ᠥᠪᠥᠷ ᠮᠣᠩᠭᠤᠯ ᠤᠨ ᠠᠷᠢᠬᠢᠨ ᠰᠣᠶᠣᠯ ᠤᠨ ᠮᠦᠽᠧᠶ
ᠨᠡᠶᠢᠲᠡᠯᠡᠭᠰᠡᠨ ᠴᠠᠭ᠄
2022/8/3
      ᠥᠪᠥᠷ ᠮᠣᠩᠭᠤᠯ ᠤᠨ ᠠᠷᠢᠬᠢᠨ ᠰᠣᠶᠣᠯ ᠤᠨ ᠮᠦᠽᠧᠶ ᠪᠣᠯ ᠥᠪᠥᠷ ᠮᠣᠩᠭᠤᠯ ᠣᠷᠣᠨ ᠤ ᠬᠠᠮᠤᠭ ᠡᠷᠲᠡᠨ ᠤ ᠠᠵᠤ ᠠᠬᠤᠶᠢᠯᠠᠯ ᠤᠨ ᠮᠦᠽᠧᠶ ᠪᠣᠯᠤᠨ᠎ᠠ᠃ ᠣᠷᠳᠣᠨ ᠳᠤ ᠠᠳᠠᠯᠢ ᠪᠤᠰᠤ ᠲᠥᠷᠥ᠂ ᠥᠪᠥᠷ ᠮᠣᠩᠭᠤᠯ ᠤᠨ ᠡᠯ᠎ᠡ ᠭᠠᠵᠠᠷ ᠤᠨ ᠠᠷᠢᠬᠢ ᠲᠠᠢ ᠨᠢᠭᠲᠠ ᠬᠤᠯᠪᠣᠭ᠎ᠠ ᠲᠠᠢ ᠬᠤᠪᠣᠷ ᠨᠠᠨᠳᠢᠨ ᠲᠡᠤᠬᠡ ᠶᠢᠨ ᠳᠤᠷᠠᠰᠬᠠᠯᠲᠤ ᠵᠦᠢᠯ ᠬᠠᠳᠠᠭᠠᠯᠠᠭᠳᠠᠵᠤ ᠪᠣᠶ᠂ ᠲᠡᠭᠦᠨ ᠤ ᠪᠠᠯᠭᠠᠰᠤᠨ ᠤ ᠣᠷᠳᠣᠨ ᠤ ᠡᠷᠳᠡᠨᠢ — ᠬᠠᠨ ᠤᠯᠤᠰ ᠤᠨ ᠦᠶ᠎ᠡ ᠶᠢᠨ ᠡᠷᠲᠡᠨ ᠤ ᠠᠷᠢᠬᠢ ᠨᠢ ᠪᠣᠷᠣᠲᠣᠬᠤᠶ ᠶᠢᠨ ᠠᠷᠢᠬᠢ ᠨᠡᠷᠡᠭᠰᠡᠨ ᠲᠡᠤᠬᠡ ᠶᠢ ᠨᠠᠩ ᠴᠤ ᠪᠠᠷᠠᠭᠤᠨ ᠬᠠᠨ ᠤᠯᠤᠰ ᠤᠨ ᠦᠶ᠎ᠡ ᠳᠤ ᠬᠦᠷᠲᠡᠯ᠎ᠡ ᠮᠥᠷᠳᠡᠵᠦ᠂ ᠮᠥᠨ ᠴᠦ ᠬᠤᠸᠠᠰᠢᠶᠠ ᠠᠷᠢᠬᠢᠨ ᠤ ᠢᠷᠡᠯᠲᠡ ᠶᠢᠨ ᠭᠠᠵᠠᠷ ᠲᠤ ᠪᠣᠳᠠᠲᠤ ᠪᠣᠳᠠᠰ ᠤᠨ ᠭᠡᠷᠡᠴᠢ ᠪᠠᠷᠢᠮᠲᠠ ᠶᠢ ᠣᠯᠵᠤ ᠥᠭᠭᠦᠭᠰᠡᠨ ᠪᠠᠶᠢᠨ᠎ᠠ᠃      ᠥᠪᠥᠷ ᠮᠣᠩᠭᠤᠯ ᠤᠨ ᠠᠷᠢᠬᠢᠨ ᠤ ᠰᠣᠶᠣᠯ ᠤᠨ ᠮᠦᠽᠧᠶ ᠬᠠᠩᠭᠢᠨ ᠬᠤᠶᠢᠲᠤ ᠬᠤᠰᠢᠭᠤᠨ ᠤ ᠪᠣᠷᠣᠲᠣᠬᠤᠶ ᠠᠷᠢᠬᠢᠨ ᠤ  ᠦᠢᠯᠡᠰ ᠤᠨ ᠠᠵᠤ ᠦᠶ᠋ᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠠᠶᠢᠷᠢᠰᠢᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠮᠦᠽᠧᠶ ᠳᠤ ᠬᠠᠷᠢᠶᠠᠯᠠᠭᠳᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠠᠵᠤ ᠠᠬᠤᠶᠢᠯᠠᠯ ᠤᠨ ᠮᠦᠽᠧᠶ ᠪᠣᠯᠤᠨ᠎ᠠ᠂ ᠲᠠᠯᠠᠪᠠᠶ ᠨᠢ 1150 ᠲᠡᠭᠰᠢ ᠳᠥᠷᠪᠡᠯᠵᠢᠨ ᠮᠧᠲᠷ᠂ ᠨᠡᠶᠢᠲᠡ 120 ᠲᠦᠮᠡᠨ ᠲᠥᠭᠦᠷᠢᠭ ᠤᠨ ᠪᠠᠯᠠ ᠣᠷᠣᠭᠤᠯᠵᠤ᠂ 2002 ᠣᠨ ᠤ 8 ᠰᠠᠷ᠎ᠠ ᠳᠤ ᠪᠠᠶᠢᠭᠤᠯᠵᠤ ᠳᠠᠭᠤᠰᠬᠠᠪᠠ᠃
35318.jpg
ᠢᠷᠡᠯᠲᠡ᠄ ᠲᠤᠰ ᠰᠦᠯᠵᠢᠶ᠎ᠡ