ᠷᠦᠨ ᠱᠧᠩ ᠨᠠᠭᠤᠷ
ᠨᠡᠶᠢᠲᠡᠯᠡᠭᠰᠡᠨ ᠴᠠᠭ᠄
2022/6/8
      ᠷᠦᠨ ᠱᠧᠩ  ᠨᠠᠭᠤᠷ ᠪᠣᠯ ᠱᠠᠮᠪᠠ ᠪᠠᠯᠭᠠᠰᠤ ᠶᠢᠨ ᠵᠡᠭᠦᠨ ᠭᠠᠷᠬᠤ ᠡᠭᠦᠳᠡ ᠶᠢᠨ ᠶᠢᠩ ᠪᠢᠨ ᠵᠡᠭᠡᠯᠢ ᠶᠢᠨ ᠬᠤᠶᠠᠷ ᠬᠠᠵᠠᠭᠤ ᠳᠤ ᠪᠠᠶᠢᠷᠢᠯᠠᠵᠤ᠂ ᠱᠠᠮᠪᠠ ᠪᠠᠯᠭᠠᠰᠤ ᠶᠢᠨ ᠪᠠᠶᠢᠭᠤᠯᠤᠭᠰᠠᠨ ᠲᠣᠭᠤᠷᠢᠭ ᠠᠴᠠ 2.5 ᠺᠢᠯᠣᠮᠧᠲᠷ ᠵᠠᠶᠢᠲᠠᠶ᠂ ᠯᠢᠨ ᠾᠧ ᠲᠣᠭᠤᠷᠢᠭ ᠠᠴᠠ 15 ᠺᠢᠯᠣᠮᠧᠲᠷ ᠵᠠᠶᠢᠲᠠᠶ᠂ 3000 ᠮᠥ ᠭᠠᠵᠠᠷ ᠡᠵᠡᠯᠡᠵᠦ᠂ ᠡᠭᠦᠨ ᠳᠤ ᠨᠠᠭᠤᠷ ᠤᠨ ᠣᠷᠣᠨ ᠤ ᠲᠠᠯᠠᠪᠠᠶ ᠨᠢ 2600 ᠮᠥ᠂ ᠨᠣᠭᠤᠭᠠᠷᠠᠭᠤᠯᠤᠯᠲᠠ᠂ ᠵᠢᠩ ᠱᠠᠨ᠂   ᠵᠠᠮ ᠤᠨ ᠲᠠᠯᠠᠪᠠᠶ ᠵᠡᠷᠭᠡ ᠨᠢ 400 ᠮᠥ ᠭᠠᠵᠠᠷ ᠡᠵᠡᠯᠡᠵᠦ᠂ ᠷᠦᠨ ᠱᠧᠩ  ᠨᠠᠭᠤᠷ ᠢ ᠡᠮᠦᠨ᠎ᠡ ᠤᠮᠠᠷ᠎ᠠ ᠬᠤᠶᠠᠷ ᠨᠠᠭᠤᠷ ᠭᠡᠵᠦ ᠬᠤᠪᠢᠶᠠᠵᠤ᠂ ᠨᠠᠨ ᠬᠤ᠋ ᠨᠠᠭᠤᠷ ᠤᠨ ᠲᠠᠯᠠᠪᠠᠶ ᠨᠢ 1400 ᠮᠥ᠂ ᠪᠸᠢ ᠬᠤ᠋ ᠨᠠᠭᠤᠷ ᠤᠨ ᠲᠠᠯᠠᠪᠠᠶ ᠨᠢ 1200 ᠮᠥ ᠪᠠᠶᠢᠳᠠᠭ᠃      ᠷᠦᠨ ᠱᠧᠩ ᠬᠤ᠋ ᠨᠠᠭᠤᠷ ᠤᠨ ᠴᠢᠭᠢᠭᠯᠢᠭ ᠭᠠᠵᠠᠷ ᠢ ᠰᠡᠷᠭᠦᠭᠡᠬᠦ ᠪᠠ ᠠᠮᠢ ᠠᠬᠤᠶ ᠶᠢᠨ ᠬᠠᠮᠠᠭᠠᠯᠠᠯᠲᠠ ᠶᠢᠨ ᠢᠨᠵᠧᠨᠧᠷᠢᠩ ᠪᠣᠯ ᠲᠣᠰ ᠲᠥᠷᠥᠯ ᠵᠦᠶ᠋ᠯ ᠢ ᠪᠠᠶᠢᠭᠤᠯᠤᠭᠰᠠᠨ ᠤ ᠳᠠᠷᠠᠭ᠎ᠠ  ᠱᠠᠮᠪᠠ ᠪᠠᠯᠭᠠᠰᠤᠨ ᠤ ᠬᠤᠲᠠ ᠶᠢᠨ ᠤᠰᠤᠨ ᠤ ᠡᠬᠢ ᠰᠤᠷᠪᠤᠯᠵᠢ ᠶᠢᠨ ᠭᠠᠵᠠᠷ ᠲᠤ ᠤᠰᠤ ᠨᠥᠬᠦᠪᠥᠷᠢᠯᠡᠬᠦ᠂ ᠤᠰᠤ ᠬᠠᠩᠭᠠᠬᠤ ᠠᠮᠤᠷ ᠲᠦᠪᠰᠢᠨ ᠢ ᠪᠠᠲᠤᠯᠠᠬᠤ᠂ ᠴᠢᠭᠢᠭᠯᠢᠭ ᠭᠠᠵᠠᠷ ᠪᠠ ᠠᠮᠢ ᠠᠬᠤᠶ ᠶᠢᠨ ᠬᠠᠮᠠᠭᠠᠯᠠᠯᠲᠠ ᠶᠢ ᠰᠡᠷᠭᠦᠭᠡᠬᠦ ᠳᠤ ᠲᠦᠢᠯ ᠤᠨ ᠴᠢᠬᠤᠯᠠ ᠦᠶ᠋ᠯᠡᠳᠦᠯ ᠲᠠᠢ ᠶᠤᠮ᠃ 2011 ᠣᠨ ᠳᠤ ᠡᠬᠢᠯᠡᠨ ᠪᠠᠶᠢᠭᠤᠯᠵᠤ᠂ ᠪᠡᠯᠡ ᠣᠷᠣᠭᠤᠯᠤᠯᠲᠠ ᠶᠢᠨ ᠲᠤᠭ᠎ᠠ ᠨᠢ 1 ᠳ᠋ᠦᠩᠰᠢᠭᠤᠷ 4000 ᠲᠦᠮᠡ ᠳᠤ ᠬᠦᠷᠴᠡᠶ᠃    
ᠢᠷᠡᠯᠲᠡ᠄ ᠲᠤᠰ ᠰᠦᠯᠵᠢᠶ᠎ᠡ