ᠺᠠᠩ ᠡᠯ ᠯᠠᠶ ᠠᠮᠢ ᠠᠬᠤᠶ ᠶᠢᠨ ᠬᠦᠷᠢᠶᠡᠯᠡᠩ
ᠨᠡᠶᠢᠲᠡᠯᠡᠭᠰᠡᠨ ᠴᠠᠭ᠄
2022/9/2
35315.jpg
      ᠺᠠᠩ ᠡᠯ ᠯᠠᠶ ᠠᠮᠢ ᠠᠬᠤᠶ ᠶᠢᠨ ᠬᠦᠷᠢᠶᠡᠯᠡᠩ ᠢ 2005 ᠣᠨ ᠳᠤ ᠡᠬᠢᠯᠡᠨ ᠪᠠᠶᠢᠭᠤᠯᠵᠤ᠂ ᠪᠥᠬᠦ ᠬᠦᠷᠢᠶᠡᠯᠡᠩ ᠳᠤ 1000 ᠮᠥ ᠭᠠᠵᠠᠷ ᠬᠡᠷᠡᠭᠯᠡᠬᠦ ᠪᠠᠷ ᠲᠥᠯᠥᠪᠵᠢᠭᠦᠯᠵᠦ᠂ ᠡᠷᠬᠢᠨ ᠲᠣᠭᠤᠷᠢᠨ ᠤ 4000 ᠮᠥ ᠭᠠᠵᠠᠷ ᠢ ᠨᠥᠯᠥᠭᠡᠯᠡᠵᠡᠶ᠃ ᠬᠦᠷᠢᠶᠡᠯᠡᠩ ᠲᠣᠭᠤᠷᠢᠭ ᠤᠨ ᠪᠠᠶᠢᠭ᠎ᠠ ᠵᠦᠩ ᠨᠠᠨ ᠴᠢᠦᠢ ᠲᠣᠰᠬᠤᠨ ᠨᠢ ᠱᠠᠮᠪᠠ ᠪᠠᠯᠭᠠᠰᠤ ᠶᠢᠨ ᠡᠮᠦᠨ᠎ᠡ ᠲᠡᠭᠦᠷᠭᠡ ᠳᠤ ᠪᠠᠶᠢᠷᠢᠯᠠᠵᠤ᠂ 9860 ᠮᠦ ᠭᠠᠵᠠᠷ ᠤᠨ ᠲᠠᠯᠠᠪᠠᠢ ᠲᠠᠢ᠂ ᠨᠡᠶᠢᠲᠡ 13 ᠲᠣᠰᠬᠤᠨ ᠤ ᠠᠷᠠᠳ ᠤᠨ ᠳᠤᠭᠤᠶᠢᠯᠠᠩ᠂ 671 ᠡᠷᠦᠬᠡ᠂ 2551 ᠬᠥᠮᠦᠨ ᠠᠮᠠ ᠲᠠᠢ᠂ 7200 ᠮᠦ ᠲᠠᠷᠢᠶᠠᠨ ᠭᠠᠵᠠᠷ ᠲᠠᠢ᠃ ᠲᠣᠰ ᠲᠣᠰᠬᠤᠨ ᠪᠣᠯ ᠥᠪᠡᠷᠲᠡᠭᠡᠨ ᠵᠠᠰᠠᠬᠤ ᠣᠷᠣᠨ ᠤ ᠰᠢᠨ᠎ᠡ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠣᠰᠬᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠰᠢᠨ᠎ᠡ ᠬᠥᠳᠡᠭᠡ ᠲᠣᠰᠬᠤᠨ ᠤ ᠬᠠᠷᠢᠯᠴᠠᠬᠤ ᠴᠡᠭ ᠤᠨ ᠨᠢᠭᠡ ᠮᠥᠨ᠂ ᠬᠤᠰᠢᠭᠤ ᠪᠠᠯᠭᠠᠰᠤ ᠬᠤᠶᠠᠷ ᠱᠠᠲᠤᠨ ᠤ ᠨᠠᠮ ᠤᠨ ᠭᠡᠰᠢᠭᠦᠨ ᠤ ᠬᠥᠮᠦᠵᠢᠯ ᠪᠣᠯᠪᠠᠰᠤᠷᠠᠭᠤᠯᠤᠯ ᠤᠨ ᠰᠠᠭᠤᠷᠢᠨ ᠭᠠᠵᠠᠷ᠂ ᠳᠠᠬᠢᠨ ᠠᠵᠢᠯ ᠣᠯᠭᠤᠬᠤ  ᠦᠢᠯᠡᠴᠢᠯᠡᠭᠡᠨ ᠤ ᠰᠠᠭᠤᠷᠢᠨ ᠭᠠᠵᠠᠷ ᠮᠥᠨ᠂ 2008 ᠣᠨ ᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠡᠳ᠋ ᠤᠨ ᠵᠠᠰᠠᠭ ᠤᠨ ᠶᠠᠮᠤᠨ ᠳᠤ ︽ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ ᠲᠣᠰᠬᠤᠨ ᠢ ᠬᠥᠭᠵᠢᠭᠦᠯᠬᠦ ᠲᠡᠷᠢᠭᠦᠨ ᠤ ᠨᠢᠭᠡᠴᠡ︾ ᠭᠡᠵᠦ ᠨᠡᠷᠡᠶᠢᠳᠦᠭᠳᠡᠪᠡ᠃ ᠬᠡᠳᠦᠨ ᠵᠢᠯ ᠤᠨ ᠪᠥᠲᠥᠭᠡᠨ ᠪᠠᠶᠢᠭᠤᠯᠤᠯᠲᠠ ᠪᠠᠷ ᠳᠡᠮᠵᠢᠨ᠂ ᠴᠡᠴᠡᠷᠯᠢᠭ ᠤᠨ ᠳᠣᠲᠣᠷ᠎ᠠ ᠲᠥᠬᠦᠭᠡᠷᠦᠮᠵᠢ ᠶᠢᠨ ᠲᠠᠷᠢᠶᠠᠯᠠᠩ ᠤᠨ ᠣᠷᠣᠨ᠂ ᠺᠠᠩ ᠡᠯ ᠯᠠᠶ ᠲᠥᠪ ᠲᠣᠰᠬᠤᠨ᠂ ᠣᠷᠭᠠᠨᠢᠭ ᠵᠢᠮᠢᠰ ᠲᠡᠭᠦᠬᠦ ᠬᠦᠷᠢᠶᠡᠯᠡᠩ᠂ ᠠᠮᠢ ᠠᠬᠤᠶ ᠶᠢᠨ ᠰᠡᠯᠡᠭᠦᠴᠡᠯ ᠵᠢᠭᠤᠯᠴᠢᠯᠠᠯ ᠤᠨ ᠣᠷᠣᠨ᠂ ᠰᠢᠨ᠎ᠡ ᠮᠡᠷᠭᠡᠵᠢᠯ ᠢ ᠳᠡᠯᠭᠡᠷᠡᠭᠦᠯᠬᠦ ᠣᠷᠣᠨ ᠵᠡᠷᠭᠡ ᠲᠠᠪᠤᠨ ᠤᠨᠴᠠᠯᠢᠬᠳᠤ ᠴᠢᠳᠠᠮᠵᠢᠳᠤ ᠵᠢᠵᠢᠭ ᠲᠣᠭᠤᠷᠢᠭ ᠢ ᠪᠣᠶ ᠪᠣᠯᠭᠠᠪᠠ᠃    
ᠢᠷᠡᠯᠲᠡ᠄ ᠲᠤᠰ ᠰᠦᠯᠵᠢᠶ᠎ᠡ