ᠣᠶᠢᠷ᠎ᠠ ᠳᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠷᠲᠡᠨ ᠤ ᠰᠡᠭᠡᠷᠲᠡᠨ ᠪᠠ ᠡᠷᠲᠡᠨ ᠤ ᠬᠥᠮᠥᠨ ᠲᠥᠷᠥᠯᠬᠢᠲᠡᠨ ᠤ | ᠰᠤᠳᠤᠯᠭᠠᠨ ᠤ ᠭᠠᠵᠠᠷ ᠤᠨ ᠲᠤᠰᠬᠠᠢ ᠮᠡᠷᠭᠡᠵᠢᠯᠲᠡᠨ ᠤᠷᠠᠳ ᠤᠨ ᠬᠤᠶᠢᠲᠤ ᠬᠤᠰᠢᠭᠤᠨ ᠤ ᠪᠠᠶᠠᠨᠮᠠᠨᠳᠤᠬᠤ ᠶᠢᠨ ᠠᠪᠤᠷᠭᠤ ᠭᠦᠷᠪᠡᠯ ᠤᠨ ᠴᠢᠯᠠᠭᠤᠵᠢᠮᠠᠯ ᠤᠨ ᠭᠠᠵᠠᠷ | ᠰᠢᠨᠵᠢᠯᠡᠭᠡᠨ ᠤ ᠦᠯᠡᠳᠡᠭᠳᠡᠯ ᠳᠤ ᠡᠷᠲᠡᠨ ᠤ ᠠᠮᠢᠳᠤ ᠪᠣᠳᠠᠰ ᠤᠨ ᠭᠠᠵᠠᠷ ᠰᠢᠨᠵᠢᠯᠡᠭᠡᠨ ᠤ ᠪᠠᠶᠢᠴᠠᠭᠠᠯᠲᠠ ᠬᠢᠵᠦ ᠪᠠᠶᠢᠨ᠎ᠠ᠃ | ᠲᠣᠰ ᠤᠳᠠᠭᠠᠨ ᠤ ᠪᠠᠶᠢᠴᠠᠭᠠᠯᠲᠠ ᠳᠤ ᠶᠡᠭᠡ ᠬᠡᠮᠵᠢᠶᠡᠨ ᠤ ᠠᠪᠤᠷᠭᠤ ᠭᠦᠷᠪᠡᠯ ᠤᠨ ᠴᠢᠯᠠᠭᠤᠵᠢᠮᠠᠯ ᠤᠨ ᠬᠡᠮᠬᠡᠳᠡᠭ ᠢ ᠢᠯᠡᠷᠡᠭᠦᠯᠵᠡᠢ᠂ ᠠᠷᠤᠭ ᠶᠠᠰᠤᠨ ᠤ | ᠬᠡᠯᠪᠡᠷᠢ ᠳᠦᠷᠰᠦ ᠶᠢ ᠦᠨᠳᠦᠰᠦᠯᠡᠨ ᠠᠩᠬᠠᠨ ᠤ ᠡᠪᠡᠷᠲᠦ ᠭᠦᠷᠪᠡᠯ ᠤᠨ ᠴᠢᠯᠠᠭᠤᠵᠢᠮᠠᠯ ᠤᠨ ᠬᠡᠮᠬᠡᠳᠡᠭ ᠢ ᠠᠩᠬ᠎ᠠ ᠠᠯᠬᠤᠮ ᠮᠠᠭᠠᠳᠯᠠᠵᠠᠢ᠃ ᠠᠩᠬᠠᠨ ᠤ ᠡᠪᠡᠷᠲᠦ | ᠠᠪᠤᠷᠭᠤ ᠭᠦᠷᠪᠡᠯ ᠪᠣᠯ ᠠᠽᠢᠶ᠎ᠠ ᠲᠢᠪ ᠲᠤ ᠠᠮᠢᠳᠤᠷᠠᠵᠤ ᠪᠠᠶᠢᠭ᠎ᠠ ᠴᠠᠷᠳᠠ ᠶᠢᠨ ᠭᠠᠯᠪᠠ ᠶᠢᠨ ᠡᠪᠡᠰᠦᠨ ᠢᠳᠡᠰᠢᠲᠦ ᠠᠪᠤᠷᠭᠤ ᠭᠦᠷᠪᠡᠯ᠂ ᠪᠡᠶ᠎ᠡ ᠶᠢᠨ ᠬᠦᠨᠳᠦ ᠨᠢ 40 | ᠺᠢᠯᠣᠭ᠍ᠷᠠᠮ ᠠᠴᠠ 180 ᠺᠢᠯᠣᠭ᠍ᠷᠠᠮ᠂ ᠪᠡᠶ᠎ᠡ ᠶᠢᠨ ᠣᠷᠳᠣ ᠨᠢ 3 ᠮᠧᠳ᠋ᠷ ᠪᠠᠶᠢᠳᠠᠭ᠃ | |