ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2022/3/18
ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠡᠭᠦᠷᠭᠡ ᠬᠠᠷᠢᠭᠤᠴᠠᠯᠭ᠎ᠠ᠄      ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠤ ᠵᠠᠰᠠᠭ ᠤᠨ ᠣᠷᠳᠣᠨ ᠤ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠶᠢᠨ ᠪᠠᠶᠢᠯᠳᠤᠬᠤ ᠪᠤᠲᠤᠯᠭ᠎ᠠ ᠪᠠ ᠲᠦᠷᠦ ᠶᠢᠨ ᠪᠤᠲᠤᠯᠭ᠎ᠠ ᠨᠢ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠶ᠋ᠳᠪᠦᠷᠢᠯᠡᠵᠦ᠂ ᠠᠵᠤ ᠦᠢᠯᠡᠰ ᠤᠨ ᠪᠦᠲᠦᠴᠡ ᠶᠢᠨ ᠪᠠᠶᠢᠯᠳᠤᠬᠤ ᠪᠤᠲᠤᠯᠭ᠎ᠠ ᠶᠢᠨ ᠴᠢᠨᠠᠷᠲᠠᠶ ᠳᠤᠬᠢᠷᠠᠭᠤᠯᠤᠯᠲᠠ ᠪᠠ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠠᠬᠢᠭᠤᠯᠤᠨ᠎ᠠ᠃      ︵ᠬᠤᠶᠠᠷ︶ ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠬᠢᠨᠠᠨ ᠰᠢᠨᠵᠢᠵᠦ ᠵᠠᠳᠠᠯᠤᠨ ᠰᠢᠨᠵᠢᠯᠡᠵᠦ᠂ ᠬᠠᠮᠢᠶ᠎ᠠ ᠪᠥᠬᠦᠶ ᠮᠡᠳᠡᠭᠡ ᠵᠠᠩᠭᠢ ᠶᠢ ᠨᠡᠶᠢᠲᠡᠯᠡᠨ᠂ ᠤᠷᠢᠳᠴᠢᠯᠠᠨ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠦᠨ ᠵᠢᠯᠣᠭᠤᠳᠴᠤ ᠂ ᠠᠵᠢᠯ ᠲᠥᠷᠥᠯ ᠤᠨ ᠠᠵᠢᠯᠯᠠᠭᠠᠨ ᠤ ᠬᠥᠭᠵᠢᠯᠲᠡ ᠶᠢᠨ ᠳᠤᠮᠳᠠᠬᠢ ᠬᠠᠮᠢᠶ᠎ᠠ ᠪᠥᠬᠦᠶ ᠠᠰᠠᠭᠤᠳᠠᠯ ᠢ ᠵᠣᠬᠢᠴᠠᠭᠤᠯᠤᠨ ᠰᠢᠶ᠋ᠳᠪᠦᠷᠢᠯᠡᠬᠦ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠠᠵᠤ ᠦᠢᠯᠡᠳᠪᠦᠷᠢ ᠶᠢᠨ ᠠᠵᠢᠯᠯᠠᠭᠠᠨ ᠳᠤᠮᠳᠠᠬᠢ ᠨᠡᠭᠦᠷᠡᠰᠦ ᠴᠠᠬᠢᠯᠭᠠᠨ ᠲᠤᠰᠤ ᠲᠡᠭᠡᠭᠡᠪᠦᠷᠢ ᠶᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠣᠨ ᠤ ᠴᠠᠬᠢᠯᠭᠠᠨ ᠭᠠᠷᠭᠠᠬᠤ ᠬᠡᠮᠵᠢᠶ᠎ᠡ ᠶᠢᠨ ᠵᠢᠱᠢᠭᠰᠡᠨ ᠲᠣᠬᠢᠷᠠᠭᠤᠯᠭ᠎ᠠ ᠶᠢᠨ ᠬᠠᠷᠠᠯᠲᠠ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠶᠢᠨ ᠲᠥᠰᠦᠯ ᠵᠢᠴᠢ ᠣᠨ ᠤ ᠬᠡᠷᠡᠭᠵᠢᠭᠦᠯᠬᠦ ᠲᠥᠯᠥᠪᠯᠡᠭᠡ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃      ︵ᠭᠤᠷᠪᠠ︶ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠡᠪᠴᠢᠶ᠎ᠡ ᠪᠠ ᠴᠢᠭᠯᠡᠯ᠂ ᠲᠥᠪ ᠂ ᠥᠪᠡᠷᠲᠡᠭᠡᠨ ᠵᠠᠰᠠᠬᠤ ᠣᠷᠣᠨ ᠤ ᠬᠤᠲᠠ ᠪᠠ ᠬᠤᠰᠢᠭᠤᠨ ᠤ ᠡᠳ᠋ ᠤᠨ ᠵᠠᠰᠠᠭ ᠤᠨ ᠴᠢᠨᠠᠷᠲᠠᠶ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢ ᠬᠠᠷᠢᠭᠤᠴᠠᠨ ᠳᠤᠷᠠᠳᠴᠤ᠂ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠪᠠᠶᠠᠨᠨᠠᠭᠤᠷ ᠬᠤᠲᠠ ᠶᠢᠨ ᠪᠠᠯᠠ ᠣᠷᠣᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠵᠦ ᠳᠠᠩᠰᠠᠯᠠᠭᠤᠯᠤᠭᠰᠠᠨ ᠲᠥᠷᠥᠯ ᠵᠦᠶ᠋ᠯ ᠢ ᠬᠢᠨᠠᠨ ᠬᠠᠷᠭᠤᠭᠤᠯᠵᠤ ᠮᠡᠳᠡᠭᠦᠯᠦᠨ ᠬᠦᠷᠭᠡᠵᠦ᠂ ᠮᠠᠨ ᠤ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠳᠠᠩᠰᠠᠯᠠᠭᠤᠯᠤᠨ᠎ᠠ᠃ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠠᠵᠤ  ᠦᠢᠯᠡᠰ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠵᠢᠯᠯᠠᠭᠠᠨ ᠪᠠ ᠵᠣᠬᠢᠴᠠᠭᠤᠯᠭ᠎ᠠ ᠶᠢ ᠵᠢᠯᠣᠭᠤᠳᠴᠤ᠂ ᠬᠠᠩᠭᠢᠨ ᠬᠤᠶᠢᠲᠤ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶ᠎ᠠ ᠪᠥᠬᠦᠶ ᠠᠵᠢᠯ ᠢ ᠵᠣᠬᠢᠴᠠᠭᠤᠯᠤᠨ᠎ᠠ᠃      ︵ᠳᠥᠷᠪᠡ︶ ᠬᠠᠩᠭᠢᠨ ᠬᠤᠶᠢᠲᠤ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠪᠠ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠪᠠ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢ ᠳᠤᠷᠠᠳᠤᠨ᠎ᠠ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠣᠨ ᠤ ᠬᠥᠭᠵᠢᠯᠲᠡ ᠶᠢᠨ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠭᠤᠣᠯᠳᠠᠯᠭ᠎ᠠ ᠲᠠᠢ ᠠᠵᠢᠯ ᠲᠦᠷᠦᠯ ᠳᠤ ᠣᠷᠣᠬᠤ ᠵᠥᠪᠰᠢᠶᠡᠷᠡᠯ ᠤᠨ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠤᠱᠯᠠᠭᠤᠯᠤᠨ ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠪᠠᠶᠢᠷᠢᠰᠢᠯ ᠤᠨ ᠲᠤᠬᠢᠷᠠᠭᠤᠯᠤᠯᠳᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠬᠦᠷᠢᠶᠡᠨ ᠳᠠᠬᠢ ᠠᠵᠢᠯ ᠲᠦᠷᠦᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠬᠤᠰᠢᠭᠤᠨ ᠤ ᠳᠠᠪᠤᠰᠤᠨ ᠤ ᠦᠢᠯᠡᠰ ᠤᠨ ᠭᠤᠤᠯ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ ᠡᠭᠦᠷᠭᠡᠪᠥᠬᠦ ᠬᠤᠰᠢᠭᠤᠨ ᠤ ᠠᠷᠠᠳ ᠤᠨ ᠬᠡᠷᠡᠭᠯᠡᠭᠡᠨ ᠤ ᠳᠡᠯᠪᠡᠷᠡᠬᠦ ᠪᠣᠳᠠᠰ ᠤᠨ ᠠᠶᠤᠯᠭᠦᠶ  ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ      ︵ᠲᠠᠪᠤ︶ ᠠᠵᠤ  ᠦᠢᠯᠡᠳᠪᠦᠷᠢ ᠶᠢᠨ ᠪᠣᠬᠢᠷᠲᠤᠯ ᠥᠬᠡᠶ ᠬᠥᠭᠵᠢᠯᠲᠡ ᠶᠢ ᠵᠢᠯᠣᠭᠤᠳᠤᠨ᠎ᠠ᠃ ᠬᠠᠩᠭᠢᠨ ᠬᠤᠶᠢᠲᠤ ᠬᠤᠰᠢᠭᠤᠨ ᠤ ᠠᠵᠤ ᠦᠢᠯᠡᠳᠪᠦᠷᠢ ᠶᠢᠨ ᠠᠤᠷᠭᠢ ᠠᠷᠪᠢᠯᠠᠬᠤ᠂ ᠡᠬᠢ ᠪᠠᠶᠠᠯᠢᠭ ᠢ ᠪᠦᠭᠦ ᠲᠠᠯ᠎ᠠ ᠪᠠᠷ ᠠᠰᠢᠭᠯᠠᠬᠤ᠂ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠰᠠᠶᠢᠨ ᠳᠤᠷ᠎ᠠ ᠶᠢᠨ ᠳᠦᠷᠦ ᠶᠢᠨ ᠪᠤᠲᠤᠯᠭ᠎ᠠ ᠵᠢᠴᠢ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠠᠵᠤ ᠦᠢᠯᠡᠳᠪᠦᠷᠢ ᠶᠢᠨ ᠪᠣᠬᠢᠷᠲᠤᠯ ᠥᠬᠡᠶ ᠬᠥᠭᠵᠢᠯᠲᠡ ᠶᠢᠨ ᠴᠢᠬᠤᠯᠠ ᠶᠡᠭᠡ ᠵᠢᠱᠢᠶ᠎ᠡ ᠦᠵᠡᠭᠦᠯᠬᠦ ᠲᠥᠷᠥᠯ  ᠵᠦᠢᠯ ᠪᠠ ᠰᠢᠨ᠎ᠡ  ᠦᠢᠯᠡᠳᠭᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠠᠵᠤ ᠦᠢᠯᠡᠳᠪᠦᠷᠢ ᠶᠢᠨ  ᠡᠨᠡᠷᠬᠢ ᠠᠷᠪᠢᠯᠠᠬᠤ ᠶᠢ ᠬᠢᠨᠠᠨ ᠪᠠᠶᠢᠴᠠᠭᠠᠬᠤ ᠠᠵᠢᠯ  ᠶᠢ ᠬᠠᠷᠢᠭᠤᠴᠠᠨ᠎ᠠ᠃      ︵ᠵᠢᠷᠭᠤᠭ᠎ᠠ︶ ᠠᠵᠤ ᠦᠢᠯᠡᠳᠪᠦᠷᠢ ᠪᠣᠯᠤᠨ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ  ᠤᠨ ᠰᠢᠨ᠎ᠡ ᠶᠢ ᠡᠭᠦᠳᠬᠦ  ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠵᠤ᠂ ᠮᠡᠷᠭᠡᠵᠢᠯ  ᠤᠨ ᠰᠢᠨ᠎ᠡ ᠶᠢ ᠡᠭᠦᠳᠬᠦ ᠪᠠ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠬᠠᠷᠢᠯᠴᠠᠨ ᠤᠶᠠᠯᠳᠤᠭᠤᠯᠬᠤ ᠶᠢ ᠲᠥᠯᠬᠢᠨ ᠠᠬᠢᠭᠤᠯᠤᠨ᠎ᠠ᠃ ᠬᠤᠯᠪᠣᠭᠳᠠᠯ ᠪᠥᠬᠦᠶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤᠨ ᠤ ᠠᠵᠤ  ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠠᠵᠤ ᠦᠶ᠋ᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠶ᠋ᠯ ᠳᠤ ᠣᠷᠣᠯᠴᠠᠵᠤ᠂ ᠬᠠᠮᠢᠶ᠎ᠠ ᠪᠥᠬᠦᠶ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠠᠵᠤ ᠦᠶᠢᠯᠡᠰᠵᠢᠯᠲᠡ ᠶᠢ ᠠᠬᠢᠭᠤᠯᠤᠨ᠎ᠠ᠃ ᠠᠵᠤ  ᠦᠢᠯᠡᠳᠪᠦᠷᠢ ᠶᠢᠨ ᠠᠵᠢᠯ ᠲᠥᠷᠥᠯ ᠤᠨ ᠶᠠᠰᠤ ᠴᠢᠨᠠᠷ ᠤᠨ ᠬᠠᠮᠢᠶᠠᠷᠤᠯᠲᠠ ᠪᠠ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠬᠤ ᠶᠢ ᠠᠬᠢᠭᠤᠯᠤᠨ᠎ᠠ᠃      ︵ᠳᠣᠯᠤᠭ᠎ᠠ︶ ᠲᠣᠨᠤᠭ ᠲᠥᠬᠦᠭᠡᠷᠦᠮᠵᠢ  ᠦᠢᠯᠡᠳᠦᠨ   ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠮᠡᠷᠭᠡᠵᠢᠯ ᠲᠣᠨᠤᠭ ᠲᠥᠬᠦᠭᠡᠷᠦᠮᠵᠢ ᠶᠢᠨ ᠬᠥᠭᠵᠢᠯᠲᠡ ᠪᠠ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠪᠠ ᠬᠤᠰᠢᠭᠤᠨ ᠤ ᠭᠤᠤᠯᠳᠠᠯᠭ᠎ᠠ ᠲᠠᠢ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ ᠲᠦᠰᠢᠭᠯᠡᠨ ᠬᠤᠯᠪᠣᠭᠳᠠᠯ ᠪᠥᠬᠦᠶ ᠴᠢᠬᠤᠯᠠ ᠶᠡᠭᠡ ᠲᠤᠰᠬᠠᠶ  ᠵᠦᠢᠯ ᠤᠨ ᠬᠡᠷᠡᠭᠵᠢᠭᠦᠯᠦᠯᠲᠡ ᠶᠢ ᠵᠣᠬᠢᠴᠠᠭᠤᠯᠵᠤ᠂ ᠮᠡᠷᠭᠡᠵᠢᠯ ᠲᠣᠨᠤᠭ ᠲᠥᠬᠦᠭᠡᠷᠦᠮᠵᠢ ᠶᠢ ᠤᠯᠤᠰ ᠲᠠᠭᠠᠨ  ᠦᠢᠯᠡᠳᠪᠦᠷᠢᠯᠡᠭᠦᠯᠬᠦ  ᠶᠢ ᠠᠬᠢᠭᠤᠯᠤᠨ᠂ ᠣᠷᠣᠭᠤᠯᠵᠤ ᠠᠪᠴᠢᠷᠠᠭᠰᠠᠨ ᠮᠡᠷᠭᠡᠵᠢᠯ ᠲᠣᠨᠤᠭ ᠲᠥᠬᠦᠭᠡᠷᠦᠮᠵᠢ ᠶᠢᠨ ᠰᠢᠩᠭᠡᠭᠡᠯᠲᠡ ᠶᠢᠨ ᠰᠢᠨ᠎ᠡ ᠶᠢ ᠡᠭᠦᠳᠬᠦ ᠶᠢ ᠵᠢᠯᠣᠭᠤᠳᠴᠤ᠂ ᠰᠢᠨ᠎ᠡ ᠪᠠᠷ ᠪᠣᠶ ᠪᠣᠯᠤᠭᠰᠠᠨ ᠠᠵᠤ  ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃      ︵ᠨᠠᠶ᠋ᠮᠠ︶ ᠠᠵᠤ ᠦᠢᠯᠡᠳᠪᠦᠷᠢ ᠶᠢᠨ ᠬᠦᠷᠢᠶᠡᠨ ᠤ ᠮᠡᠳᠡᠭᠡ ᠵᠠᠩᠭᠢᠵᠢᠯᠲᠠ ᠶᠢᠨ ᠠᠵᠢᠯ ᠢ ᠬᠠᠷᠢᠭᠤᠴᠠᠨ᠎ᠠ᠃ ᠮᠡᠳᠡᠭᠡ ᠵᠠᠩᠭᠢᠵᠢᠯᠲᠠ ᠪᠠ ᠠᠵᠤ ᠦᠢᠯᠡᠳᠪᠦᠷᠢᠵᠢᠯᠲᠡ ᠶᠢᠨ ᠠᠭᠤᠰᠤᠯᠳᠤᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠢᠨᠲ᠋ᠤᠷ ᠰᠦᠯᠵᠢᠶ᠎ᠡ᠂ ᠵᠥᠭᠡᠯᠡᠨ ᠬᠡᠷᠡᠭᠰᠡᠯ ᠤᠨ ᠦᠢᠯᠡᠰ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠵᠢᠠᠵᠤ ᠦᠢᠯᠡᠳᠪᠦᠷᠢ ᠶᠢᠨ ᠡᠵᠡᠮᠰᠢᠯ ᠤᠨ ᠰᠢᠰᠲ᠋ᠧᠮ ᠤᠨ ᠲᠣᠣᠷ ᠰᠦᠯᠵᠢᠶ᠎ᠡ ᠪᠠ ᠮᠡᠳᠡᠭᠡ ᠵᠠᠩᠭᠢ ᠶᠢᠨ ᠠᠮᠤᠷ ᠲᠦᠪᠰᠢᠨ ᠵᠮᠡᠳᠡᠭᠡ ᠬᠤᠯᠪᠣᠭᠠᠨ ᠤ ᠰᠦᠯᠵᠢᠶ᠎ᠡ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠢᠰᠦᠯᠵᠢᠶᠡᠨ ᠤ ᠡᠬᠢ ᠪᠠᠶᠠᠯᠢᠭ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠵᠢᠯᠣᠭᠤᠳᠤᠨ ᠵᠣᠬᠢᠴᠠᠭᠤᠯᠤᠨ᠎ᠠ᠃ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢᠨ ᠪᠥᠲᠥᠭᠡᠨ ᠪᠠᠶᠢᠭᠤᠯᠤᠯᠲᠠ᠂ ᠠᠵᠢᠯᠯᠠᠭᠠᠨ᠂ ᠬᠠᠮᠢᠶᠠᠷᠤᠯᠲᠠ ᠶᠢ ᠬᠠᠷᠢᠭᠤᠴᠠᠨ᠎ᠠ᠃      ︵ᠶᠢᠰᠦ︶ ᠳᠤᠮᠳᠠ ᠵᠢᠵᠢᠭ ᠠᠵᠤ ᠠᠬᠤᠶᠢᠯᠠᠯ ᠬᠢᠭᠡᠳ ᠨᠡᠶᠢᠲᠡ ᠶᠢᠨ ᠥᠮᠴᠢᠯᠡᠯ ᠤᠨ ᠪᠤᠰᠤ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢᠨ ᠬᠤᠷᠸ᠎ᠠ ᠵᠢᠯᠤᠭᠤᠳᠤᠯᠭ᠎ᠠ ᠶᠢ ᠬᠠᠷᠢᠭᠤᠴᠠᠨ᠎ᠠ᠃ ᠳᠤᠮᠳᠠ ᠵᠢᠵᠢᠭ ᠠᠵᠤ ᠠᠬᠤᠶᠢᠯᠠᠯ ᠪᠣᠯᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃      ︵ᠠᠷᠪᠠ︶ ᠤᠯᠤᠰ ᠤᠨ ᠳᠣᠲᠣᠭᠠᠳᠤ ᠭᠠᠳᠠᠭᠠᠳᠤ ᠶᠢᠨ ᠠᠷᠠᠯᠵᠢᠶ᠎ᠠ᠂ ᠤᠯᠠᠨ ᠤᠯᠤᠰ ᠤᠨ ᠠᠵᠤ ᠠᠬᠤᠶ ᠶᠢᠨ ᠬᠠᠮᠲᠤᠷᠠᠯᠴᠠᠭ᠎ᠠ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠠᠵᠢᠯ ᠤᠨ ᠣᠷᠣᠨ ᠨᠤᠲᠤᠭ ᠤᠨ ᠴᠢᠨᠠᠷᠲᠠᠶ ᠪᠠᠶᠢᠭᠤᠯᠭ᠎ᠠ ᠵᠢᠨᠣᠷᠣᠨ ᠨᠤᠲᠤᠭ ᠤᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠬᠠᠨᠳᠤᠰᠢ ᠶᠢ ᠰᠤᠳᠤᠯᠵᠤ᠂ ᠬᠥᠭᠵᠢᠯᠲᠡ ᠶᠢᠨ ᠲᠥᠯᠥᠪᠵᠢᠭᠦᠯᠭᠡ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠠᠷᠪᠠᠨ ᠨᠢᠭᠡ︶ ᠭᠦᠶ᠋ᠯᠭᠡᠭᠡᠨ ᠤ ᠠᠵᠤ  ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠬᠠᠷᠢᠭᠤᠴᠠᠨ ᠠᠬᠢᠭᠤᠯᠵᠤ᠂ ᠠᠷᠠᠯᠵᠢᠶ᠎ᠠ ᠬᠤᠳᠠᠯᠳᠤᠭᠠᠨ ᠤ  ᠦᠢᠯᠡᠴᠢᠯᠡᠭᠡᠨ ᠤ ᠦᠢᠯᠡᠰ ᠪᠠ ᠨᠡᠶᠢᠭᠡᠮ ᠲᠣᠭᠤᠷᠢᠭ ᠤᠨ ᠬᠤᠳᠠᠯᠳᠤᠭᠠᠨ ᠤ ᠬᠥᠭᠵᠢᠯᠲᠡ ᠶᠢ ᠵᠢᠯᠣᠭᠤᠳᠤᠨ᠂ ᠳᠤᠮᠳᠠ ᠵᠢᠵᠢᠭ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠭᠦᠶ᠋ᠯᠭᠡᠭᠡᠨ ᠤ ᠪᠠᠷᠢᠮᠵᠢᠶᠠᠵᠢᠭᠤᠯᠤᠯᠲᠠ ᠪᠠ ᠬᠡᠯᠬᠢᠶ᠎ᠡ ᠡᠵᠡᠩᠨᠡᠯᠲᠡ᠂ ᠬᠤᠳᠠᠯᠳᠤᠭᠠᠨ ᠤ ᠣᠨᠴᠠ ᠵᠥᠪᠰᠢᠶᠡᠷᠡᠯ ᠤᠨ ᠡᠵᠡᠩᠨᠡᠯᠲᠡ᠂ ᠪᠠᠷᠠᠭᠠᠨ ᠤ  ᠭᠦᠢᠯᠭᠡᠭᠡᠨ ᠤ ᠳᠣᠭᠢᠷᠠᠭᠤᠯᠤᠨ ᠬᠦᠷᠭᠡᠬᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠣᠲᠣ ᠦᠶ᠎ᠡ ᠶᠢᠨ  ᠭᠦᠢᠯᠭᠡᠭᠡᠨ ᠤ ᠠᠷᠭ᠎ᠠ ᠮᠠᠶ᠋ᠢᠭ ᠤᠨ ᠬᠥᠭᠵᠢᠯᠲᠡ ᠶᠢ ᠠᠬᠢᠭᠤᠯᠤᠨ᠎ᠠ᠃      ︵ᠠᠷᠪᠠᠨ ᠬᠤᠶᠠᠷ︶ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠠᠷᠭ᠎ᠠ ᠬᠡᠮᠵᠢᠶ᠎ᠡ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠬᠤᠳᠠ ᠬᠥᠳᠡᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠠᠬᠢᠭᠤᠯᠤᠨ᠎ᠠ᠃ ᠪᠥᠭᠡᠮ ᠦᠢᠯᠡᠳᠬᠦᠨ ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠲᠥᠯᠥᠪᠵᠢᠭᠦᠯᠭᠡ ᠪᠠ ᠬᠤᠳᠠ ᠶᠢᠨ ᠬᠤᠳᠠᠯᠳᠤᠭᠠᠨ ᠤ ᠲᠣᠣᠷ ᠴᠡᠭ ᠤᠨ ᠲᠥᠯᠥᠪᠵᠢᠭᠦᠯᠭᠡ ᠶᠢ ᠵᠢᠯᠣᠭᠤᠳᠴᠤ᠂ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠤᠨ᠎ᠠ᠃       ︵ᠠᠷᠪᠠᠨ ᠭᠤᠷᠪᠠ︶ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠳᠢᠭᠯᠢᠮ ᠢ ᠲᠦᠷᠦᠭᠦᠯᠡᠨ ᠵᠣᠬᠢᠴᠠᠭᠤᠯᠤᠨ ᠴᠡᠭᠴᠡᠯᠡᠬᠦ ᠪᠠ ᠵᠢᠷᠤᠮᠵᠢᠭᠤᠯᠵᠤ᠂ ᠬᠤᠳᠠᠯᠳᠤᠭᠠᠨ ᠤ ᠢᠲᠡᠭᠡᠮᠵᠢ ᠶᠢᠨ ᠪᠣᠷᠣᠯᠠᠭᠤᠯᠭ᠎ᠠ ᠶᠢ ᠵᠢᠯᠣᠭᠤᠳᠤᠨ᠂ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢ ᠶᠢᠨ ᠣᠯᠠᠨ ᠨᠡᠶᠢᠲᠡ ᠶᠢᠨ ᠦᠶ᠋ᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠨᠴᠠᠭᠠᠶ ᠭᠦᠢᠯᠭᠡᠭᠡᠨ ᠤ ᠠᠵᠢᠯ ᠲᠦᠷᠦᠯ ᠢ ᠬᠢᠨᠠᠵᠤ ᠬᠠᠮᠢᠶᠠᠷᠤᠨ᠎ᠠ᠃ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ᠂ ᠲᠤᠮᠤ ᠬᠡᠯᠪᠡᠷᠢ ᠶᠢᠨ ᠠᠷᠠᠯᠵᠢᠶ᠎ᠠ ᠬᠤᠳᠠᠯᠳᠤᠭᠠᠨ ᠤ ᠠᠵᠢᠯᠯᠠᠭᠠᠨ ᠤ ᠲᠠᠯᠠᠪᠤᠷ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠰᠢᠮᠳᠠᠭᠤᠯᠤᠨ ᠵᠢᠯᠣᠭᠤᠳᠬᠤ ᠶᠢ ᠬᠠᠷᠢᠭᠤᠴᠠᠨ᠎ᠠ᠃      ︵ᠠᠷᠪᠠᠨ ᠳᠥᠷᠪᠡ︶ ᠪᠥᠬᠦ ᠬᠤᠰᠢᠭᠤᠨ ᠤ ᠴᠢᠬᠤᠯᠠ ᠬᠡᠷᠡᠭᠯᠡᠭᠡᠨ ᠤ  ᠵᠦᠢᠯ ᠤᠨ ᠵᠠᠬ᠎ᠠ ᠳᠡᠯᠭᠡᠭᠦᠷ ᠤᠨ ᠲᠣᠬᠢᠷᠠᠭᠤᠯᠤᠯ ᠡᠵᠡᠮᠳᠡᠯ ᠪᠠ ᠴᠢᠬᠤᠯᠠ ᠦᠶ᠋ᠯᠡᠳᠪᠦᠷᠢᠯᠡᠯ ᠤᠨ ᠬᠡᠷᠡᠭᠰᠡᠯ ᠤᠨ  ᠭᠦᠢᠯᠭᠡᠭᠡᠨ ᠤ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠢᠨᠵᠠᠬ᠎ᠠ ᠳᠡᠯᠭᠡᠭᠦᠷ ᠤᠨ ᠠᠵᠢᠯᠯᠠᠭᠠᠨ᠂ ᠲᠠᠸᠠᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠤᠯᠲᠠ ᠬᠢᠨ᠎ᠠ᠃ ᠲᠠᠸᠠᠷ ᠤᠨ ᠦᠨ᠎ᠡ ᠬᠠᠩᠰᠢ ᠶᠢᠨ ᠮᠡᠳᠡᠭᠡ ᠵᠠᠩᠭᠢ ᠶᠢ ᠪᠠᠶᠢᠴᠠᠭᠠᠨ ᠵᠠᠳᠠᠯᠵᠤ᠂ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ ᠵᠢᠯᠣᠭᠤᠳᠤᠨ᠎ᠠ᠃ ᠮᠢᠬᠠᠨ ᠤ ᠵᠦᠢᠯ ᠵᠡᠷᠭᠡ ᠴᠢᠬᠤᠯᠠ ᠬᠡᠷᠡᠭᠯᠡᠭᠡᠨ ᠤ ᠵᠦᠢᠯ ᠤᠨ ᠨᠥᠭᠡᠴᠡ ᠶᠢᠨ ᠬᠠᠮᠢᠶᠠᠷᠤᠯᠲᠠ ᠪᠠ ᠵᠠᠬ᠎ᠠ ᠳᠡᠯᠭᠡᠭᠦᠷ ᠤᠨ ᠳᠤᠬᠢᠷᠠᠭᠤᠯᠤᠯ ᠡᠵᠡᠮᠳᠡᠯ ᠢ ᠬᠠᠷᠢᠭᠤᠴᠠᠨ᠎ᠠ᠃ ᠪᠣᠯᠪᠠᠰᠤᠷᠠᠭᠤᠯᠤᠭᠰᠠᠨ ᠴᠢᠯᠠᠭᠤᠨ ᠲᠤᠰᠤᠨ ᠤ ᠭᠦᠢᠯᠭᠡᠭᠡ ᠶᠢ ᠬᠠᠤᠯᠢ ᠶᠣᠰᠣᠭᠠᠷ ᠬᠢᠨᠠᠵᠤ ᠬᠠᠮᠢᠶᠠᠷᠤᠨ᠎ᠠ᠃      ︵ᠠᠷᠪᠠᠨ ᠲᠠᠪᠤ︶ ᠭᠠᠳᠠᠭᠠᠳᠤ ᠠᠷᠠᠯᠵᠢᠶ᠎ᠠ ᠶᠢᠨ ᠨᠡᠮᠡᠭᠳᠡᠯ ᠤᠨ ᠠᠷᠭ᠎ᠠ ᠮᠠᠶ᠋ᠢᠭ ᠤᠨ ᠬᠤᠪᠢᠷᠠᠭᠤᠯᠤᠯᠲᠠ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠠᠷᠠᠯᠵᠢᠶ᠎ᠠ ᠶᠢ ᠠᠬᠢᠭᠤᠯᠬᠤ ᠠᠵᠢᠯᠯᠠᠭ᠎ᠠ ᠪᠠ ᠭᠠᠳᠠᠭᠠᠳᠤ ᠠᠷᠠᠯᠵᠢᠶ᠎ᠠ ᠶᠢ ᠠᠬᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠴᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤᠨ ᠤ ᠭᠠᠳᠠᠭᠠᠳᠤ ᠠᠷᠠᠯᠵᠢᠶ᠎ᠠ ᠶᠢᠨ ᠬᠠᠮᠢᠶ᠎ᠠ ᠪᠥᠬᠦᠶ ᠲᠠᠸᠠᠷ᠂ ᠮᠡᠷᠭᠡᠵᠢᠯ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠥᠯᠥᠪᠯᠡᠭᠡ ᠶᠢᠨ ᠬᠠᠮᠢᠶᠠᠷᠤᠯᠲᠠ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤᠨ ᠤ ᠭᠠᠳᠠᠭᠠᠳᠤ ᠳᠤ ᠬᠠᠨᠳᠤᠭᠤᠯᠤᠭᠰᠠᠨ ᠮᠡᠷᠭᠡᠵᠢᠯ ᠤᠨ ᠠᠷᠠᠯᠵᠢᠶ᠎ᠠ᠂ ᠭᠠᠳᠠᠭᠠᠳᠤ ᠭᠠᠷᠭᠠᠯᠲᠠ ᠶᠢᠨ ᠬᠠᠮᠢᠶᠠᠷᠤᠯᠲᠠ ᠵᠢᠴᠢ ᠮᠡᠷᠭᠡᠵᠢᠯ᠂ ᠢᠵᠢ ᠪᠦᠷᠢᠨ ᠲᠥᠬᠦᠭᠡᠷᠦᠮᠵᠢ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠵᠣᠷᠢᠭᠵᠢᠭᠤᠯᠬᠤ ᠠᠷᠠᠯᠵᠢᠶᠠᠨ ᠤ ᠲᠥᠷᠥ ᠶᠢᠨ ᠪᠣᠳᠣᠯᠭ᠎ᠠ ᠪᠠ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶᠠᠨ ᠤ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠣᠭᠲᠠᠭᠠᠯ ᠢ ᠬᠡᠷᠡᠭᠵᠢᠭᠦᠯᠦᠨ᠎ᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠵᠢᠲᠧᠭᠨᠢᠭ ᠮᠡᠷᠭᠡᠵᠢᠯ ᠢ ᠭᠠᠳᠠᠭᠠᠳᠤ ᠠᠴᠠ ᠣᠷᠣᠭᠤᠯᠬᠤ᠂ ᠲᠤᠨᠤᠭ ᠲᠥᠬᠦᠭᠡᠷᠦᠮᠵᠢ ᠶᠢ ᠭᠠᠳᠠᠭᠠᠳᠤ ᠠᠴᠠ ᠣᠷᠣᠭᠤᠯᠬᠤ᠂ ᠭᠠᠳᠠᠭᠠᠳᠤ ᠳᠤ ᠭᠠᠷᠭᠠᠬᠤ ᠶᠢ ᠤᠯᠤᠰ ᠠᠴᠠ ᠬᠢᠵᠠᠭᠠᠷᠯᠠᠬᠤ ᠠᠵᠢᠯ ᠳᠤ ᠬᠠᠤᠯᠢ ᠶᠣᠰᠣᠭᠠᠷ ᠬᠢᠨᠠᠯᠲᠠ ᠲᠠᠯᠪᠢᠨ᠎ᠠ᠃ ᠳᠡᠭᠡᠳᠦ ᠱᠠᠲᠤᠨ ᠤ ᠬᠤᠳᠠᠯᠳᠤᠭᠠᠨ  ᠤ ᠶᠠᠪᠤᠳᠠᠯ  ᠤᠨ ᠰᠠᠯᠠᠭ᠎ᠠ ᠮᠥᠴᠢᠷ ᠤᠨ ᠡᠷᠬᠡ ᠣᠯᠭᠤᠭᠰᠠᠨ ᠲᠠᠷᠬᠠᠬᠤ ᠶᠢ ᠰᠡᠷᠭᠡᠶᠢᠯᠡᠬᠦ ᠵᠡᠷᠭᠡ ᠤᠯᠤᠰ  ᠤᠨ ᠠᠮᠤᠷ ᠲᠦᠪᠰᠢᠨ  ᠳᠤ ᠬᠤᠯᠪᠣᠭᠳᠠᠬᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠵᠥᠪᠰᠢᠶᠡᠷᠡᠯ  ᠤᠨ ᠦᠨᠡᠮᠯᠡᠯ  ᠤᠨ ᠬᠠᠮᠢᠶᠠᠷᠤᠯᠲᠠ ᠶᠢᠨ ᠠᠵᠢᠯ ᠶᠢ ᠬᠠᠷᠢᠭᠤᠴᠠᠨ᠎ᠠ᠃      ︵ᠠᠷᠪᠠᠨ ᠵᠢᠷᠭᠤᠭ᠎ᠠ︶ ᠤᠯᠤᠰ ᠤᠨ ᠦᠢᠯᠡᠴᠢᠯᠡᠭᠡᠨ ᠤ ᠠᠷᠠᠯᠵᠢᠶ᠎ᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠶᠢᠨ ᠬᠠᠮᠲᠤ ᠬᠤᠯᠪᠣᠭᠳᠠᠯ ᠪᠦᠬᠦᠢ ᠠᠵᠢᠯ ᠢ ᠥᠷᠨᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠯᠤᠰ ᠤᠨ ᠦᠢᠯᠡᠴᠢᠯᠡᠭᠡ ᠶᠢ ᠭᠠᠳᠠᠭᠠᠳᠤ ᠳᠤ ᠭᠠᠷᠭᠠᠬᠤ ᠪᠠ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠶᠢ ᠠᠬᠢᠭᠤᠯᠬᠤ ᠬᠥᠭᠵᠢᠯᠲᠡ ᠶᠢᠨ ᠲᠥᠯᠥᠪᠵᠢᠭᠦᠯᠭᠡ᠂ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠲᠠᠪᠴᠠᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠤᠯᠪᠣᠭᠳᠠᠯ ᠪᠦᠭᠦᠢ ᠱᠠᠭᠠᠷᠳᠠᠯᠭ᠎ᠠ ᠶᠣᠰᠣᠭᠠᠷ ᠪᠦᠭᠦ ᠬᠤᠰᠢᠭᠤᠨ ᠤ ᠬᠤᠷᠠᠯ ᠦᠵᠡᠰᠬᠦᠯᠡᠩ ᠤᠨ ᠦᠢᠯᠡᠰ ᠢ ᠠᠬᠢᠭᠤᠯᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃      ︵ᠠᠷᠪᠠᠨ ᠳᠣᠯᠤᠭ᠎ᠠ︶ ᠡᠷᠬᠡ ᠣᠯᠭᠤᠭᠰᠠᠨ ᠲᠥᠯᠥᠭᠡᠯᠡᠭᠴᠢ ᠶᠢ ᠦᠨᠳᠦᠰᠦᠯᠡᠨ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠠᠳᠠᠭᠠᠳᠤ ᠤᠯᠤᠰ ᠲᠠᠢ ᠠᠵᠤ ᠠᠬᠤᠶ ᠠᠷᠠᠯᠵᠢᠶᠠᠨ ᠤ ᠬᠡᠯᠡᠯᠴᠡᠭᠡᠷ ᠬᠢᠬᠦ ᠶᠢᠨ ᠬᠠᠮᠲᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠳᠤ ᠭᠠᠷ ᠤᠨ ᠥᠰᠥᠭ ᠵᠢᠷᠤᠵᠤ᠂ ᠤᠯᠤᠰ ᠤᠨ ᠢᠯᠭᠠᠯ ︵ᠭᠠᠵᠠᠷ ᠣᠷᠣᠨ︶ ᠤᠨ ᠣᠷᠣᠨ ᠨᠤᠲᠤᠭ ᠤᠨ ᠬᠤᠭᠤᠷᠣᠨᠳᠣᠬᠢ ᠠᠵᠤ ᠠᠬᠤᠶ ᠠᠷᠠᠯᠵᠢᠶᠠᠨ ᠤ ᠬᠠᠷᠢᠴᠠᠭᠠᠨ ᠳᠠᠬᠢ ᠴᠢᠬᠤᠯᠠ ᠬᠡᠷᠡᠭ ᠶᠠᠪᠤᠳᠠᠯ ᠢ ᠰᠢᠶ᠋ᠳᠪᠦᠷᠢᠯᠡᠨ᠎ᠡ᠃      ︵ᠠᠷᠪᠠᠨ ᠨᠠᠶ᠋ᠮᠠ︶ ᠮᠠᠨ ᠤ ᠤᠯᠤᠰ ᠤᠨ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠣᠷᠣᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠨᠠᠶᠢᠳᠠᠪᠤᠷᠢᠵᠢᠭᠤᠯᠬᠤ ᠶᠢᠨ ᠬᠠᠮᠲᠤ᠂ ᠳᠡᠭᠡᠳᠦ ᠱᠠᠲᠤᠨ ᠤ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠢ ᠬᠠᠮᠵᠢᠨ ᠬᠠᠮᠢᠶ᠎ᠠ ᠪᠥᠬᠦᠶ ᠠᠵᠢᠯ ᠢ ᠥᠷᠨᠢᠭᠦᠯᠦᠨ᠎ᠡ᠃       ︵ᠠᠷᠪᠠ ᠶᠢᠰᠦ︶ ᠪᠥᠬᠦ ᠬᠤᠰᠢᠭᠤᠨ ᠤ ᠭᠠᠳᠠᠭᠠᠳᠤ ᠯᠤᠭ᠎ᠠ ᠶᠢᠨ ᠠᠵᠤ ᠠᠬᠤᠶ ᠶᠢᠨ ᠬᠠᠮᠲᠤᠷᠠᠯᠴᠠᠭ᠎ᠠ ᠶᠢᠨ ᠠᠵᠢᠯ ᠢ ᠬᠠᠷᠢᠭᠤᠴᠠᠵᠤ᠂ ᠮᠣᠩᠭᠤᠯ ᠤᠯᠤᠰ ᠪᠠ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠯᠤᠭ᠎ᠠ ᠶᠢᠨ ᠠᠵᠤ ᠠᠬᠤᠶ ᠠᠷᠠᠯᠵᠢᠶ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠲᠠᠢ ᠠᠵᠤ ᠠᠬᠤᠶ ᠶᠢᠨ ᠲᠠᠯ᠎ᠠ ᠪᠠᠷ ᠬᠠᠮᠲᠤᠷᠠᠯᠴᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠭᠠᠳᠠᠭᠠᠳᠤ ᠳᠤ ᠪᠠᠷᠢᠯᠭ᠎ᠠ ᠳᠠᠭᠠᠭᠠᠴᠢᠯᠠᠬᠤ᠂ ᠭᠠᠳᠠᠭᠠᠳᠤ ᠳᠤ ᠬᠥᠳᠡᠯᠮᠦᠷᠢ ᠦᠶ᠋ᠯᠡᠴᠢᠯᠡᠭᠡ ᠲᠣᠮᠢᠯᠠᠬᠤ᠂ ᠬᠢᠯᠢ ᠶᠢᠨ ᠭᠠᠳᠠᠨᠠᠬᠢ ᠡᠬᠢ ᠪᠠᠶᠠᠯᠢᠭ ᠤᠨ ᠬᠠᠮᠲᠤᠷᠠᠯᠴᠠᠭ᠎ᠠ᠂ ᠭᠠᠳᠠᠭᠠᠳᠤ ᠳᠤ ᠪᠠᠯᠠ ᠣᠷᠣᠭᠤᠯᠤᠨ ᠠᠵᠤ ᠠᠬᠤᠶᠢᠯᠠᠯ ︵ᠮᠥᠩᠭᠦᠨ  ᠭᠦᠢᠯᠭᠡᠭᠡᠨ ᠤ ᠠᠵᠤ ᠠᠬᠤᠶᠢᠯᠠᠯ ᠪᠠᠭᠲᠠᠬᠤ ᠥᠬᠡᠶ︶ ᠢ ᠬᠠᠤᠯᠢ ᠶᠣᠰᠣᠭᠠᠷ ᠬᠠᠮᠢᠶᠠᠷᠤᠨ᠎ᠠ᠃ ᠬᠠᠩᠭᠢᠨ ᠬᠤᠶᠢᠲᠤ ᠬᠤᠰᠢᠭᠤᠨ ᠤ ᠭᠠᠳᠠᠭᠠᠳᠤ ᠶᠢ ᠲᠤᠰᠠᠯᠠᠬᠤ ᠠᠵᠢᠯ ᠤᠨ ᠡᠭᠦᠷᠭᠡ ᠬᠠᠷᠢᠭᠤᠴᠠᠯᠭ᠎ᠠ ᠪᠠ ᠳᠡᠭᠡᠳᠦ ᠱᠠᠲᠤᠨ ᠤ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠨ ᠭᠠᠳᠠᠭᠠᠳᠤ ᠶᠢ ᠲᠤᠰᠠᠯᠠᠬᠤ ᠲᠦᠷᠦᠯ ᠵᠦᠢᠯ ᠢ ᠡᠭᠦᠷᠭᠡᠯᠡᠨ᠎ᠡ᠃      ︵ᠬᠤᠷᠢ︶ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠠᠵᠢᠯ ᠢ ᠵᠢᠯᠣᠭᠤᠳᠤᠨ ᠬᠠᠮᠢᠶᠠᠷᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠠᠰᠢᠭᠯᠠᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠪᠠ ᠬᠥᠭᠵᠢᠯᠲᠡ ᠶᠢᠨ ᠲᠥᠯᠥᠪᠵᠢᠭᠦᠯᠭᠡ ᠵᠢᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠢ ᠪᠠᠶᠢᠭᠤᠯᠬᠤ᠂ ᠬᠤᠪᠢᠷᠠᠭᠤᠯᠬᠤ ᠵᠡᠷᠭᠡ ᠵᠦᠢᠯᠡᠰ ᠢ ᠬᠢᠨᠠᠨ ᠵᠥᠪᠰᠢᠶᠡᠷᠡᠬᠦ ᠪᠠ ᠳᠠᠩᠰᠠᠯᠠᠬᠤ ᠠᠵᠢᠯ ᠢ ᠬᠠᠤᠯᠢ ᠶᠣᠰᠣᠭᠠᠷ ᠡᠭᠦᠷᠭᠡᠯᠡᠨ᠎ᠡ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠠᠬᠢᠭᠤᠯᠬᠤ ᠬᠤᠯᠪᠣᠭᠳᠠᠯ ᠪᠦᠬᠦ᠋ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ᠂ ᠭᠡᠷ᠎ᠡ ᠶᠢᠨ ᠳᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠠᠤᠯᠢ ᠶᠣᠰᠣᠭᠠᠷ ᠬᠢᠨᠠᠨ ᠪᠠᠶᠢᠴᠠᠭᠠᠬᠤ ᠶᠢᠨ ᠬᠠᠮᠲᠤ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠶ᠋ᠳᠪᠦᠷᠢᠯᠡᠨ᠎ᠡ᠃     ︵ᠬᠤᠷᠢᠨ ᠨᠢᠭᠡ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ︵ᠬᠤᠷᠢᠨ ᠬᠤᠶᠠᠷ︶ ᠬᠤᠯᠪᠣᠭᠳᠠᠯ ᠪᠥᠬᠦᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃    
ᠢᠷᠡᠯᠲᠡ᠄ ᠲᠤᠰ ᠰᠦᠯᠵᠢᠶ᠎ᠡ