠤᠨ ᠵᠣᠬᠢᠶᠠᠨ | ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠨ ᠬᠥᠮᠦᠵᠢᠯ ᠤᠨ ᠲᠠᠯ᠎ᠠ ᠪᠠᠷ ᠭᠠᠳᠠᠭᠠᠳᠤ ᠲᠠᠢ | ᠰᠣᠯᠢᠯᠴᠠᠭ᠎ᠠ ᠬᠢᠬᠦ ᠪᠠ ᠬᠠᠮᠲᠤᠷᠠᠨ ᠠᠵᠢᠯᠯᠠᠬᠤ ᠶᠢ ᠬᠠᠷᠢᠭᠤᠴᠠᠨ᠎ᠠ᠃ | ︵ᠠᠷᠪᠠ︶ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠷᠢᠶ᠎ᠠ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠠᠮᠢᠶᠠᠷᠴᠤ᠂ ᠬᠡᠷᠡᠭᠯᠡᠵᠦ᠂ ᠪᠣᠯᠪᠠᠰᠤᠷᠠᠭᠤᠯᠵᠤ᠂ | ᠰᠢᠯᠭᠠᠨ ᠪᠠᠶᠢᠴᠠᠭᠠᠵᠤ᠂ ᠲᠣᠮᠢᠯᠠᠵᠤ ᠪᠠᠭᠤᠯᠭᠠᠵᠤ᠂ ᠬᠢᠨᠠᠯᠲᠠ ᠲᠠᠯᠪᠢᠨ᠎ᠠ᠂ ᠤᠳᠤᠷᠢᠳᠬᠤ ᠺᠠᠳ᠋ᠷ ᠢ ᠬᠠᠮᠢᠶᠠᠷᠤᠨ᠎ᠠ︔ ᠲᠣᠪᠴᠢᠶᠠᠨ ᠤ ᠰᠢᠰᠲ᠋ᠧᠮ ᠤᠨ ᠨᠠᠮ ᠤᠨ | ᠭᠡᠰᠢᠭᠦᠨ ᠢ ᠪᠣᠯᠪᠠᠰᠤᠷᠠᠭᠤᠯᠬᠤ᠂ ᠬᠥᠮᠦᠵᠢᠭᠦᠯᠬᠦ ᠪᠠ ᠬᠠᠮᠢᠶᠠᠷᠬᠤ ᠠᠵᠢᠯ ᠢ ᠵᠢᠯᠣᠭᠤᠳᠬᠤ ᠠᠵᠢᠯ ᠢ ᠬᠠᠷᠢᠭᠤᠴᠠᠨ᠎ᠠ᠃ | ︵ᠠᠷᠪᠠᠨ ᠨᠢᠭᠡ︶ ᠰᠤᠷᠭᠠᠨ ᠬᠥᠮᠦᠵᠢᠯ ᠤᠨ ᠲᠣᠪᠴᠢᠶᠠᠨ ᠤ ᠬᠠᠷᠢᠶ᠎ᠠ ᠨᠢᠭᠡᠴᠡ ᠶᠢᠨ ᠨᠠᠮ ᠤᠨ ᠰᠠᠬᠢᠯᠭ᠎ᠠ ᠪᠠᠲᠤ ᠪᠠᠶᠢᠴᠠᠭᠠᠬᠤ᠂ ᠵᠠᠰᠠᠭ ᠵᠠᠬᠢᠷᠭᠠᠨ ᠤ ᠬᠢᠨᠠᠨ | ᠪᠠᠶᠢᠴᠠᠭᠠᠬᠤ ᠠᠵᠢᠯ ᠢ ᠬᠠᠷᠢᠭᠤᠴᠠᠨ᠎ᠠ︔ ᠲᠣᠪᠴᠢᠶ᠎ᠠ ᠶᠢᠨ ᠰᠢᠰᠲ᠋ᠧᠮ ᠤᠨ ᠨᠢᠭᠡᠳᠦᠮᠡᠯ ᠹᠷᠣᠨᠲ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ | ᠪᠠᠭᠤᠵᠤ ᠠᠮᠠᠷᠠᠭᠰᠠᠨ ᠺᠠᠳ᠋ᠷᠴᠤᠳ ᠤᠨᠲᠣᠪᠴᠢᠶ᠎ᠠ ᠶᠢᠨ ᠰᠢᠰᠲ᠋ᠧᠮ ᠤᠨ ᠤᠬᠠᠭᠤᠯᠭ᠎ᠠ᠂ ᠦᠵᠡᠯ ᠰᠠᠨᠠᠭ᠎ᠠ ᠤᠯᠤᠰ ᠲᠦᠷᠦ ᠪᠠ ᠤᠶᠤᠨ ᠤ ᠪᠣᠯᠪᠠᠰᠤᠨ ᠤ | ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠲᠣᠪᠴᠢᠶ᠎ᠠ ᠶᠢᠨ ᠰᠢᠰᠲ᠋ᠧᠮ ᠤᠨ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠪᠠ | ᠡᠮᠡᠭᠲᠡᠶᠢᠴᠦᠳ ᠤᠨ ᠠᠵᠢᠯ ᠢ ᠬᠠᠷᠢᠭᠤᠴᠠᠨ᠎ᠠ᠃ | ︵ᠠᠷᠪᠠᠨ ᠬᠤᠶᠠᠷ︶ ᠰᠤᠷᠭᠠᠭᠤᠯᠢ ᠶᠢᠨ ᠲᠣᠭᠲᠠᠭᠤᠨ ᠪᠠᠶᠢᠯᠭᠠᠬᠤ᠂ ᠠᠮᠤᠷ ᠲᠦᠪᠰᠢᠨ ᠶᠢ ᠬᠠᠮᠠᠭᠠᠯᠠᠬᠤ ᠠᠵᠢᠯ ᠶᠢ ᠬᠠᠷᠢᠭᠤᠴᠠᠵᠤ᠂ ᠬᠤᠯᠪᠣᠭᠳᠠᠯ ᠪᠥᠬᠦᠢ | ᠰᠠᠯᠠᠭ᠎ᠠ ᠮᠥᠴᠢᠷ ᠲᠠᠢ ᠬᠠᠮᠵᠢᠯᠴᠠᠨ ᠭᠡᠨᠡᠳᠲᠡ ᠶᠢᠨ ᠬᠡᠷᠡᠭ ᠶᠢ ᠰᠢᠢᠳᠪᠦᠷᠢᠯᠡᠨ᠎ᠡ᠃ | ︵ᠠᠷᠪᠠᠨ ᠭᠤᠷᠪᠠ︶ ᠬᠤᠰᠢᠭᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠲᠠᠰᠤᠭ ᠢ ᠬᠠᠮᠢᠶᠠᠷᠤᠨ᠎ᠠ᠃ | ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠵᠢᠯ ᠤᠨ ᠲᠦᠷᠢᠮ ᠲᠣᠭᠲᠠᠭᠠᠯ ᠪᠠ ᠲᠦᠷᠢᠮ ᠢ ᠬᠠᠷᠢᠭᠤᠴᠠᠨ ᠲᠣᠭᠲᠠᠭᠠᠵᠤ᠂ ᠬᠤᠰᠢᠭᠤᠨ | ᠱᠠᠲᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠤᠯᠤᠰ ᠤᠨ ᠬᠤᠯᠪᠣᠭᠳᠠᠯ ᠪᠥᠬᠦᠶ ᠰᠤᠷᠭᠠᠨ | ᠬᠥᠮᠦᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠵᠢᠴᠢ ᠬᠤᠯᠪᠣᠭᠳᠠᠯ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ | ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ᠂ ᠪᠠᠶᠢᠴᠠᠭᠠᠵᠤ᠂ ᠦᠨᠡᠯᠡᠨ ᠵᠢᠱᠢᠨ᠎ᠡ᠃ | ︵ᠠᠷᠪᠠᠨ ᠲᠦᠷᠪᠡ︶ ᠦᠭᠡ ᠬᠡᠯᠡ ᠤᠢᠰᠦᠭ ᠪᠢᠴᠢᠭ ᠢ ᠬᠠᠷᠢᠭᠤᠴᠠᠬᠤ ᠪᠠ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠠᠵᠢᠯ ᠢ ᠵᠢᠯᠣᠭᠤᠳᠤᠨ᠎ᠠ᠃ | ︵ᠠᠷᠪᠠᠨ ᠲᠠᠪᠤ︶ ᠬᠤᠰᠢᠭᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ ᠳᠠᠭᠠᠭᠠᠨ ᠭᠦᠢᠴᠡᠳᠭᠡᠨ᠎ᠡ᠃ |