ᠥᠪᠥᠷ ᠮᠣᠩᠭᠤᠯ ᠳᠠᠬᠢ ᠠᠶᠠᠯᠠᠯ ᠪᠠᠶᠠᠨᠨᠠᠭᠤᠷ ᠬᠤᠳᠠ ᠳᠤ ᠮᠣᠷᠢᠯᠠᠨ ᠰᠠᠭᠠᠲᠠᠪᠠ ︽ᠲᠠᠶᠢᠸᠠᠨ ᠤ ᠵᠠᠯᠠᠭᠤᠴᠤᠳ ᠤᠨ ᠬᠠᠲᠤᠨ ᠭᠤᠣᠯ ᠤᠨ ᠵᠢᠭᠤᠯᠴᠢᠯᠠᠯ ᠤᠨ ᠲᠡᠮᠳᠡᠭᠯᠡᠯ︾ ᠭᠡᠬᠦ ᠭᠤᠣᠯ ᠰᠡᠳᠦᠪᠲᠦ ᠰᠤᠷᠪᠤᠯᠵᠢᠯᠠᠭ᠎ᠠ ᠶᠢᠨ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2022/7/5
      7 ᠳ᠋ᠤᠭᠠᠷ ᠰᠠᠷ᠎ᠠ ᠶᠢᠨ 2 ᠤᠨ ᠡᠳᠦᠷ᠂ ︽ᠲᠠᠶᠢᠸᠠᠨ ᠤ ᠵᠠᠯᠠᠭᠤᠴᠤᠳ ᠤᠨ ᠬᠠᠲᠤᠨ ᠭᠤᠣᠯ ᠤᠨ ᠵᠢᠭᠤᠯᠴᠢᠯᠠᠯ ᠤᠨ ᠲᠡᠮᠳᠡᠭᠯᠡᠯ︾ ᠭᠡᠬᠦ ᠭᠤᠤᠯ ᠰᠡᠳᠦᠪᠲᠦ ᠰᠤᠷᠪᠤᠯᠵᠢᠯᠠᠭ᠎ᠠ ᠶᠢᠨ ᠠᠵᠢᠯᠯᠠᠭ᠎ᠠ ᠶᠢᠨ ᠥᠪᠥᠷ ᠮᠣᠩᠭᠤᠯ ᠳᠠᠬᠢ ᠠᠶᠠᠨᠴᠢᠳ ᠤᠨ ᠨᠢᠭᠡᠳᠦᠭᠡᠷ ᠥᠷᠲᠡᠭᠡ ᠪᠠᠶᠠᠨᠨᠠᠭᠤᠷ ᠬᠤᠲᠠ ᠳᠤ ᠬᠦᠷᠴᠦ ᠢᠷᠡᠪᠡ᠃      ᠬᠤᠳᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠬᠠᠷᠢᠶᠠᠲᠤ ᠨᠠᠷ ᠤᠨ ᠠᠵᠢᠯ ᠤᠨ ᠠᠯᠪᠠᠨ ᠭᠡᠷ ᠤᠨ ᠡᠷᠬᠢᠯᠡᠭᠴᠢ ᠂ ᠬᠠᠷᠢᠶᠠᠲᠤ ᠨᠠᠷ ᠤᠨ ᠬᠤᠯᠪᠣᠭ᠎ᠠ ᠶᠢᠨ ᠲᠡᠷᠢᠭᠦᠯᠡᠭᠴᠢ ᠵᠦ ᠯᠠᠨ ᠲᠠᠶᠢᠸᠠᠨ ᠤ ᠵᠠᠯᠠᠭᠤᠴᠤᠳ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠵᠦ ᠯᠠᠨ ᠪᠠᠶᠠᠨᠨᠠᠭᠤᠷ ᠬᠤᠳᠠ ᠶᠢᠨ ᠲᠦᠢᠮᠣ ᠪᠠᠶᠢᠳᠠᠯ ᠢ ᠲᠠᠨᠢᠯᠴᠠᠭᠤᠯᠬᠤ ᠶᠢᠨ ᠬᠠᠮᠲᠤ ᠬᠤᠶᠠᠷ ᠬᠥᠪᠡᠭᠡᠨ ᠤ ᠵᠠᠯᠠᠭᠤᠴᠤᠳ ᠡᠯᠪᠡᠭ ᠪᠠᠶᠠᠯᠢᠭ ᠠᠭᠤᠯᠭ᠎ᠠ ᠲᠠᠢ ᠰᠣᠯᠢᠯᠴᠠᠭᠠᠨ ᠤ ᠠᠵᠢᠯᠯᠠᠭ᠎ᠠ ᠥᠷᠨᠢᠭᠦᠯᠵᠦ ᠣᠶᠢᠯᠠᠭᠠᠯᠴᠠᠭ᠎ᠠ ᠪᠠᠨ ᠨᠡᠮᠡᠭᠳᠡᠭᠦᠯᠬᠦ ᠪᠣᠯ ᠮᠠᠰᠢ ᠤᠳᠬ᠎ᠠ ᠠᠭᠤᠯᠭ᠎ᠠ ᠲᠠᠢ ᠠᠵᠢᠯᠯᠠᠭ᠎ᠠ ᠪᠣᠯᠤᠨ᠎ᠠ ᠭᠡᠵᠦ ᠢᠯᠡᠳᠬᠡᠵᠦ᠂ ᠠᠵᠢᠯᠯᠠᠭ᠎ᠠ ᠳᠤ ᠣᠷᠣᠯᠴᠠᠭᠰᠠᠨ ᠲᠠᠶᠢᠸᠠᠨ ᠤ ᠵᠠᠯᠠᠭᠤᠴᠤᠳ ᠨᠡᠩ ᠤᠯᠠᠨ ᠲᠠᠶᠢᠸᠠᠨ ᠤ ᠵᠠᠯᠠᠭᠤᠴᠤᠳ ᠲᠤ ᠪᠠᠶᠠᠨᠨᠠᠭᠤᠷ ᠢ ᠣᠶᠢᠯᠠᠭᠠᠬᠤ ᠰᠢᠨ᠎ᠡ ᠬᠠᠷᠠᠭᠠᠰᠤ ᠬᠠᠩᠭᠠᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃
W020220831362544696095.png
      ᠲᠠᠶᠢᠸᠠᠨ ᠤ ᠵᠠᠯᠠᠭᠤᠴᠤᠳ ᠪᠣᠯᠤᠨ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠵᠠᠭᠤᠴᠢᠯᠠᠭᠤᠷ ᠤᠨ ᠬᠢᠨ ᠪᠠᠶᠠᠨᠨᠠᠭᠤᠷ ᠬᠤᠲᠠ ᠶᠢᠨ ᠦᠶᠤᠸᠠᠨ ᠰᠢᠶᠠᠨ᠂ ᠯᠢᠨᠾᠤ ᠲᠣᠭᠤᠷᠢᠭ᠂ ᠳ᠋ᠤᠩᠺᠸᠤ ᠰᠢᠶᠠᠨ ᠳᠤ ᠬᠦᠷᠴᠦ᠂ ᠲᠤᠬᠠᠶ ᠶᠢᠨ ᠭᠠᠵᠠᠷ ᠲᠤᠨᠢ ᠬᠦᠷᠴᠦ ᠰᠤᠷᠪᠤᠯᠵᠢᠯᠠᠬᠤ ᠪᠠᠷ ᠳᠠᠮᠵᠢᠭᠤᠯᠤᠨ᠂ ᠭᠠᠷ ᠲᠠᠬᠢ ᠦᠵᠡᠭᠳᠡᠯ ᠪᠣᠯᠤᠨ ᠲᠠᠶᠢᠸᠠᠨ ᠤ ᠵᠠᠯᠠᠭᠤᠴᠤᠳ ᠤᠨ ᠬᠠᠷᠠᠭᠠᠰᠤ ᠪᠠᠷ ᠲᠤᠰ ᠤᠳᠠᠭᠠᠨ ᠤ ᠠᠵᠢᠯᠯᠠᠭ᠎ᠠ ᠶᠢ ᠲᠡᠮᠳᠡᠭᠯᠡᠬᠦ ᠪᠣᠯᠤᠨ᠎ᠠ᠃ ᠳᠤᠮᠳᠠᠳᠤ ᠤᠯᠤᠰ ᠤᠨ ᠢᠳᠡᠰᠢᠨ ᠴᠡᠴᠡᠭ ᠤᠨ ᠦᠷ᠎ᠡ ᠶᠢᠨ ᠠᠵᠢᠯ ᠲᠦᠷᠦᠯ ᠤᠨ ︽ᠪᠤᠶᠢᠵᠢᠭᠤᠯᠤᠨ ᠦᠷᠡᠵᠢᠭᠦᠯᠵᠦ ᠳᠡᠯᠭᠡᠷᠡᠭᠦᠯᠬᠦ︾ ᠶᠢ ᠨᠢᠭᠡ ᠴᠤᠬᠴᠠᠵᠢᠭᠤᠯᠤᠬᠰᠠᠨ ᠤᠳᠤ ᠦᠶ᠎ᠡ ᠶᠢᠨ ᠦᠷ᠎ᠡ ᠶᠢᠨ ᠦᠢᠯᠡᠰ ᠤᠨ ᠺᠣᠮᠫᠠᠨᠢ — ᠰᠠᠨ ᠷᠦᠢ ᠲᠠᠷᠢᠶᠠᠯᠠᠩ ᠤᠨ ᠰᠢᠨᠵᠢᠯᠡᠬᠦ ᠤᠬᠠᠭᠠᠨ ᠤ ᠺᠣᠮᠫᠠᠨᠢ᠂ ︽ᠲᠢᠶᠠᠨ ᠽᠢ ᠪᠣᠷᠣᠲᠣᠬᠤᠢ︾ ᠶᠢᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ᠂ ᠰᠠᠨ ᠱᠧᠩ ᠬᠦᠩ ᠬᠠᠳᠤᠨ ᠭᠤᠣᠯ ᠤᠨ ᠤᠰᠤᠨ ᠠᠰᠢᠭᠯᠠᠯᠲᠠ ᠶᠢᠨ ᠬᠦᠢᠰᠦ ᠢᠨᠵᠧᠨᠧᠷᠢᠩ᠂ ᠲᠠᠶᠢᠸᠠᠨ ᠤ ᠪᠡᠯᠡᠳᠤ ᠠᠵᠤ ᠠᠬᠤᠶᠢᠯᠠᠯ ᠲᠠᠢ ᠱᠦᠨ ᠰᠢᠩ ᠶᠧ ᠢᠳᠡᠭᠡᠨ ᠤ ᠬᠢᠵᠠᠭᠠᠷᠲᠤ ᠺᠣᠮᠫᠠᠨᠢ ᠪᠠᠷ ᠰᠤᠷᠪᠤᠯᠵᠢᠯᠠᠪᠠ᠃ ᠳᠤᠮᠳᠠᠳᠤ ᠤᠯᠤᠰ ᠤᠨ ᠬᠠᠮᠤᠭ ᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠪᠠᠶᠠᠨ ᠬᠦᠴᠦᠷᠬᠡᠭ ᠲᠣᠰᠬᠤᠨ ᠵᠡᠷᠭᠡ ᠭᠠᠵᠠᠷ ᠲᠤ᠂ ︽ᠬᠠᠳᠤᠨ ᠭᠤᠣᠯ ᠤᠨ ᠵᠠᠭᠤᠨ ᠬᠥᠨᠥᠭᠡᠯ ᠳᠤ ᠪᠠᠶᠠᠨ ᠲᠠᠩᠰᠤᠭ ᠪᠠᠶᠢᠬᠤ︾ ᠪᠣᠷᠣᠲᠣᠬᠤᠢ ᠶᠢᠨ ᠲᠠᠯ᠎ᠠ ᠭᠠᠵᠠᠷ ᠤᠨ ᠡᠳ᠋ ᠭᠠᠷᠤᠯᠲᠠ ᠡᠯᠪᠡᠭ ᠪᠠᠶᠠᠯᠢᠭ᠂ ᠬᠥᠮᠦᠨ ᠨᠢ ᠰᠢᠯᠢᠳᠡᠭ ᠭᠠᠵᠠᠷ ᠨᠢ ᠰᠣᠳᠣᠨ ᠦᠵᠡᠮᠵᠢ ᠶᠢ ᠮᠡᠳᠡᠷᠡᠵᠦ᠂ ᠥᠨᠢ ᠤᠳᠠᠭᠠᠨ ᠲᠡᠦᠬᠡ ᠲᠠᠢ ᠪᠣᠷᠣᠲᠣᠬᠤᠢ ᠶᠢᠨ ᠰᠣᠶᠣᠯ ᠤᠨ ᠳᠤᠮᠳᠠ ᠠᠴᠠ ᠳᠤᠮᠳᠠᠳᠤ ᠶᠢᠨ ᠪᠣᠯᠪᠠᠰᠤᠨ ᠤ ᠥᠷᠭᠡᠨ ᠳᠡᠯᠭᠡᠷ ᠭᠦᠨ ᠭᠦᠨᠵᠡᠭᠡᠢ ᠪᠠᠶᠢᠬᠤ ᠶᠢ ᠨᠡᠩ ᠰᠠᠶᠢᠲᠤᠷ ᠲᠠᠨᠢᠵᠤ ᠣᠶᠢᠯᠠᠭᠠᠪᠠ᠃
W020220831362544719281.png
      ︽ᠲᠠᠶᠢᠸᠠᠨ ᠤ ᠵᠠᠯᠠᠭᠤᠴᠤᠳ ᠤᠨ ᠬᠠᠲᠤᠨ ᠭᠤᠣᠯ ᠤᠨ ᠵᠢᠭᠤᠯᠴᠢᠯᠠᠯ ᠤᠨ ᠲᠡᠮᠳᠡᠭᠯᠡᠯ︾ ᠤᠨ ᠠᠵᠢᠯᠯᠠᠭ᠎ᠠ ᠪᠣᠯ ᠪᠡᠭᠡᠵᠢᠩ ᠤᠨ ᠬᠤᠯᠪᠣᠭᠠᠲᠤ ᠶᠡᠭᠡ ᠰᠤᠷᠭᠠᠭᠤᠯᠢ ᠶᠢᠨ ᠵᠢᠭᠤᠯᠴᠢᠯᠠᠯ ᠤᠨ ᠳᠡᠭᠡᠳᠦ ᠰᠤᠷᠭᠠᠭᠤᠯᠢ ᠶᠢᠨ ᠲᠦᠷᠦᠭᠦᠯᠡᠨ ᠡᠷᠭᠢᠯᠡᠭᠰᠡᠨ ᠬᠤᠶᠠᠷ ᠡᠷᠭᠢ ᠶᠢᠨ ᠠᠷᠠᠳ ᠤᠨ ᠬᠤᠭᠤᠷᠣᠨᠳᠣᠬᠢ ᠰᠣᠯᠢᠯᠴᠠᠭᠠᠨ ᠤ ᠠᠵᠢᠯᠯᠠᠭ᠎ᠠ ᠪᠣᠯᠤᠨ᠎ᠠ᠃ 6 ᠰᠠᠷ᠎ᠠ ᠠᠴᠠ 8 ᠰᠠᠷ᠎ᠠ ᠪᠣᠯᠲᠠᠯ᠎ᠠ᠂ ᠲᠠᠶᠢᠸᠠᠨ ᠤ ᠵᠠᠯᠠᠭᠤᠴᠤᠳ ᠪᠣᠯᠤᠨ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠵᠠᠭᠤᠴᠢᠯᠠᠭᠤᠷ ᠤᠨ ᠬᠢᠨ ᠬᠠᠲᠤᠨ ᠭᠤᠣᠯ ᠤᠨ ᠠᠳᠠᠭ ᠠᠴᠠ ᠬᠠᠲᠤᠨ ᠭᠤᠣᠯ ᠤᠨ ᠡᠬᠢ ᠵᠦᠭ ᠥᠭᠰᠥᠵᠦ᠂ ᠶᠢᠰᠦᠨ ᠮᠤᠵᠢ ᠣᠷᠣᠨ ᠤ 36 ᠬᠤᠲᠠ ᠶᠢᠨ ᠬᠠᠲᠤᠨ ᠭᠤᠣᠯ ᠤᠨ ᠠᠶᠢᠯ ᠡᠷᠦᠬᠡ ᠶᠢ ᠰᠡᠭᠦᠳᠡᠷᠯᠡᠬᠦ ᠪᠣᠯᠤᠨ᠎ᠠ᠃ ᠬᠠᠲᠤᠨ ᠭᠤᠤᠯ ᠤᠨ ᠰᠠᠪᠠ ᠭᠠᠵᠠᠷ ᠤᠨ ᠲᠡᠤᠬᠡᠨ ᠬᠤᠪᠢᠷᠠᠯᠲᠠ ᠶᠢ ᠲᠤᠰᠬᠠᠵᠤ᠂ ᠬᠠᠲᠤᠨ ᠭᠤᠤᠯ ᠤᠨ ᠰᠣᠶᠣᠯ ᠬᠢᠭᠡᠳ ᠪᠠᠶᠢᠭᠠᠯᠢ ᠶᠢᠨ ᠠᠮᠢ ᠠᠬᠤᠶ ᠶᠢᠨ ᠬᠠᠮᠠᠭᠠᠯᠠᠯᠲᠠ ᠶᠢᠨ ᠥᠯᠢᠭᠡᠷ ᠵᠢᠴᠢ ᠬᠠᠲᠤᠨ ᠭᠤᠤᠯ ᠤᠨ ᠰᠠᠪᠠ ᠭᠠᠵᠠᠷ ᠤᠨ ᠴᠢᠨᠠᠷ ᠰᠠᠶᠢᠲᠠᠶ ᠬᠥᠭᠵᠢᠯᠲᠡ ᠶᠢᠨ ᠥᠯᠢᠭᠡᠷ ᠢ ᠲᠣᠭᠠᠴᠢᠨ᠂ ᠬᠠᠲᠤᠨ ᠭᠤᠤᠯ ᠳᠠᠭᠠᠤ ᠶᠢᠨ ᠡᠯ᠎ᠡ ᠭᠠᠵᠠᠷ ᠤᠨ ᠬᠠᠲᠤᠨ ᠭᠤᠤᠯ ᠤᠨ ᠬᠡᠷ ᠪᠦᠯᠢ ᠶᠢᠨ ᠲᠡᠤᠬᠡ ᠶᠢᠨ ᠬᠤᠪᠢᠷᠠᠯᠲᠠ ᠶᠢ ᠣᠶᠢᠯᠠᠭᠠᠪᠠ᠃
W020220831362544834304.png
      ᠣᠳᠣᠬᠠᠨ ᠳᠤ ᠠᠵᠢᠯᠯᠠᠭ᠎ᠠ ᠨᠢ ᠨᠢᠭᠡᠨᠲᠡ ᠱᠠᠨᠳᠦ᠋ᠩ᠂ ᠾᠧᠨᠠᠨ᠂ ᠱᠠᠨᠰᠢ ᠭᠤᠷᠪᠠᠨ ᠮᠤᠵᠢ ᠳᠤ ᠬᠦᠷᠴᠦ᠂ ᠶᠡᠭᠡ ᠬᠡᠮᠵᠢᠶᠡᠨ ᠤ ᠰᠢᠯᠢᠳᠡᠭ ᠰᠢᠨ᠎ᠡ ᠵᠠᠭᠤᠴᠢᠯᠠᠭᠤᠷ ᠤᠨ ᠪᠦᠲᠦᠭᠡᠭᠳᠡᠬᠦᠨ ᠢ ᠦᠢᠯᠡᠳᠦᠨ ᠨᠡᠶᠢᠲᠡᠯᠡᠭᠰᠡᠨ ᠪᠠᠶᠢᠨ᠎ᠠ᠃    
ᠢᠷᠡᠯᠲᠡ᠄ ᠲᠤᠰ ᠰᠦᠯᠵᠢᠶ᠎ᠡ