ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠵᠢᠯ ᠮᠥᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠮᠥᠨ᠂ ᠬᠤᠲᠠ ᠶᠢᠨ ᠨᠠᠮ ᠤᠨ ᠬᠤᠷᠢᠶ᠎ᠠ ᠠᠴᠠ ︽ᠥᠨᠳᠥᠷ ᠬᠢᠷᠢ ᠲᠦᠪᠰᠢᠨ | ᠪᠦᠬᠦᠢ ᠠᠮᠢ ᠠᠬᠤᠶ ᠶᠢᠨ ᠬᠠᠮᠠᠭᠠᠯᠠᠯᠲᠠ ᠰᠢᠨ᠎ᠡ ᠦᠷ᠎ᠡ ᠪᠦᠲᠦᠮᠵᠢ ᠣᠯᠵᠤ᠂ ᠴᠢᠨᠠᠷ ᠰᠠᠶᠢᠲᠠᠶ ᠠᠵᠤ ᠠᠬᠤᠶ ᠶᠢᠨ ᠬᠥᠭᠵᠢᠯᠲᠡ ᠰᠢᠨ᠎ᠡ ᠳᠠᠪᠠᠭᠤᠯᠢᠭ ᠢ ᠡᠭᠦᠳᠴᠦ᠂ | ᠴᠢᠨᠠᠷ ᠰᠠᠶᠢᠲᠠᠶ ᠠᠷᠠᠳ ᠤᠨ ᠠᠮᠢᠳᠤᠷᠠᠯ ᠰᠢᠨ᠎ᠡ ᠬᠢᠷᠢ ᠲᠦᠪᠰᠢᠨ ᠳᠤ ᠬᠦᠷᠴᠦ᠂ ᠥᠨᠳᠥᠷ ᠦᠷ᠎ᠡ ᠪᠦᠲᠦᠮᠵᠢ ᠪᠦᠬᠦᠢ ᠨᠡᠶᠢᠭᠡᠮ ᠤᠨ ᠵᠠᠰᠠᠯᠲᠠ ᠰᠢᠨ᠎ᠡ | ᠳᠡᠭᠡᠭᠰᠢᠯᠡᠯᠲᠡ ᠶᠢ ᠪᠡᠶᠡᠯᠡᠭᠦᠯᠵᠦ᠂ ᠥᠨᠳᠥᠷ ᠪᠠᠷᠢᠮᠵᠢᠶᠠᠲᠤ ᠨᠠᠮ ᠤᠨ ᠪᠠᠶᠢᠭᠤᠯᠤᠯᠲᠠ ᠰᠢᠨ᠎ᠡ ᠪᠠᠶᠢᠳᠠᠯ ᠢ ᠡᠭᠦᠳᠬᠦ︾ ︽ᠲᠠᠪᠤᠨ ᠥᠨᠳᠥᠷ ᠲᠠᠪᠤᠨ ᠰᠢᠨ᠎ᠡ︾ ᠶᠢᠨ | ᠲᠡᠮᠡᠴᠡᠬᠦ ᠬᠠᠷᠠᠯᠲᠠ ᠶᠢ ᠳᠤᠷᠠᠳᠤᠨ ᠭᠠᠷᠭᠠᠪᠠ᠃ ᠬᠤᠰᠢᠭᠤᠨ ᠤ ᠨᠠᠮ ᠤᠨ ᠬᠤᠷᠢᠶ᠎ᠠ ︽ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠥᠬᠡᠶ ᠪᠠᠷ | ᠬᠥᠭᠵᠢᠭᠦᠯᠵᠦ᠂ ᠲᠥᠷᠥᠯ ᠵᠦᠶ᠋ᠯ ᠢᠶᠠᠷ ᠸᠠᠩ ᠪᠣᠯᠭᠠᠬᠤ᠂ ᠬᠤᠲᠠ ᠬᠥᠳᠡᠭᠡ ᠶᠢ ᠠᠭᠤᠰᠤᠯᠴᠠᠭᠤᠯᠬᠤ᠂ ᠠᠷᠠᠳ ᠤᠨ ᠠᠮᠢᠳᠤᠷᠠᠯ ᠢ ᠳᠡᠭᠡᠳᠦᠯᠡᠬᠦ᠂ ᠨᠠᠮ ᠤᠨ | ᠪᠠᠶᠢᠭᠤᠯᠤᠯᠲᠠ ᠪᠠᠷ ᠬᠥᠲᠥᠯᠦᠨ ᠳᠠᠭᠠᠭᠤᠯᠬᠤ︾ ᠭᠡᠬᠦ 24 ᠥᠰᠥᠭ ᠤᠨ ᠬᠥᠭᠵᠢᠯᠲᠡ ᠶᠢᠨ ᠣᠨᠣᠯᠵᠢᠬᠤᠨ ᠢ ᠳᠤᠷᠠᠳᠤᠨ ᠭᠠᠷᠭᠠᠵᠤ᠂ ᠪᠥᠬᠦ ᠬᠤᠰᠢᠭᠤᠨ ᠤ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠭᠯᠡᠯ ᠢ ᠲᠣᠳᠣᠷᠬᠠᠶ ᠵᠢᠭᠠᠭᠰᠠᠨ ᠪᠠᠶᠢᠨ᠎ᠠ᠃ ᠮᠧᠩ ᠬᠠᠢ ᠪᠠᠯᠭᠠᠰᠤ ᠶᠢᠨ ᠬᠢᠨ ᠬᠤᠳᠠ ᠶᠢᠨ ᠨᠠᠮ ᠤᠨ ᠬᠤᠷᠢᠶ᠎ᠠ | ᠵᠠᠰᠠᠭ ᠤᠨ ᠣᠷᠳᠣᠨ ᠪᠣᠯᠤᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠢᠳᠡᠪᠬᠢᠲᠡᠢ | ᠪᠠᠳᠠᠷᠠᠭᠤᠯᠵᠤ᠂ ᠬᠥᠳᠡᠭᠡ ᠠᠵᠤ ᠠᠬᠤᠢ ᠰᠣᠶᠣᠯ ᠵᠤᠭᠠᠴᠠᠯ ᠤᠨ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠠᠯᠬᠤᠴᠠ ᠶᠢ ᠲᠦᠷᠭᠡᠳᠬᠡᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ | ᠨᠢᠭᠡ᠂ ᠠᠵᠤ ᠦᠢᠯᠡᠰ ᠤᠨ ᠬᠥᠭᠵᠢᠯ ᠪᠠᠳᠠᠷᠠᠯ ᠢᠶᠠᠷ ᠣᠷᠣᠯᠭ᠎ᠠ ᠪᠠᠨ ᠨᠡᠮᠡᠭᠳᠡᠭᠦᠯᠬᠦ ᠪᠣᠯᠤᠮᠵᠢ ᠪᠠᠶᠢᠨ᠎ᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ | ᠪᠠᠬᠢᠯᠡᠯᠲᠡ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠬᠤ ᠨᠢᠰᠢ ᠴᠢᠦᠶ ᠺᠸᠦ ᠲᠣᠰᠬᠤᠨ ᠤ ᠨᠠᠮ ᠤᠨ ᠡᠭᠦᠷ ᠠᠵᠤ ᠦᠢᠯᠡᠰ ᠢ ᠬᠥᠭᠵᠢᠭᠦᠯᠬᠦ ᠪᠠᠷ ᠭᠤᠣᠯ | ᠪᠣᠯᠭᠠᠬᠤ ᠶᠢ ᠢᠮᠠᠭᠲᠠ ᠪᠠᠷᠢᠮᠲᠠᠯᠠᠵᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠪᠠᠷ ᠲᠤᠰᠤᠯᠲᠠ ᠪᠠᠨ ᠪᠣᠯᠭᠠᠵᠤ᠂ ᠨᠠᠮ ᠤᠨ ᠪᠠᠶᠢᠭᠤᠯᠤᠯᠲᠠ ᠶᠢᠨ | ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠶᠢᠨ ᠤᠯᠠᠮ ᠠᠴᠠ ᠪᠦᠬᠦ ᠲᠣᠰᠬᠤᠨ ᠤ ᠠᠵᠤ ᠠᠬᠤᠶ ᠶᠢᠨ ᠲᠠᠰᠤᠷᠠᠯᠲᠠ ᠦᠭᠡᠶ ᠬᠥᠭᠵᠢᠯᠲᠡ ᠶᠢ | ᠠᠬᠢᠭᠤᠯᠵᠤ᠂ ᠰᠢ ᠴᠢᠦᠶ ᠺᠸᠤ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠶ᠋ᠯᠡᠰ ᠤᠨ ᠬᠦᠷᠢᠶᠡᠯᠡᠩ ᠲᠣᠭᠤᠷᠢᠭ ᠢ 2018 ᠣᠨ ᠠᠴᠠ ᠡᠬᠢᠯᠡᠨ | ᠪᠠᠶᠢᠭᠤᠯᠵᠤ᠂ ᠬᠦᠷᠢᠶᠡᠯᠡᠩ ᠲᠣᠭᠤᠷᠢᠭ ᠠᠴᠠ ᠬᠠᠩᠭᠢᠨ ᠬᠤᠶᠢᠲᠤ ᠬᠤᠰᠢᠭᠤᠨ ᠤ ᠶᠦᠩ ᠸᠠᠩ ᠳᠠᠷᠢᠵᠤ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ ᠶᠢ 780 | ᠮᠥ ᠭᠠᠵᠠᠷ ᠰᠢᠷᠣᠶ ᠳᠤ ᠣᠷᠣᠭᠤᠯᠵᠤ᠂ ᠰᠢ ᠴᠢᠦᠶ ᠺᠸᠤ ᠲᠣᠰᠬᠤᠨ ᠤ ᠨᠠᠮ ᠤᠨ ᠡᠭᠦᠷ ᠤᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ᠂ ᠵᠣᠬᠢᠶᠠᠨ | ᠪᠠᠶᠢᠭᠤᠯᠤᠯᠲᠠ ᠶᠢᠨ ᠴᠢᠳᠠᠮᠵᠢ᠂ ᠵᠣᠬᠢᠶᠠᠨ ᠪᠠᠶᠢᠭᠤᠯᠤᠯᠲᠠ ᠶᠢᠨ ᠬᠦᠴᠦᠨ ᠢ ᠭᠦᠶ᠋ᠴᠡᠳ ᠪᠠᠳᠠᠷᠠᠭᠤᠯᠬᠤ ᠳᠤ ᠲᠦᠰᠢᠭᠯᠡᠨ᠂ ᠰᠢ ᠴᠢᠦᠶ ᠺᠸᠤ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠤ ᠦᠶ᠋ᠯᠡᠰ ᠤᠨ ᠬᠦᠷᠢᠶᠡᠯᠡᠩ ᠨᠢ ᠶᠠᠳᠠᠭᠤ ᠠᠴᠠ ᠠᠩᠭᠢᠵᠢᠷᠠᠭᠤᠯᠵᠤ ᠣᠷᠣᠯᠭ᠎ᠠ ᠪᠠᠨ ᠨᠡᠮᠡᠭᠳᠡᠭᠦᠯᠬᠦ ᠳᠤ ᠬᠦᠴᠦᠨ ᠨᠡᠮᠡᠷᠢᠯᠡᠵᠦ᠂ | ᠪᠠᠶᠠᠷᠯᠠᠭᠤᠰᠢᠲᠠᠶ ᠦᠷ᠎ᠡ ᠪᠦᠲᠦᠭᠡᠯ ᠣᠯᠵᠠᠶ᠃ ᠰᠢ ᠴᠢᠦᠶ ᠺᠸᠦ ᠲᠣᠰᠬᠤᠨ ᠤ ᠬᠢᠨ ᠠᠵᠤ ᠦᠶ᠋ᠯᠡᠰ ᠤᠨ ᠬᠦᠷᠢᠶᠡᠯᠡᠩ ᠲᠣᠭᠤᠷᠢᠭ ᠤᠨ ᠨᠥᠯᠥᠭᠡᠯᠡᠨ ᠳᠠᠶᠢᠴᠢᠯᠠᠬᠤ | ᠦᠶ᠋ᠯᠡᠳᠦᠯ ᠢ ᠭᠦᠶ᠋ᠴᠡᠳ ᠪᠠᠳᠠᠷᠠᠭᠤᠯᠵᠤ᠂ ᠡᠷᠬᠢᠨ ᠲᠣᠭᠤᠷᠢᠨ ᠤ ᠲᠠᠷᠢᠶᠠᠴᠢᠨ ᠲᠦᠮᠡᠨ ᠤ ᠣᠶᠢᠷ᠎ᠠ ᠬᠠᠪᠢ ᠳᠠᠭᠠᠨ ᠤᠨᠴᠠᠯᠢᠬᠳᠤ ᠠᠵᠤ ᠦᠶ᠋ᠯᠡᠰ ᠤᠨ ᠲᠠᠷᠢᠮᠠᠯ | ᠳᠠᠷᠢᠬᠤ ᠶᠢ ᠰᠢᠩᠭᠡᠭᠡᠨ ᠠᠪᠴᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠥᠬᠦ ᠲᠠᠯ᠎ᠠ ᠪᠠᠷ ᠪᠠᠬᠢᠵᠢᠭᠦᠯᠦᠨ᠎ᠡ᠃ | ᠬᠤᠶᠠᠷ᠂ ᠴᠢᠳᠠᠯᠲᠠᠨ ᠤ ᠠᠵᠤ ᠠᠬᠤᠢ ᠶᠢᠨ ᠭᠠᠵᠠᠷ ᠰᠢᠷᠤᠨ ᠤ ︽ᠠᠮᠢᠵᠢᠷᠠᠯ ᠤᠨ ᠬᠦᠴᠦᠨ︾ ᠶᠢ ᠪᠣᠢ ᠪᠣᠯᠭᠠᠨ᠎ᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠨ ᠵᠠᠩᠭᠢᠯᠠᠭ᠎ᠠ ᠨᠢ ᠨᠠᠮ ᠳᠤ ᠪᠤᠢ᠂ ᠭᠤᠣᠯᠳᠠᠯᠭ᠎ᠠ ᠨᠢ ᠬᠥᠮᠦᠨ ᠳᠤ ᠪᠤᠢ᠃ ᠶᠦᠩ | ᠮᠢᠩ ᠲᠣᠰᠬᠤᠨ ᠤ ᠨᠠᠮ ᠤᠨ ᠡᠭᠦᠷ ᠨᠢ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠪᠠᠷ ᠭᠠᠷᠳᠠᠴᠠ ᠪᠣᠯᠭᠠᠵᠤ᠂ ᠠᠵᠤ ᠠᠬᠤᠶᠢᠯᠠᠯ ᠤᠨ ᠴᠢᠳᠠᠪᠤᠷᠢᠲᠠᠨ ᠢ | ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠶᠦᠩ ᠮᠢᠩ ᠲᠣᠰᠬᠤᠨ ᠤ ᠨᠠᠮ ᠤᠨ ᠡᠭᠦᠷ ᠨᠢ ᠮᠣᠩᠭᠤᠯ ᠰᠢᠨ᠎ᠡ ᠡᠭᠦᠯᠳᠡᠷ ᠤᠨ ᠲᠡᠵᠢᠭᠡᠨ ᠦᠷᠡᠵᠢᠭᠦᠯᠬᠦ | ᠬᠤᠷᠰᠢᠶ᠎ᠠ ᠶᠢ ᠳᠠᠭᠠᠭᠤᠯᠤᠨ ᠡᠷᠬᠢᠯᠡᠵᠦ᠂ 2021 ᠣᠨ ᠳᠤ ᠮᠣᠩᠭᠤᠯ ᠰᠢᠨ᠎ᠡ ᠡᠭᠦᠯᠳᠡᠷ ᠤᠨ ᠬᠤᠷᠰᠢᠶ᠎ᠠ ᠨᠢ ᠲᠣᠰᠬᠤᠨ ᠤ ᠬᠤᠶᠠᠷ ᠵᠥᠪᠯᠡᠯ᠂ ᠲᠠᠷᠢᠶᠠᠴᠢᠨ | ᠡᠷᠦᠬᠡ ᠲᠠᠢ ᠭᠠᠷ ᠤᠨ ᠦᠰᠦᠭ ᠵᠢᠷᠤᠵᠤ 1286.23 ᠮᠦ ᠭᠠᠵᠠᠷ ᠰᠢᠷᠣᠢ ᠶᠢ ᠡᠷᠭᠢᠯᠲᠡ ᠳᠤ ᠣᠷᠣᠭᠤᠯᠵᠤ ᠡᠷᠳᠡᠨᠢ ᠰᠢᠰᠢ᠂ ᠡᠪᠡᠰᠦ ᠪᠣᠷᠳᠤᠭ᠎ᠠ ᠲᠠᠷᠢᠬᠤ ᠳᠤ | ᠬᠡᠷᠡᠭᠯᠡᠵᠡᠢ᠃ ᠶᠦᠩ ᠮᠢᠩ ᠭᠠᠴᠠᠭᠠᠨ ᠤ 30 ᠭᠠᠷᠤᠶ ᠬᠥᠳᠡᠯᠮᠦᠷᠢ ᠶᠢᠨ ᠬᠦᠴᠦᠨ ᠢ ᠬᠥᠯᠥᠰᠥᠯᠡᠵᠦ᠂ ᠭᠠᠵᠠᠷ ᠰᠢᠷᠣᠶ ᠶᠢ ᠰᠤᠯᠠ ᠲᠠᠯᠪᠢᠬᠤ᠂ ᠡᠪᠡᠰᠦ ᠪᠣᠷᠳᠤᠭ᠎ᠠ | ᠳᠤᠲᠠᠭᠳᠠᠬᠤ᠂ ᠲᠠᠷᠢᠶᠠᠴᠢᠳ ᠤᠨ ᠠᠵᠢᠯ ᠤᠯᠬᠤ ᠳᠤ ᠬᠦᠴᠢᠷᠲᠡᠶ ᠪᠠᠶᠢᠬᠤ ᠠᠰᠠᠭᠤᠳᠠᠯ ᠢ ᠦᠨᠳᠦᠰᠦᠨ ᠠᠴᠠ ᠨᠢ ᠰᠢᠶ᠋ᠳᠪᠦᠷᠢᠯᠡᠪᠡ᠃ ᠡᠨᠡ ᠵᠢᠯ ᠲᠣᠰᠬᠤᠨ ᠤ ᠬᠢᠨ | ᠬᠠᠮᠲᠤ ᠪᠠᠷ ᠢᠶᠠᠨ 10 ᠲᠦᠮᠡᠨ ᠲᠥᠭᠦᠷᠢᠭ ᠤᠨ ᠬᠤᠪᠢ ᠣᠷᠣᠭᠤᠯᠵᠤ᠂ ᠨᠠᠮ ᠤᠨ ᠭᠡᠰᠢᠭᠦᠨ ᠪᠣᠯᠤᠨ ᠣᠯᠠᠨ ᠲᠦᠮᠡᠨ 30 ᠲᠦᠮᠡᠨ ᠲᠥᠭᠦᠷᠢᠭ ᠤᠨ ᠬᠤᠪᠢ | ᠣᠷᠣᠭᠤᠯᠵᠤ ᠠᠯᠠᠰᠢᠨ ᠬᠤᠨᠢ ᠶᠢ ᠨᠠᠶᠢᠳᠠᠨ ᠲᠡᠵᠢᠭᠡᠯᠭᠡᠵᠦ᠂ ᠣᠳᠣᠬᠠᠨ ᠳᠤ ᠨᠢᠭᠡᠨᠲᠡ 30 ᠭᠠᠷᠤᠶ ᠠᠯᠠᠰᠢᠨ ᠦᠬᠡᠷ ᠬᠤᠳᠠᠯᠳᠤᠨ ᠠᠪᠴᠠᠶ᠃ ᠥᠪᠥᠷ ᠮᠣᠩᠭᠤᠯ | ᠰᠢᠨᠵᠢᠶᠠᠩ ᠤᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠬᠤᠷᠰᠢᠶ᠎ᠠ ᠨᠢ ︽ᠲᠣᠰᠬᠤᠨ ᠤ ᠨᠠᠮ ᠤᠨ ᠡᠭᠦᠷ + ᠬᠤᠷᠰᠢᠶ᠎ᠠ + ᠬᠦᠷᠢᠶᠡᠯᠡᠩ ᠲᠣᠭᠤᠷᠢᠭ + | ᠲᠠᠷᠢᠶᠠᠴᠢᠨ ᠡᠷᠦᠬᠡ︾ ᠶᠢᠨ ᠵᠠᠭᠪᠤᠷ ᠢ ᠠᠪᠴᠤ᠂ ᠬᠤᠷᠰᠢᠶ᠎ᠠ ᠶᠢᠨ ᠳᠠᠶᠢᠴᠢᠯᠠᠬᠤ ᠦᠶ᠋ᠯᠡᠳᠦᠯ ᠢ ᠭᠦᠶ᠋ᠴᠡᠳ ᠪᠠᠳᠠᠷᠠᠭᠤᠯᠤᠨ᠂ ᠠᠵᠤ ᠠᠬᠤᠶᠢᠯᠠᠯ᠂ ᠲᠣᠰᠬᠤᠨ ᠤ | ᠬᠠᠮᠲᠤ ᠨᠡᠶᠢᠲᠡ᠂ ᠲᠠᠷᠢᠶᠠᠴᠢᠨ ᠡᠷᠦᠬᠡ ︽ᠭᠤᠷᠪᠠᠨ ᠲᠠᠯ᠎ᠠ ᠪᠠᠷ ᠢᠶᠠᠨ ᠬᠠᠮᠲᠤᠪᠠᠷ ᠠᠰᠢᠭ ᠭᠥᠷᠳᠡᠬᠦ︾ ᠶᠢ ᠪᠡᠶᠡᠯᠡᠭᠦᠯᠵᠦ᠂ ᠬᠠᠮᠲᠤᠪᠠᠷ ᠪᠠᠶᠠᠵᠢᠬᠤ ᠬᠠᠷᠠᠯᠲᠠ ᠶᠢ | ᠠᠯᠬᠤᠮ ᠠᠯᠬᠤᠮ ᠢᠶᠠᠷ ᠪᠡᠶᠡᠯᠡᠭᠦᠯᠦᠨ᠎ᠡ᠃ | ᠶᠦᠩ ᠮᠢᠩ ᠲᠣᠰᠬᠤᠨ ᠤ ᠨᠠᠮ ᠤᠨ ᠡᠭᠦᠷ ᠤᠨ ᠬᠢᠨ ᠥᠪᠥᠷ ᠮᠣᠩᠭᠤᠯ ᠤᠨ ᠴᠢᠶᠠᠨ ᠾᠧ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ | ᠬᠥᠬᠡᠬᠤᠲᠠ ᠶᠢᠨ ᠶᠸᠤ ᠪᠠᠩ ᠡᠪᠡᠰᠦᠨ ᠤ ᠦᠢᠯᠡᠰ ᠤᠨ ᠬᠢᠵᠠᠭᠠᠷᠲᠤ ᠺᠣᠮᠫᠠᠨᠢ᠂ ᠮᠤᠩ ᠭᠦ᠋ ᠯᠧ ᠬᠤᠤ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ᠂ ᠲᠠᠷᠢᠵᠤ | ᠲᠡᠵᠢᠭᠡᠬᠦ ᠴᠢᠳᠠᠪᠤᠷᠢᠲᠠᠨ ᠭᠦᠸᠧ ᠴᠧᠩ ᠬᠠᠢ ᠪᠣᠯᠤᠨ ᠭᠤᠤ ᠦ᠋ ᠼᠦᠨ ᠲᠠᠢ ᠬᠠᠷᠢᠯᠴᠠᠵᠤ᠂ 2021 ᠣᠨ ᠳᠤ 7879 ᠮᠦ ᠭᠠᠵᠠᠷ ᠰᠢᠷᠣᠢ ᠶᠢ ᠡᠷᠭᠢᠯᠲᠡ ᠳᠤ | ᠣᠷᠣᠭᠤᠯᠵᠤ᠂ ᠡᠨᠡ ᠵᠢᠯ ᠪᠠᠰᠠ 7000 ᠭᠠᠷᠤᠢ ᠮᠦ ᠭᠠᠵᠠᠷ ᠰᠢᠷᠣᠢ ᠶᠢ ᠡᠷᠭᠢᠯᠲᠡ ᠳᠤ ᠣᠷᠣᠭᠤᠯᠪᠠ᠃ ᠲᠣᠰᠬᠤᠨ ᠤ ᠬᠢᠨ 3000 ᠮᠦ ᠶᠢᠨ ᠭᠠᠵᠠᠷ ᠰᠢᠷᠣᠢ ᠶᠢ | ᠴᠡᠭᠴᠡᠯᠡᠨ ᠵᠠᠰᠠᠬᠤ ᠶᠢ ᠪᠡᠶᠡᠯᠡᠭᠦᠯᠵᠦ᠂ ᠲᠣᠰᠬᠤᠨ ᠤ ᠠᠪᠬᠤ ᠬᠥᠮᠦᠨ ᠦᠭᠡᠢ ︽ᠮᠠᠭᠤ ᠲᠠᠷᠢᠶ᠎ᠠ︾ ᠶᠢ ᠰᠠᠶᠢᠨ ᠲᠠᠷᠢᠶ᠎ᠠ ᠪᠣᠯᠭᠠᠨ ᠬᠤᠪᠢᠷᠠᠭᠤᠯᠵᠠᠢ᠃ | ᠭᠤᠷᠪᠠ᠂ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠪᠠᠶᠢᠬᠤ ᠶᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠨ᠎ᠡ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠪᠠᠷᠠᠬᠤ ᠦᠭᠡᠢ ᠠᠮᠢ ᠠᠬᠤᠢ ᠶᠢ ᠨᠡᠩ | ᠲᠣᠬᠢᠷᠠᠮᠵᠢᠲᠠᠢ ᠪᠠᠶᠢᠯᠭᠠᠬᠤ ᠬᠡᠷᠡᠭᠲᠡᠢ᠃ ᠤᠢᠢᠷ᠎ᠠ ᠶᠢᠨ ᠬᠤᠶᠠᠷ ᠵᠢᠯ ᠳᠤ᠂ ᠴᠠᠢ ᠨᠤᠤ ᠪᠦᠦ ᠲᠣᠰᠬᠤᠨ ᠤ ᠬᠢᠨ ᠬᠥᠮᠦᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠪᠢᠴᠢᠯ ᠵᠠᠰᠠᠯᠲᠠ ᠶᠢ ᠶᠡᠬᠡᠪᠡᠷ ᠥᠷᠨᠢᠭᠦᠯᠵᠦ᠂ ᠲᠣᠰᠬᠤᠨ ᠤ ᠬᠦᠢ ᠨᠢᠭᠡᠳᠦᠯ ᠤᠨ ᠺᠠᠳ᠋ᠷ᠂ ᠰᠢᠯᠢᠳᠡᠭ ᠪᠡᠷᠢ᠂ ᠴᠡᠪᠡᠷ ᠠᠶᠢᠯ ᠪᠣᠯᠤᠨ | ᠵᠢᠱᠢᠶᠡᠴᠢ ᠨᠠᠮ ᠤᠨ ᠭᠡᠰᠢᠭᠦᠨ ᠢᠶᠠᠷ ᠲᠦᠷᠦᠭᠦᠯᠡᠭᠦᠯᠦᠨ᠂ ᠴᠡᠪᠡᠷ ᠲᠡᠭᠰᠢ ᠰᠢᠨ᠎ᠡ ᠬᠥᠳᠡᠭᠡ ᠲᠣᠰᠬᠤᠨ ᠢ ᠬᠦᠴᠦ ᠪᠠᠨ ᠬᠠᠮᠲᠤᠳᠬᠠᠨ ᠪᠦᠳᠦᠬᠡᠨ ᠪᠠᠶᠢᠭᠤᠯᠬᠤ ᠶᠢ | ᠤᠷᠢᠶᠠᠯᠠᠪᠠ᠃ ᠲᠤᠤᠷᠴᠢᠯᠠᠬᠰᠠᠨ ᠬᠤᠪᠢ ᠬᠤᠷᠠᠮᠳᠤᠭᠤᠯᠬᠤ ᠬᠠᠮᠢᠶᠠᠷᠤᠯᠲᠠ ᠶᠢ ᠬᠡᠷᠡᠭᠵᠢᠭᠦᠯᠦᠭᠰᠡᠨ ᠠᠴᠠ ᠨᠠᠰᠢ᠂ ᠨᠠᠮ ᠤᠨ ᠭᠡᠰᠢᠭᠦᠨ ᠳᠠᠭᠠᠭᠤᠯᠬᠤ ᠦᠢᠯᠡᠳᠦᠯ ᠢᠶᠠᠨ | ᠭᠦᠢᠴᠡᠳ ᠪᠠᠳᠠᠷᠠᠭᠤᠯᠵᠤ᠂ ᠲᠣᠰᠬᠤᠨ ᠤ ᠲᠦᠷᠢᠮ ᠠᠷᠠᠳ ᠤᠨ ᠭᠡᠷ᠎ᠡ ᠶᠢ ᠴᠤᠤᠷᠢᠶᠠᠲᠤᠨ ᠲᠠᠭᠠᠵᠦ᠂ ᠥᠪᠡᠷ ᠤᠨ ᠬᠦᠷᠢ᠊ ᠡᠶ᠎ᠡ ᠶᠢᠨ ᠡᠷᠬᠢᠨ ᠲᠣᠭᠤᠷᠢᠨ ᠢᠶᠠᠨ | ᠴᠡᠪᠡᠷᠬᠡᠨ ᠴᠡᠪᠡᠷᠯᠡᠭᠰᠡᠨ ᠢᠶᠠᠷ ᠪᠠᠷᠠᠬᠤ ᠦᠭᠡᠢ ᠪᠠᠰᠠ ᠡᠷᠬᠢᠨ ᠲᠣᠭᠤᠷᠢᠨ ᠤ ᠬᠥᠷᠰᠢ ᠵᠡᠷᠭᠡᠯᠡᠳᠡᠭᠡ ᠪᠠᠨ ᠳᠠᠭᠠᠭᠤᠯᠤᠨ ᠲᠣᠰᠬᠤᠨ ᠳ᠋ᠤᠭᠤᠶᠢᠯᠠᠩ ᠤᠨ ᠠᠷᠢᠭᠤᠨ | ᠴᠡᠪᠡᠷ ᠢ ᠴᠡᠪᠡᠷᠯᠡᠵᠡᠢ᠃ ᠤᠳᠤ᠂ ᠬᠥᠳᠡᠭᠡ ᠲᠣᠰᠬᠤᠨ ᠤ ᠣᠷᠴᠢᠨ ᠲᠣᠭᠤᠷᠢᠨ ᠰᠢᠨ᠎ᠡ ᠳᠦᠷᠰᠦ ᠪᠠᠶᠢᠳᠠᠯ ᠲᠠᠢ ᠪᠤᠯᠵᠤ᠂ ᠤᠯᠠᠨ ᠢᠶᠠᠷ ᠢᠶᠠᠨ ᠤᠬᠠᠮᠰᠠᠷ ᠠᠴᠠ ᠪᠠᠨ | ᠬᠠᠮᠠᠭᠠᠯᠠᠵᠤ᠂ ᠨᠠᠮ ᠤᠨ ᠡᠭᠦᠷ ᠠᠴᠠ ᠲᠣᠰᠬᠤᠨ ᠤ ᠵᠡᠭᠡᠯᠢ ᠭᠤᠳᠤᠮᠵᠢ ᠪᠣᠯᠭᠠᠨ ᠳᠤ ᠬᠤᠭ ᠨᠣᠪᠰᠢ ᠶᠢᠨ ᠰᠠᠪᠠ ᠲᠠᠯᠪᠢᠵᠤ᠂ ᠬᠤᠭ ᠨᠣᠪᠰᠢ ᠵᠥᠭᠡᠭᠡᠪᠦᠷᠢᠯᠡᠬᠦ ᠲᠡᠷᠭᠡ | ᠲᠤᠬᠢᠷᠠᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠵᠦ᠂ ᠠᠮᠢ | ᠠᠬᠤᠢ ᠶᠢᠨ ᠣᠷᠣᠰᠢᠨ ᠰᠠᠭᠤᠬᠤ ᠳᠤ ᠲᠠᠭᠠᠯᠠᠮᠵᠢᠲᠠᠢ ᠪᠠᠶᠢᠬᠤ ᠶᠢ ᠦᠨᠡᠨᠬᠦ ᠪᠡᠶᠡᠯᠡᠭᠦᠯᠵᠡᠢ᠃ | ᠲᠦᠷᠪᠡ᠂ ᠨᠠᠮ ᠤᠨ ᠪᠠᠶᠢᠭᠤᠯᠤᠯᠲᠠ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢ ᠣᠯᠭᠤᠬᠤ ᠶᠢ ᠬᠦᠳᠦᠯᠦᠨ ᠳᠠᠭᠠᠭᠤᠯᠤᠨ᠎ᠠ | ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠶᠢ ᠡᠭᠦᠳᠬᠦ ᠶᠢ ᠬᠦᠳᠦᠯᠦᠨ ᠳᠠᠭᠠᠭᠤᠯᠬᠤ ᠳᠤ ᠪᠠᠰᠠ ᠰᠢᠨᠵᠢᠯᠡᠬᠦ ᠤᠬᠠᠭᠠᠨ | ᠮᠡᠷᠭᠡᠵᠢᠯ ᠢᠶᠠᠷ ᠴᠢᠳᠠᠪᠤᠷᠢ ᠣᠯᠭᠤᠬᠤ ᠬᠡᠷᠡᠭᠲᠡᠢ᠃ 2019 ᠣᠨ ᠳᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ — ᠪᠦᠬᠦ ᠤᠯᠤᠰ ᠤᠨ | ᠲᠠᠷᠢᠶᠠᠯᠠᠩ ᠤᠨ ᠮᠡᠷᠭᠡᠵᠢᠯ ᠤᠨ ᠲᠥᠪ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠷᠣᠢ ᠶᠢᠨ ᠪᠤᠷᠳᠤᠭᠤᠷ ᠤᠨ ᠦᠷᠳᠡᠭᠡ᠂ ᠪᠠᠶᠠᠨᠨᠠᠭᠤᠷ | ᠬᠤᠳᠠ ᠶᠢᠨ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ ᠲᠥᠪ ᠪᠣᠯᠤᠨ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠳᠥᠷᠪᠡᠳᠦᠭᠡᠷ ᠳᠡᠰ ᠤᠨ ᠨᠢᠭᠡᠴᠡ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠤᠯᠤᠰ ᠤᠨ ᠲᠠᠷᠢᠶᠠᠯᠠᠩ ᠤᠨ ᠪᠣᠬᠢᠷᠲᠤᠯ ᠦᠭᠡᠢ | ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠲᠠᠢ ᠬᠠᠮᠲᠤᠷᠠᠵᠤ ᠬᠠᠩᠭᠢᠨ ᠬᠤᠶᠢᠲᠤ ᠬᠤᠰᠢᠭᠤᠨ ᠳᠤ ︽ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ︾ | ᠢ ᠪᠠᠶᠢᠭᠤᠯᠪᠠ᠃ ᠮᠧᠩ ᠬᠠᠢ ᠶᠢᠨ ᠡᠷᠳᠡᠨᠢ ᠰᠢᠰᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠪᠣᠯ ᠬᠠᠩᠭᠢᠨ ᠬᠤᠶᠢᠲᠤ ᠬᠤᠰᠢᠭᠤᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠤᠨ ᠨᠢᠭᠡ ᠪᠣᠯᠤᠨ᠎ᠠ᠃ ᠮᠤᠩ ᠬᠠᠶ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠨᠢ ᠡᠷᠳᠡᠨᠢ | ᠰᠢᠰᠢ ᠶᠢᠨ ᠦᠶ᠋ᠯᠡᠳᠪᠦᠷᠢᠯᠡᠯ ᠤᠨ ᠶᠠᠪᠤᠴᠠ ᠳᠠᠬᠢ ︽ᠤᠰᠤ ᠶᠢ ᠬᠢᠵᠠᠭᠠᠷᠯᠠᠬᠤ᠂ ᠪᠣᠷᠲᠣᠭᠤᠷ ᠬᠢᠵᠠᠭᠠᠷᠯᠠᠬᠤ᠂ ᠡᠮ ᠢ ᠬᠢᠵᠠᠭᠠᠷᠯᠠᠬᠤ᠂ ᠬᠠᠯᠢᠰᠤ ᠶᠢ ᠬᠢᠵᠠᠭᠠᠷᠯᠠᠬᠤ︾ | ᠠᠰᠠᠭᠤᠳᠠᠯ ᠢᠶᠠᠷ ᠭᠤᠤᠯ ᠰᠢᠵᠢᠮ ᠪᠣᠯᠭᠠᠵᠤ᠂ ᠳᠥᠷᠪᠡ ᠶᠢ ᠬᠢᠵᠠᠭᠠᠷᠯᠠᠬᠤ ᠮᠡᠷᠭᠡᠵᠢᠯ ᠤᠨ ᠰᠤᠳᠤᠯᠭᠠᠨ ᠢ ᠥᠷᠨᠢᠭᠦᠯᠪᠡ᠃ ᠪᠠᠭ᠎ᠠ ᠬᠦᠷᠢᠶᠡᠨ ᠤ ᠳᠡᠯᠭᠡᠷᠡᠭᠦᠯᠦᠭᠰᠡᠨ | ᠬᠠᠪᠤᠷ ᠤᠨ ᠡᠷᠳᠡᠨᠢ ᠰᠢᠰᠢ ᠶᠢᠨ ᠪᠣᠬᠢᠷᠲᠤᠯ ᠥᠬᠡᠶ ᠦᠶ᠋ᠯᠡᠳᠪᠦᠷᠢᠯᠡᠯ ᠤᠨ ᠮᠡᠷᠭᠡᠵᠢᠯ ᠨᠢ ᠲᠠᠷᠢᠶᠠᠴᠢᠨ ᠡᠷᠦᠬᠡ ᠶᠢᠨ ᠲᠠᠷᠢᠶᠠᠨ ᠭᠠᠵᠠᠷ ᠲᠤ ᠮᠠᠰᠢ ᠰᠠᠶᠢᠨ ᠵᠢᠱᠢᠶ᠎ᠡ | ᠦᠵᠡᠭᠦᠯᠬᠦ ᠦᠷ᠎ᠡ ᠪᠦᠲᠦᠮᠵᠢ ᠣᠯᠵᠤ᠂ 12 — 18% ᠪᠠᠷ ᠨᠡᠮᠡᠭᠳᠡᠵᠦ᠂ 12% — 47% ᠪᠠᠷ ᠪᠣᠷᠲᠣᠭᠤᠷ ᠠᠷᠪᠢᠯᠠᠪᠠ᠃ 2021 ᠣᠨ ᠳᠤ ᠪᠠᠭ᠎ᠠ | ᠬᠦᠷᠢᠶᠡᠨ ᠤ ᠬᠢᠨ ᠮᠧᠩ ᠬᠠᠢ ᠪᠠᠯᠭᠠᠰᠤ ᠶᠢᠨ ᠰᠢᠨ ᠴᠢᠦᠢ ᠲᠣᠰᠬᠤᠨ᠂ ᠰᠢ ᠴᠢᠦᠢ ᠺᠸᠦ ᠲᠣᠰᠬᠤᠨ ᠤ ᠡᠷᠳᠡᠨᠢ ᠰᠢᠰᠢ ᠶᠢᠨ ᠥᠨᠳᠥᠷ ᠤᠨᠠᠯᠲᠠ ᠲᠠᠢ ᠥᠨᠳᠥᠷ | ᠦᠷ᠎ᠡ ᠠᠰᠢᠭ ᠲᠠᠢ ᠵᠢᠱᠢ᠊ ᠡᠶ᠎ᠡ ᠦᠵᠡᠭᠦᠯᠬᠦ ᠬᠦᠷᠢᠶᠡᠯᠡᠩ ᠲᠣᠭᠤᠷᠢᠭ ᠲᠤ 4 ᠵᠦᠢᠯ ᠤᠨ 30 ᠮᠦ᠂ 12 ᠵᠦᠢᠯ ᠤᠨ 4000 ᠭᠠᠷᠤᠢ ᠮᠦ ᠶᠢᠨ ᠵᠢᠱᠢ᠊ ᠡᠶ᠎ᠡ | ᠦᠵᠡᠭᠦᠯᠬᠦ ᠲᠤᠷᠰᠢᠯᠲᠠ ᠶᠢ ᠨᠠᠶᠢᠳᠠᠪᠤᠷᠢᠵᠢᠭᠤᠯᠵᠤ᠂ ᠡᠷᠬᠢᠨ ᠲᠣᠭᠤᠷᠢᠨ ᠤ 5500 ᠮᠦ ᠭᠠᠵᠠᠷ ᠰᠢᠷᠣᠢ ᠶᠢ ᠨᠥᠯᠥᠭᠡᠯᠡᠨ ᠲᠠᠶᠢᠴᠢᠯᠠᠵᠠᠢ᠃ | ᠲᠠᠪᠤ᠂ ᠬᠤᠪᠢᠰᠬᠠᠯᠲᠤ ᠨᠠᠮ ᠤᠨ ᠪᠠᠶᠢᠭᠤᠯᠤᠯᠲᠠ ᠶᠢᠨ ᠪᠣᠬᠢᠷᠲᠤᠯ ᠦᠭᠡᠢ ᠬᠥᠭᠵᠢᠯᠲᠡ | ᠲᠤᠬᠠᠢ ᠶᠢᠨ ᠦᠶ᠎ᠡ ᠳᠤ᠂ ᠬᠤᠩ ᠵᠢᠶᠠᠨ ᠲᠣᠰᠬᠤᠨ ᠤ ᠲᠦᠮᠡᠨ ᠮᠦ ᠶᠢᠨ ᠲᠠᠬᠢᠨ ᠲᠠᠷᠢᠭᠰᠠᠨ ᠨᠣᠬᠠᠢ ᠶᠢᠨ ᠬᠤᠰᠢᠭᠤ ᠢᠳᠡᠷᠡᠭᠦᠨ ᠢᠶᠠᠷ ᠦᠰᠦᠨ ᠪᠤᠶᠢᠵᠢᠵᠤ | ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠳᠠᠯ ᠢ ᠬᠠᠷᠠᠨ᠎ᠠ᠃ 2021 ᠣᠨ ᠳᠤ᠂ ᠬᠤᠩ ᠵᠢᠶᠠᠨ ᠲᠣᠰᠬᠤᠨ ᠤ ᠬᠢᠨ 2000 ᠮᠦ ᠪᠤᠭᠤᠳᠠᠢ ᠵᠠᠯᠭᠠᠯᠳᠤᠵᠤ᠂ | ᠵᠠᠬᠢᠶᠠᠯᠠᠭ᠎ᠠ ᠶᠢᠨ ᠲᠠᠷᠢᠶᠠᠯᠠᠩ ᠢ ᠬᠥᠭᠵᠢᠭᠦᠯᠬᠦ ᠶᠢᠨ ᠬᠠᠮᠲᠤ ᠪᠤᠭᠤᠳᠠᠢ ᠶᠢ ᠳᠠᠬᠢᠨ ᠲᠠᠷᠢᠬᠤ ᠪᠠᠷ ᠳᠠᠮᠵᠢᠨ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠵᠦ᠂ ︽ | ᠨᠢᠭᠡ ᠤᠳᠠᠭ᠎ᠠ ᠬᠠᠩᠭᠠᠯᠭ᠎ᠠ ᠶᠢ ᠪᠠᠲᠤᠯᠠᠵᠤ᠂ ᠨᠢᠭᠡ ᠤᠳᠠᠭ᠎ᠠ ᠣᠷᠣᠯᠭ᠎ᠠ ᠶᠢᠨ ᠨᠡᠮᠡᠭᠳᠡᠯ ᠢ ᠠᠬᠢᠭᠤᠯᠬᠤ︾ ᠶᠢ ᠪᠡᠶᠡᠯᠡᠭᠦᠯᠵᠡᠢ᠃ ᠡᠨᠡ ᠵᠢᠯ᠂ ᠨᠠᠮ ᠤᠨ ᠡᠭᠦᠷ | ᠬᠦᠴᠦᠨ ᠢᠶᠠᠨ ᠬᠤᠷᠠᠮᠳᠤᠭᠤᠯᠤᠨ ᠲᠠᠬᠢᠨ ᠮᠣᠷᠳᠠᠵᠤ᠂ ᠲᠠᠷᠢᠶᠠᠯᠠᠬᠤ ᠴᠠᠭ ᠢ ᠠᠮᠵᠢᠨ ᠲᠦᠷᠭᠡᠨ ᠠᠬᠢᠭᠤᠯᠵᠤ᠂ ᠤᠯᠠᠨ ᠠᠷᠭ᠎ᠠ ᠵᠠᠮ ᠢᠶᠠᠷ ᠨᠡᠪᠲᠡᠷᠡᠯᠴᠡᠬᠦ᠂ ᠪᠦᠬᠦᠨ ᠢ | ᠬᠠᠮᠤᠷᠤᠨ ᠰᠤᠷᠪᠤᠯᠵᠢᠯᠠᠬᠤ ᠪᠠᠷ ᠳᠠᠮᠵᠢᠭᠤᠯᠵᠤ᠂ ᠲᠠᠷᠢᠶᠠᠴᠢᠨ ᠡᠷᠤᠭᠡ ᠶᠢᠨ ᠰᠡᠳᠬᠢᠴᠡ ᠳᠤ ᠢᠳᠡᠪᠬᠢᠲᠡᠢ ᠲᠤᠬᠢᠷᠠᠭᠤᠯᠤᠯᠳᠠ ᠬᠢᠵᠦ᠂ 10400 ᠮᠦ ᠪᠤᠭᠤᠳᠠᠢ ᠶᠢᠨ | ᠵᠠᠯᠭᠠᠯᠳᠤᠭᠰᠠᠨ ᠬᠡᠰᠡᠭ ᠢ ᠪᠡᠶᠡᠯᠡᠭᠦᠯᠵᠦ᠂ ᠲᠠᠷᠢᠶᠠᠴᠢᠨ ᠡᠷᠤᠭᠡ ᠳᠤ 400 ᠭᠠᠷᠤᠢ ᠲᠦᠮᠡᠨ ᠲᠥᠭᠦᠷᠢᠭ ᠤᠨ ᠨᠥᠬᠦᠪᠥᠷᠢ ᠣᠯᠭᠤᠵᠠᠢ᠃ ᠡᠭᠦᠨ ᠤ ᠵᠡᠷᠭᠡᠪᠡᠷ᠂ ᠬᠤᠩ | ᠵᠢᠶᠠᠨ ᠲᠣᠰᠬᠤᠨ ᠤ ᠬᠢᠨ ᠠᠵᠤ ᠠᠬᠤᠶᠢᠯᠠᠯ᠂ ᠲᠠᠷᠢᠮᠠᠯ ᠤᠨ ᠲᠤᠮᠤ ᠡᠷᠦᠬᠡ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠲᠠᠷᠢᠶᠠᠴᠢᠳ ᠤᠨ ᠬᠤᠷᠰᠢᠶ᠎ᠠ ᠵᠡᠷᠭᠡ | ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠪᠠᠷ ᠲᠦᠰᠢᠭ ᠪᠣᠯᠭᠠᠵᠤ᠂ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠠᠵᠤ ᠦᠢᠯᠡᠰᠵᠢᠭᠰᠡᠨ᠂ | ᠮᠠᠰᠢᠨᠴᠢᠯᠠᠭᠰᠠᠨ ᠦᠢᠯᠡᠴᠢᠯᠡᠭᠡᠨ ᠤ ᠰᠢᠰᠲᠧᠮ ᠤᠨ ᠪᠠᠶᠢᠭᠤᠯᠤᠯᠲᠠ ᠶᠢ ᠠᠬᠢᠭᠤᠯᠵᠤ᠂ ᠲᠤᠬᠠᠢ ᠶᠢᠨ ᠭᠠᠵᠠᠷ ᠤᠨ ᠲᠠᠷᠢᠶᠠᠴᠢᠨ ᠡᠷᠦᠬᠡ ᠶᠢᠨ ᠣᠷᠣᠯᠭ᠎ᠠ ᠪᠠᠨ | ᠦᠷᠭᠦᠯᠵᠢᠯᠡᠨ ᠨᠡᠮᠡᠭᠳᠡᠭᠦᠯᠬᠦ ᠶᠢ ᠲᠠᠶᠢᠴᠢᠯᠠᠵᠠᠢ᠃ | ᠰᠢ ᠶᠢᠨ ᠫᠢᠩ ᠶᠡᠷᠦᠩᠬᠡᠶ ᠱᠦᠵᠢ ᠴᠢᠬᠤᠯᠠᠴᠢᠯᠠᠬᠤ ᠳᠠᠭᠠᠨ᠄ ︽ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠨᠠᠮ ᠤᠨ ᠲᠥᠷᠥ | ᠪᠠᠷᠢᠬᠤ ᠰᠠᠭᠤᠷᠢ ᠶᠢ ᠪᠠᠬᠢᠵᠢᠭᠦᠯᠬᠦ ᠶᠢ ᠨᠡᠶᠢᠭᠡᠮ ᠤᠨ ᠵᠠᠰᠠᠯᠲᠠ ᠪᠠ ᠦᠨᠳᠦᠰᠦᠨ ᠱᠠᠲᠤᠨ ᠤ ᠪᠠᠶᠢᠭᠤᠯᠤᠯᠲᠠ ᠳᠤ ᠲᠤᠤᠱᠯᠠᠭᠤᠯᠬᠤ ᠨᠢᠭᠡᠨ ᠤᠯᠠᠭᠠᠨ ᠱᠤᠭᠤᠮ | ᠪᠣᠯᠭᠠᠬᠤ ᠬᠡᠷᠡᠭᠲᠡᠶ︾ ᠭᠡᠵᠡᠶ᠃ ᠨᠠᠮ ᠤᠨ ᠪᠠᠶᠢᠭᠤᠯᠤᠯᠲᠠ ᠶᠢᠨ ᠳᠠᠭᠠᠭᠤᠯᠭ᠎ᠠ ᠳᠣᠤᠷ᠎ᠠ᠂ ᠪᠥᠬᠦ ᠪᠠᠯᠭᠠᠰᠤᠨ ᠤ ᠳᠠᠩᠰᠠᠯᠠᠭᠤᠯᠤᠭᠰᠠᠨ ᠬᠤᠷᠰᠢᠶ᠎ᠠ ᠨᠡᠶᠢᠲᠡ 41᠂ | ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠪᠡᠶᠡᠴᠢ ᠴᠣᠭᠴᠠ 29 ᠪᠣᠶ᠃ 2021 ᠣᠨ ᠳᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠡᠵᠡᠩᠨᠡᠯᠲᠡ ᠶᠢᠨ | ᠴᠢᠨᠠᠷᠲᠠᠢ ᠣᠷᠣᠯᠭ᠎ᠠ 10 ᠲᠦᠮᠡᠨ ᠲᠥᠭᠦᠷᠢᠭ ᠠᠴᠠ ᠳᠡᠭᠡᠭᠰᠢ ᠪᠠᠶᠢᠬᠤ ᠨᠢ 77% ᠢ ᠡᠵᠡᠯᠡᠵᠦ᠂ ᠣᠷᠣᠯᠭ᠎ᠠ ᠶᠢᠨ ᠶᠡᠷᠦᠩᠬᠡᠢ ᠲᠤᠭ᠎ᠠ ᠨᠢ ᠠᠳᠠᠯᠢ | ᠬᠤᠭᠤᠴᠠᠭᠠᠨ ᠤ ᠬᠢ ᠠᠴᠠ 50% ᠢᠶᠠᠷ ᠨᠡᠮᠡᠭᠳᠡᠵᠡᠢ᠃ 2022 ᠣᠨ ᠳᠤ᠂ ᠮᠠᠨ ᠤ ᠪᠠᠯᠭᠠᠰᠤ ︽ᠨᠢᠭᠡᠳᠦᠭᠡᠷ ᠹᠷᠣᠨᠲ ᠤᠨ ᠵᠢᠷᠭᠤᠭᠠᠨ ᠬᠦᠷᠢᠶᠡᠯᠡᠩ ᠨᠠᠢᠮᠠᠨ ᠴᠠᠭ | ᠠᠷᠪᠠ ᠪᠠᠷ ᠲᠤᠯᠭᠠᠭᠤᠷᠢᠯᠠᠬᠤ︾ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠶᠢᠯᠳᠤᠬᠤ ᠪᠣᠳᠣᠯᠭ᠎ᠠ ᠶᠢ ᠭᠤᠣᠯᠳᠠᠯᠭ᠎ᠠ ᠲᠠᠢ ᠬᠡᠷᠡᠭᠵᠢᠭᠦᠯᠵᠦ᠂ 5280 ᠭᠠᠷᠤᠶ ᠲᠦᠮᠡᠨ | ᠲᠥᠭᠦᠷᠢᠭ ᠤᠨ ᠲᠥᠷᠥᠯ ᠵᠦᠢᠯ ᠤᠨ ᠪᠡᠯᠡ ᠮᠥᠩᠭᠦ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ ᠭᠤᠤᠯᠳᠠᠯᠭ᠎ᠠ ᠲᠠᠢ ᠬᠡᠷᠡᠭᠵᠢᠭᠦᠯᠵᠦ ᠨᠠᠶᠢᠳᠠᠪᠤᠷᠢᠵᠢᠭᠤᠯᠤᠨ᠎ᠠ᠄ ᠰᠢᠨ | ᠴᠢᠦᠶ ᠲᠣᠰᠬᠤᠨ ᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠶᠦᠩ ᠮᠢᠩ ᠲᠣᠰᠬᠤᠨ ᠤ ᠴᠡᠷᠢᠭ ᠠᠩᠭᠢ ᠨᠡᠶᠢᠯᠡᠯᠳᠦᠨ᠂ | ᠮᠤᠩ ᠬᠠᠶ ᠪᠠᠯᠭᠠᠰᠤᠨ ᠤ ᠠᠭᠠᠷ ᠤᠨ ᠰᠤᠷᠪᠤᠯᠵᠢ ᠶᠢᠨ ᠢᠯᠴᠢ ᠶᠢᠨ ᠬᠥᠭᠡᠷᠭᠡ ᠶᠢᠨ ᠥᠭᠡᠷᠡᠴᠢᠯᠡᠯᠲᠡ᠂ ᠰᠢ ᠴᠢᠦᠶ ᠺᠸᠦ ᠶᠢᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠢᠱᠢᠶ᠎ᠡ ᠦᠵᠡᠭᠦᠯᠬᠦ ᠠᠵᠤ ᠦᠶ᠋ᠯᠡᠰ ᠤᠨ ᠬᠦᠷᠢᠶᠡᠯᠡᠩ ᠲᠣᠭᠤᠷᠢᠭ ᠢ ᠥᠷᠭᠡᠳᠬᠡᠨ ᠪᠠᠶᠢᠭᠤᠯᠬᠤ᠂ ᠯᠢ ᠡᠯ ᠲᠣᠰᠬᠤᠨ ᠤ ᠰᠢ ᠪᠢᠶᠠᠨ ᠴᠢᠦᠶ ᠪᠠ ᠲᠡᠯᠡᠶ | ᠠᠯᠤᠰᠯᠠᠭᠰᠠᠨ ᠰᠤᠪᠠᠭ ᠤᠨ ᠰᠤᠪᠠᠭ ᠤᠨ ᠳᠣᠲᠣᠷ ᠴᠣᠭᠴᠠᠯᠠᠯ᠂ ᠰᠠᠨ ᠨᠠᠭᠤᠷ ᠤᠨ ᠰᠣᠶᠣᠯ ᠤᠨ ᠦᠵᠡᠮᠵᠢ ᠶᠢᠨ ᠣᠷᠳᠣ ᠬᠤᠩᠭᠢᠯ ᠤᠨ ᠪᠥᠲᠥᠭᠡᠨ ᠪᠠᠶᠢᠭᠤᠯᠤᠯᠲᠠ᠂ | ᠶᠦᠩ ᠮᠢᠩ ᠲᠣᠰᠬᠤᠨ ᠤ ᠮᠧᠩ ᠰᠢᠨ ᠠᠯᠠᠰᠢᠨ ᠦᠬᠡᠷ ᠤᠨ ᠬᠤᠷᠰᠢᠶ᠎ᠠ ᠶᠢᠨ ᠨᠤᠲᠤᠭ ᠲᠠᠭᠠᠨ ᠪᠤᠴᠠᠵᠤ ᠠᠳᠠᠯ ᠦᠶ᠋ᠯᠡᠰ ᠴᠣᠭᠴᠠᠯᠠᠭᠰᠠᠳ ᠢ ᠲᠡᠳᠬᠦᠬᠦ᠂ ᠶᠦᠩ | ᠮᠢᠩ ᠲᠣᠰᠬᠤᠨ ᠤ ᠡᠰᠢ ᠰᠦᠷᠡᠯ ᠢ ᠶᠡᠷᠦᠩᠬᠡᠶᠢᠯᠡᠨ ᠬᠤᠷᠢᠶᠠᠨ ᠠᠪᠴᠢᠷᠠᠬᠤ᠂ ᠴᠠᠢ ᠨᠤᠤ ᠪᠦᠦ ᠲᠣᠰᠬᠤᠨ ᠤ ᠮᠧᠩ ᠯᠢᠦᠶ ᠤᠰᠤ ᠦᠭᠡᠶᠢᠳᠡᠭᠦᠯᠦᠭᠰᠡᠨ ᠨᠣᠭᠤᠭ᠎ᠠ | ᠪᠣᠯᠪᠠᠰᠤᠷᠠᠭᠤᠯᠬᠤ ᠦᠢᠯᠡᠳᠪᠦᠷᠢ᠂ ᠶᠦᠩ ᠮᠢᠩ ᠲᠣᠰᠬᠤᠨ ᠤ ᠵᠢᠶᠠᠩᠨᠠᠭᠤᠷ ᠤᠨ ᠦᠶ᠋ᠯᠡᠳᠪᠦᠷᠢ ᠶᠢᠨ ᠪᠥᠲᠥᠭᠡᠨ ᠪᠠᠶᠢᠭᠤᠯᠤᠯᠲᠠ ᠵᠡᠷᠭᠡ ᠲᠥᠷᠥᠯ ᠵᠦᠶ᠋ᠯ ᠢ | ᠪᠠᠶᠢᠭᠤᠯᠤᠨ᠎ᠠ᠃ ᠳᠠᠷᠠᠭᠠᠴᠢ ᠶᠢᠨ ᠠᠯᠬᠤᠮ ᠳᠤ᠂ ᠮᠠᠨ ᠤ ᠪᠠᠯᠭᠠᠰᠤ ︽ᠮᠠᠯᠲᠠᠬᠤ᠂ ᠪᠤᠶᠢᠵᠢᠭᠤᠯᠬᠤ᠂ ᠣᠷᠣᠭᠤᠯᠬᠤ︾ ᠬᠠᠮ ᠠᠷᠭ᠎ᠠ ᠬᠡᠮᠵᠢᠶ᠎ᠡ ᠶᠢ ᠠᠪᠴᠤ᠂ ︽ | ᠪᠦᠬᠦ ᠠᠷᠠᠳ ᠢᠶᠠᠷ ᠢᠶᠠᠨ ᠠᠷᠠᠯᠵᠢᠶᠠᠴᠢᠨ ᠤᠷᠢᠬᠤ᠂ ᠡᠷᠳᠡᠮᠲᠡᠨ ᠮᠡᠷᠭᠡᠳ ᠬᠤᠷᠠᠨ ᠴᠤᠭᠯᠠᠷᠠᠬᠤ︾ ᠬᠥᠭᠵᠢᠯᠲᠡ ᠶᠢᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠵᠤ | ᠂ ︽ᠴᠢᠳᠠᠪᠤᠷᠢᠲᠠᠨ ᠤ ᠠᠵᠤ ᠠᠬᠤᠢ︾ ᠶᠢ ᠶᠡᠬᠡᠪᠡᠷ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢ ᠶᠢ ᠨᠡᠮᠡᠷᠢᠯᠡᠨ᠎ᠡ᠃ | | |