10 ᠰᠠᠷ᠎ᠠ ᠶᠢᠨ 16 ᠤ ᠦᠳᠡ ᠶᠢᠨ ᠡᠮᠦᠨ᠎ᠡ᠂ ᠪᠦᠬᠦ ᠣᠷᠣᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠥᠬᠡᠬᠤᠲᠠ ᠳᠤ ᠡᠬᠢᠯᠡᠭᠰᠡᠨ ᠪᠥᠭᠡᠳ | ᠬᠤᠶᠠᠷ ᠤᠳᠠᠭ᠎ᠠ ᠬᠤᠷᠠᠯᠳᠤᠬᠤ ᠪᠣᠯᠣᠨ᠎ᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠤ ᠴᠧᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠬᠢᠯᠡᠵᠦ᠂ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠣᠷᠣᠨ ᠨᠤᠲᠤᠭ ᠤᠨ ᠠᠵᠤ ᠠᠬᠤᠢ ᠶᠢᠨ ᠵᠤᠷᠭᠠᠨ ᠤ ᠳᠡᠳ᠋ ᠳᠠᠷᠤᠭ᠎ᠠ ᠯᠢ ᠫᠢᠩ ᠲᠥᠷᠦ ᠶᠢᠨ | ᠶᠠᠪᠤᠳᠠᠯ ᠤᠨ ᠬᠤᠷᠢᠶ᠎ᠠ ᠶᠢᠨ ︽ᠥᠪᠥᠷ ᠮᠣᠩᠭᠤᠯ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠤᠨ ᠵᠣᠷᠢᠭ ᠰᠠᠨᠠᠭ᠎ᠠ ᠳᠤ ᠲᠠᠶᠢᠯᠤᠮᠵᠢ ᠬᠢᠪᠡ᠃ | ᠡᠨᠡ ᠤᠳᠠᠭ᠎ᠠ ᠶᠢᠨ ᠬᠤᠷᠠᠯ ᠤᠨ ᠭᠤᠣᠯ ᠡᠭᠦᠷᠭᠡ ᠪᠣᠯ᠄ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ ︽ᠰᠢᠨ᠎ᠡ ᠵᠠᠮ ᠢ ᠨᠡᠭᠡᠭᠡᠵᠦ᠂ ᠳᠤᠮᠳᠠ | ᠲᠥᠪᠰᠢᠨ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠲᠠᠢ ᠨᠢᠭᠲᠠ ᠤᠶᠠᠯᠳᠤᠭᠤᠯᠵᠤ᠂ ᠨᠠᠮ ᠤᠨ ᠲᠥᠪ ᠬᠤᠷᠢᠶ᠎ᠠ ᠶᠢᠨ ᠣᠶᠢᠷ᠎ᠠ ᠶᠢᠨ ᠬᠤᠭᠤᠴᠠᠭᠠᠨ ᠳᠤ | ᠬᠤᠷᠠᠯᠳᠤᠭᠤᠯᠤᠭᠰᠠᠨ ᠠᠯᠢ ᠣᠯᠠᠨ ᠴᠢᠬᠤᠯᠠ ᠬᠤᠷᠠᠯ ᠤᠨ ᠵᠣᠷᠢᠭ ᠰᠠᠨᠠᠭ᠎ᠠ ᠪᠣᠯᠣᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠥᠪᠥᠷ ᠮᠣᠩᠭᠤᠯ ᠤᠨ ᠴᠢᠨᠠᠷ | ᠰᠠᠶᠢᠲᠠᠢ ᠬᠦᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶ᠋ᠢᠨ ᠪᠢᠴᠢᠭᠯᠡᠬᠦ ᠲᠤᠬᠠᠢ ᠰᠠᠨᠠᠯ︾ | ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠪᠦᠬᠦ ᠣᠷᠣᠨ ᠤ ᠭᠤᠣᠯᠳᠠᠯᠭ᠎ᠠ ᠲᠠᠢ ᠠᠵᠢᠯ ᠢ ᠰᠣᠳᠣᠯᠣᠨ ᠪᠠᠶᠢᠷᠢᠯᠠᠭᠤᠯᠤᠨ᠎ᠠ᠃ | ᠲᠤᠰ ᠤᠳᠠᠭ᠎ᠠ ᠶᠢᠨ ᠬᠤᠷᠠᠯ ᠠᠴᠠ ᠲᠤᠰᠬᠠᠶᠢᠯᠠᠨ ᠬᠤᠶᠠᠷ ᠤᠳᠠᠭ᠎ᠠ ᠬᠠᠭᠠᠰ ᠡᠳᠦᠷ ᠤᠨ ᠴᠠᠭ ᠢ ᠳᠣᠬᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠱᠦᠵᠢ ᠰᠦᠨ ᠱᠣᠤ ᠴᠧᠩ ᠤᠨ ᠶᠠᠷᠢᠶ᠎ᠠ ᠪᠣᠯᠣᠨ ᠮᠠᠨ ᠤ ᠣᠷᠣᠨ ᠤ ᠢᠵᠢ ᠪᠦᠷᠢᠳᠦᠭᠦᠯᠦᠨ ᠨᠠᠶᠢᠲᠡᠯᠡᠬᠦ ᠪᠠᠷ ᠪᠠᠶᠢᠭ᠎ᠠ 7 ᠪᠢᠴᠢᠭ | ᠮᠠᠲ᠋ᠧᠷᠢᠶᠠᠯ ᠢ ᠳᠤᠭᠤᠶᠢᠯᠠᠩ ᠬᠤᠪᠢᠶᠠᠨ ᠶᠠᠷᠢᠯᠴᠠᠬᠤ ᠪᠣᠯᠣᠨ᠎ᠠ᠃ | |