ᠣᠳᠣᠬᠠᠨ ᠳᠤ᠂ ᠤᠰᠤᠯᠠᠯᠲᠠ ᠶᠢᠨ ᠰᠤᠪᠠᠭ ᠤᠨ ᠬᠠᠭᠠᠯᠲᠠ ᠶᠢ ᠨᠡᠭᠡᠭᠡᠵᠦ ᠠᠮᠠᠰᠠᠷ ᠢ ᠲᠠᠯᠪᠢᠬᠤ ᠶᠢ ᠳᠠᠭᠠᠯᠳᠤᠨ᠂ ᠮᠠᠨ ᠬᠤᠶ ᠪᠠᠯᠭᠠᠰᠤ ᠪᠣᠳᠠᠲᠠᠶ ᠳᠤ | ᠰᠠᠭᠤᠷᠢᠯᠠᠨ᠂ ᠪᠥᠬᠦ ᠪᠠᠯᠭᠠᠰᠤᠨ ᠤ ᠨᠠᠮᠤᠷ ᠤᠨ ᠤᠰᠤᠯᠠᠯᠲᠠ ᠶᠢᠨ ᠪᠠᠶᠢᠳᠠᠯ᠂ ᠲᠠᠷᠢᠶᠠᠯᠠᠩ ᠤᠨ ᠪᠠᠶᠢᠳᠠᠯ᠂ ᠠᠵᠢᠯ ᠤᠨ ᠪᠠᠶᠢᠳᠠᠯ ᠵᠡᠷᠭᠡ ᠣᠨᠴᠠᠯᠢᠭ ᠢ ᠨᠢᠭᠡᠳᠦᠯᠲᠡᠶ | ᠲᠥᠯᠥᠪᠯᠡᠨ ᠪᠣᠳᠣᠯᠬᠢᠯᠠᠵᠤ᠂ ᠡᠷᠲᠡ ᠠᠴᠠ ᠲᠥᠯᠥᠪᠵᠢᠭᠦᠯᠬᠦ᠂ ᠲᠣᠬᠢᠷᠠᠭᠤᠯᠬᠤ ᠶᠢ ᠠᠳᠬᠤᠬᠤ᠂ ᠨᠠᠷᠢᠨ ᠲᠠᠩᠰᠠ ᠪᠤᠳᠤᠵᠤ᠂ ᠥᠷᠭᠡᠨ ᠢᠶᠠᠷ ᠤᠬᠠᠭᠤᠯᠬᠤ ᠪᠠᠷ | ᠳᠠᠮᠵᠢᠭᠤᠯᠤᠨ᠂ ᠨᠠᠮᠤᠷ ᠤᠨ ᠤᠰᠤᠯᠠᠯᠲᠠ ᠶᠢᠨ ︽ᠤᠰᠤ ᠬᠡᠷᠡᠭᠯᠡᠬᠦ ᠠᠵᠢᠯ︾ ᠢ ᠪᠥᠬᠦ ᠲᠠᠯ᠎ᠠ ᠪᠠᠷ ᠰᠠᠶᠢᠲᠤᠷ ᠬᠢᠵᠦ᠂ ᠡᠨᠡ ᠵᠢᠯ ᠤᠨ ᠨᠠᠮᠤᠷ ᠤᠨ ᠤᠰᠤᠯᠠᠯᠲᠠ ᠶᠢᠨ | ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠤᠰᠤ ᠠᠷᠪᠢᠯᠠᠬᠤ ᠣᠷᠣᠯᠭ᠎ᠠ ᠶᠢᠨ ︽ᠬᠤᠤᠰ ᠢᠯᠠᠯᠲᠠ︾ ᠶᠢᠨ | ᠪᠠᠲᠤᠯᠠᠭ᠎ᠠ ᠶᠢ ᠪᠡᠶᠡᠯᠡᠭᠦᠯᠦᠨ᠎ᠡ᠃ | ᠤᠷᠢᠳᠴᠢᠯᠠᠨ ᠲᠥᠯᠥᠪᠯᠡᠬᠦ ᠶᠢ ᠴᠢᠬᠤᠯᠠᠴᠢᠯᠠᠨ ᠤᠷᠢᠳᠴᠢᠯᠠᠨ ᠪᠣᠳᠠᠲᠠᠢ ᠠᠷᠭ᠎ᠠ ᠭᠠᠷᠭᠠᠬᠤ | ︽ᠰᠢᠶᠠᠩ ᠪᠠᠯᠭᠠᠰᠤ ᠶᠢ ᠨᠢᠭᠡᠳᠦᠯᠲᠡᠶ ᠲᠥᠯᠥᠪᠯᠡᠬᠦ᠂ ᠬᠤᠷᠰᠢᠶ᠎ᠠ ᠶᠢᠨ ᠬᠠᠮᠢᠶᠠᠷᠤᠯᠲᠠ᠂ ᠲᠣᠰᠬᠤᠨ ᠤ ᠱᠠᠲᠤᠨ ᠤ ᠨᠠᠶᠢᠳᠠᠪᠤᠷᠢᠵᠢᠭᠤᠯᠤᠯᠲᠠ᠂ | ᠲᠠᠷᠢᠶᠠᠴᠢᠳ ᠤᠨ ᠭᠤᠤᠯ ᠴᠣᠭᠴᠠ︾ ᠳᠥᠷᠪᠡᠨ ᠱᠠᠲᠤ ᠬᠤᠯᠪᠣᠭᠠᠯᠠᠨ ᠬᠥᠳᠡᠯᠦᠯᠴᠡᠭᠰᠡᠨ ᠨᠠᠮᠤᠷ ᠤᠨ ᠲᠠᠷᠢᠶ᠎ᠠ ᠤᠰᠤᠯᠠᠬᠤ ᠠᠵᠢᠯ ᠤᠨ ᠪᠠᠶᠢᠷᠢᠰᠢᠯ ᠢ ᠪᠥᠬᠦ | ᠬᠦᠴᠦᠨ ᠢᠶᠠᠷ ᠢᠶᠠᠨ ᠪᠠᠶᠢᠭᠤᠯᠵᠤ᠂ ︽ᠮᠠᠨ ᠬᠤᠶ ᠪᠠᠯᠭᠠᠰᠤᠨ ᠤ ᠨᠠᠮᠤᠷ ᠤᠨ ᠲᠠᠷᠢᠶ᠎ᠠ ᠤᠰᠤᠯᠠᠬᠤ ᠳᠠᠶᠢᠴᠢᠯᠠᠯᠲᠠ ᠪᠠᠶᠢᠷᠢᠯᠠᠭᠤᠯᠤᠯᠲᠠ᠂ ᠤᠰᠤ ᠠᠷᠪᠢᠯᠠᠬᠤ ᠠᠵᠢᠯ ᠢ | ᠰᠢᠮᠳᠠᠭᠤᠯᠤᠨ ᠪᠠᠶᠢᠴᠠᠭᠠᠬᠤ ᠪᠠ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠪᠠ︔ ︽ᠨᠠᠮ ᠤᠨ ᠡᠭᠦᠷ ᠤᠨ ᠣᠯᠠᠨ ᠲᠦᠮᠡᠨ ᠤ ᠬᠠᠮᠢᠶᠠᠷᠤᠯᠲᠠ ᠶᠢᠨ ᠵᠣᠬᠢᠶᠠᠨ | ᠪᠠᠶᠢᠭᠤᠯᠤᠯᠲᠠ︾ ᠶᠢᠨ ᠬᠠᠮᠢᠶᠠᠷᠤᠯᠲᠠ ᠶᠢᠨ ᠠᠷᠭ᠎ᠠ ᠵᠠᠮ ᠤᠨ ᠵᠠᠭᠪᠤᠷ ᠢᠶᠠᠷ ᠲᠠᠷᠢᠶᠠᠴᠢᠳ ᠤᠨ ᠤᠰᠤᠨ ᠤ ᠶᠠᠪᠤᠳᠠᠯ ᠤᠨ ᠬᠤᠷᠰᠢᠶ᠎ᠠ 8 ᠪᠠᠶᠢᠭᠤᠯᠵᠤ᠂ ᠠᠷᠭ᠎ᠠ ᠵᠠᠮ | ᠶᠣᠰᠣᠭᠠᠷ ︽ᠳᠠᠭᠠᠭᠠᠴᠢᠯᠠᠨ ᠤᠰᠤᠯᠠᠬᠤ ᠳᠤᠭᠤᠶᠢᠯᠠᠩ︾ ᠢ 30 ᠪᠠᠶᠢᠭᠤᠯᠵᠤ᠂ ︽ᠨᠢᠭᠡ ᠬᠦᠷᠵᠡ︾᠂ ︽ᠭᠦᠢᠬᠡᠨ ᠤᠰᠤᠯᠠᠵᠤ ᠲᠦᠷᠭᠡᠨ ᠡᠭᠡᠯᠵᠢᠯᠡᠭᠦᠯᠬᠦ︾ | ᠤᠰᠤᠯᠠᠯᠲᠠ ᠶᠢᠨ ᠠᠷᠭ᠎ᠠ ᠮᠠᠶ᠋ᠢᠭ ᠢ ᠴᠢᠩᠭ᠎ᠠ ᠬᠡᠷᠡᠭᠵᠢᠭᠦᠯᠦᠨ᠎ᠡ︔ ᠲᠣᠰᠬᠤᠨ ᠤ ᠠᠷᠠᠳ ᠢ ᠱᠠᠯᠠᠪᠳᠠᠨ ᠵᠣᠬᠢᠶᠠᠨ ᠪᠠᠶᠢᠭᠤᠯᠵᠤ ᠪᠠᠶᠢᠭᠠᠳ ᠡᠰᠢ ᠰᠦᠷᠡᠯ ᠢ ᠡᠭᠡᠭᠦᠯᠦᠨ | ᠬᠤᠷᠢᠶᠠᠬᠤ᠂ ᠠᠷᠭ᠎ᠠ ᠵᠠᠮ ᠢ ᠤᠬᠢᠶᠠᠵᠤ ᠮᠠᠯᠲᠠᠬᠤ᠂ ᠭᠠᠵᠠᠷ ᠰᠢᠷᠣᠶ ᠶᠢ ᠨᠠᠮᠤᠷ ᠤᠷᠪᠠᠭᠤᠯᠬᠤ ᠵᠡᠷᠭᠡ ᠠᠵᠢᠯ ᠢ ᠥᠷᠨᠢᠭᠦᠯᠵᠦ᠂ ᠡᠷᠲᠡ ᠬᠠᠳᠤᠬᠤ᠂ ᠡᠷᠲᠡ ᠭᠠᠵᠠᠷ | ᠤᠷᠪᠠᠭᠤᠯᠬᠤ᠂ ᠡᠷᠲᠡ ᠲᠡᠭᠰᠢᠯᠡᠬᠦ᠂ ᠴᠠᠭ ᠲᠤᠨᠢ ᠲᠤᠬᠢᠷᠠᠭᠤᠯᠤᠨ ᠪᠣᠭᠤᠮᠲᠠ ᠲᠠᠯᠪᠢᠬᠤ ᠶᠢ ᠪᠡᠶᠡᠯᠡᠭᠦᠯᠵᠦ᠂ ᠨᠠᠮᠤᠷ ᠤᠨ ᠤᠰᠤᠯᠠᠯᠲᠠ ᠶᠢᠨ ᠤᠰᠤ ᠠᠷᠪᠢᠯᠠᠬᠤ | ᠠᠵᠢᠯ ᠢ ᠲᠥᠯᠥᠪᠯᠡᠭᠡ ᠶᠣᠰᠣᠭᠠᠷ ᠲᠡᠭᠦᠰ ᠠᠮᠵᠢᠯᠲᠠ ᠲᠠᠢ ᠪᠡᠶᠡᠯᠡᠭᠦᠯᠪᠡ᠃ | ᠨᠠᠷᠢᠨ ᠲᠠᠩᠰᠠ ᠪᠤᠳᠤᠵᠤ ᠤᠰᠤ ᠶᠢ ᠨᠠᠷᠢᠯᠢᠭ ᠣᠨᠣᠴᠠᠲᠠᠶ ᠪᠠᠷ ᠰᠠᠶᠢᠲᠤᠷ ᠬᠡᠷᠡᠭᠯᠡᠬᠦ | | | ︽ᠡᠷᠲᠡ ᠤᠰᠤᠯᠠᠬᠤ᠂ ᠤᠰᠤ ᠠᠷᠪᠢᠯᠠᠬᠤ᠂ ᠴᠢᠭᠢᠭ ᠬᠠᠳᠠᠭᠠᠯᠠᠬᠤ︾ ᠨᠠᠮᠤᠷ ᠤᠨ ᠤᠰᠤᠯᠠᠯᠲᠠ ᠶᠢᠨ ᠳᠦᠷᠢᠮ ᠢ ᠪᠠᠷᠢᠮᠲᠠᠯᠠᠵᠤ᠂ ︽ᠶᠡᠷᠦᠩᠬᠡᠶ ᠬᠡᠮᠵᠢᠶ᠎ᠡ ᠶᠢ | ᠬᠢᠵᠠᠭᠠᠷᠯᠠᠬᠤ᠂ ᠲᠥᠯᠥᠪᠯᠡᠭᠰᠡᠨ ᠬᠠᠭᠤᠷᠠᠶ ᠭᠠᠵᠠᠷ᠂ ᠭᠦᠢᠴᠡᠳᠭᠡᠬᠦ ᠲᠤᠭ᠎ᠠ ᠶᠢ ᠰᠤᠪᠠᠭ ᠲᠤ ᠬᠦᠷᠭᠡᠬᠦ᠂ ᠪᠣᠭᠤᠮᠲᠠ ᠶᠢ ᠭᠦᠢᠬᠡᠨ ᠲᠠᠲᠠᠬᠤ︾ ᠤᠰᠤ ᠬᠠᠩᠭᠠᠬᠤ | ᠵᠠᠷᠴᠢᠮ ᠶᠣᠰᠣᠭᠠᠷ᠂ ︽ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠪᠠ ᠨᠣᠷᠮ᠎ᠠ ᠲᠣᠭᠲᠠᠭᠠᠨ ᠬᠠᠮᠢᠶᠠᠷᠬᠤ︾ ᠶᠢ ᠤᠶᠠᠯᠳᠤᠭᠤᠯᠤᠭᠰᠠᠨ ᠤᠰᠤᠯᠠᠯᠲᠠ ᠶᠢᠨ | ᠬᠠᠮᠢᠶᠠᠷᠤᠯᠲᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠪᠡ︔ ᠲᠠᠷᠢᠶᠠᠨ ᠭᠠᠵᠠᠷ ᠢ ᠠᠰᠢᠭᠯᠠᠭᠰᠠᠨ ᠠᠴᠠ ᠪᠣᠯᠵᠤ ᠠᠮᠵᠢᠯᠲᠠ ᠲᠠᠢ ᠤᠰᠤ ᠠᠷᠪᠢᠯᠠᠭᠰᠠᠨ | ᠲᠤᠷᠰᠢᠯᠭ᠎ᠠ ᠪᠠᠷ ᠲᠣᠯᠢ ᠪᠣᠯᠭᠠᠵᠤ᠂ ᠲᠠᠷᠢᠶᠠᠨ ᠭᠠᠵᠠᠷ ᠢ ᠲᠡᠭᠰᠢᠯᠡᠨ ᠬᠡᠰᠡᠭ ᠢ ᠪᠠᠭᠠᠰᠬᠠᠬᠤ᠂ ᠭᠤᠤᠷᠰᠤ ᠭᠤᠤᠷᠰᠤ ᠶᠢ ᠨᠠᠮᠤᠷ ᠤᠰᠤᠯᠠᠬᠤ ᠵᠡᠷᠭᠡ ᠠᠷᠭ᠎ᠠ ᠶᠢ ᠶᠡᠬᠡᠪᠡᠷ | ᠳᠡᠯᠭᠡᠷᠡᠭᠦᠯᠵᠦ᠂ 4 ᠰᠠᠭᠤᠷᠢ 9 ᠬᠡᠰᠡᠭ ᠭᠠᠵᠠᠷ ᠲᠤ ᠤᠰᠤ ᠬᠠᠩᠭᠠᠵᠤ᠂ ᠪᠠᠯᠭᠠᠰᠤ ᠲᠣᠰᠬᠤᠨ ᠨᠢᠭᠡᠳᠦᠯ ᠤᠨ ᠺᠠᠳ᠋ᠷ᠂ ︽ᠳᠠᠭᠠᠭᠠᠴᠢᠯᠠᠨ ᠤᠰᠤᠯᠠᠬᠤ ᠳᠤᠭᠤᠶᠢᠯᠠᠩ︾ | ᠤᠨ ᠬᠠᠷᠢᠭᠤᠴᠠᠯᠭ᠎ᠠ ᠶᠢ ᠬᠤᠪᠢᠶᠠᠷᠢᠯᠠᠵᠤ᠂ ᠨᠠᠮᠤᠷ ᠤᠨ ᠤᠰᠤᠯᠠᠯᠲᠠ ᠶᠢᠨ ᠠᠷᠭ᠎ᠠ ᠵᠠᠮ᠂ ᠤᠰᠤᠨ ᠤ ᠬᠡᠮᠵᠢᠶ᠎ᠡ ᠵᠢᠴᠢ ᠪᠣᠭᠤᠮᠲᠠ ᠨᠡᠭᠡᠭᠡᠬᠦ ᠴᠠᠭ ᠤᠨ | ᠲᠣᠬᠢᠷᠠᠭᠤᠯᠤᠯᠲᠠ ᠶᠢ ᠲᠣᠳᠣᠷᠬᠠᠶ ᠪᠣᠯᠭᠠᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠨ᠂ ᠡᠭᠦᠷᠭᠡ ᠬᠠᠷᠢᠭᠤᠴᠠᠯᠭ᠎ᠠ ᠶᠢ ᠨᠠᠷᠢᠯᠢᠭᠵᠢᠭᠤᠯᠵᠤ᠂ | ᠨᠠᠷᠢᠨ ᠨᠢᠭᠲᠠ ᠪᠤᠳᠤᠵᠤ ᠳᠤᠰᠤᠯ ᠤᠰᠤ ᠨᠢᠭᠡᠪᠦᠷᠢ ᠶᠢ ᠰᠠᠶᠢᠲᠤᠷ ᠬᠡᠷᠡᠭᠯᠡᠬᠦ ᠶᠢ ᠪᠡᠶᠡᠯᠡᠭᠦᠯᠪᠡ᠃ | ᠲᠣᠬᠢᠷᠠᠭᠤᠯᠤᠯᠲᠠ ᠶᠢ ᠠᠳᠬᠤᠵᠤ ᠰᠢᠨᠵᠢᠯᠡᠬᠦ ᠤᠬᠠᠭᠠᠨᠴᠢ ᠪᠠᠷ ᠤᠰᠤ ᠬᠠᠩᠭᠠᠬᠤ ᠶᠢ ᠪᠠᠲᠤᠯᠠᠨ᠎ᠠ | | | ᠨᠠᠷᠢᠯᠢᠬᠵᠢᠭᠤᠯᠤᠨ ᠲᠣᠬᠢᠷᠠᠭᠤᠯᠬᠤ ᠬᠠᠮᠢᠶᠠᠷᠤᠯᠲᠠ ᠶᠢ ᠦᠷᠭᠦᠯᠵᠢᠯᠡᠨ ᠠᠬᠢᠭᠤᠯᠵᠤ᠂ ᠡᠳᠦᠷ ᠳᠠᠷᠠᠭᠠᠯᠠᠨ ᠤᠰᠤ ᠬᠡᠷᠡᠭᠯᠡᠬᠦ ᠲᠥᠯᠥᠪᠯᠡᠭᠡ ᠶᠢ ᠲᠣᠭᠲᠠᠭᠠᠨ᠂ | ᠡᠭᠡᠯᠵᠢᠯᠡᠨ ᠦᠷᠭᠦᠯᠵᠢᠯᠡᠭᠦᠯᠬᠦ ᠶᠢ ᠤᠶᠠᠯᠳᠤᠭᠤᠯᠵᠤ᠂ ᠥᠨᠳᠥᠷ ᠳᠣᠤᠷ᠎ᠠ ᠰᠤᠪᠠᠭ ᠢ ᠡᠮᠬᠢ ᠵᠢᠷᠤᠮ ᠲᠠᠢ ᠪᠠᠷ ᠤᠰᠤᠯᠠᠬᠤ ᠶᠢ ᠪᠡᠶᠡᠯᠡᠭᠦᠯᠬᠦ ᠬᠡᠷᠡᠭᠲᠡᠶ᠃ ᠪᠠᠯᠭᠠᠰᠤᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠲᠦᠷᠦᠭᠦᠯᠡᠨ ᠨᠠᠮᠤᠷ ᠤᠨ ᠤᠰᠤᠯᠠᠯᠲᠠ ᠶᠢᠨ ᠤᠰᠤ ᠠᠷᠪᠢᠯᠠᠬᠤ ᠠᠵᠢᠯ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ | ᠪᠠᠶᠢᠭᠤᠯᠵᠤ᠂ ᠣᠯᠠᠨ ᠵᠦᠶ᠋ᠯ ᠤᠨ ᠠᠷᠭ᠎ᠠ ᠮᠠᠶ᠋ᠢᠭ ᠢ ᠠᠪᠴᠤ ᠨᠠᠮᠤᠷ ᠤᠨ ᠤᠰᠤᠯᠠᠯᠲᠠ ᠶᠢᠨ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ | ᠨᠠᠮᠤᠷ ᠤᠨ ᠤᠰᠤᠯᠠᠯᠲᠠ ᠶᠢᠨ ᠤᠰᠤ ᠠᠷᠪᠢᠯᠠᠬᠤ ᠢᠨᠵᠧᠨᠧᠷᠢᠩ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠨ᠎ᠠ︔ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠬᠠᠮᠢᠶ᠎ᠠ | ᠪᠦᠬᠦᠢ ᠬᠠᠷᠢᠭᠤᠴᠠᠯᠭᠠᠲᠤ ᠰᠠᠯᠠᠭ᠎ᠠ ᠮᠥᠴᠢᠷ ᠲᠠᠢ ᠨᠡᠪᠲᠡᠷᠡᠯᠴᠡᠵᠦ᠂ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠵᠦ᠂ | ᠨᠠᠮᠤᠷ ᠤᠨ ᠤᠰᠤᠯᠠᠯᠲᠠ ᠶᠢᠨ ᠠᠵᠢᠯ ᠤᠨ ᠳᠤᠮᠳᠠᠬᠢ ᠡᠯ᠎ᠡ ᠵᠦᠶ᠋ᠯ ᠤᠨ ᠬᠦᠴᠢᠷᠳᠡᠯ ᠪᠣᠯᠤᠨ ᠵᠥᠷᠢᠴᠡᠯ ᠢ ᠰᠢᠶ᠋ᠳᠪᠦᠷᠢᠯᠡᠵᠦ᠂ ᠨᠠᠮᠤᠷ ᠤᠨ ᠤᠰᠤᠯᠠᠯᠲᠠ ᠶᠢᠨ ᠠᠵᠢᠯ ᠢ | ᠦᠨᠡᠨᠬᠦ ᠰᠠᠶᠢᠲᠤᠷ ᠠᠳᠬᠤᠵᠤ ᠨᠠᠷᠢᠯᠢᠭ ᠠᠳᠬᠤᠵᠤ ᠪᠣᠳᠠᠲᠠᠶ ᠠᠳᠬᠤᠬᠤ ᠬᠡᠷᠡᠭᠲᠡᠶ᠃ | ᠣᠯᠠᠨ ᠲᠦᠮᠡᠨ ᠤ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠪᠠ | ᠨᠠᠮ ᠤᠨ ᠭᠡᠰᠢᠭᠦᠨ ᠤᠳᠤᠷᠢᠳᠬᠤ ᠺᠠᠳ᠋ᠷ᠂ ᠲᠠᠷᠢᠶᠠᠴᠢᠳ ᠤᠨ ᠤᠰᠤᠨ ᠤ ᠶᠠᠪᠤᠳᠠᠯ ᠤᠨ ᠬᠤᠷᠰᠢᠶ᠎ᠠ ᠶᠢᠨ ᠭᠡᠰᠢᠭᠦᠨ᠂ ︽ᠳᠠᠭᠠᠭᠠᠴᠢᠯᠠᠨ ᠤᠰᠤᠯᠠᠬᠤ | ᠳᠤᠭᠤᠶᠢᠯᠠᠩ︾ ᠪᠡᠶ᠎ᠡ ᠪᠠᠷ ᠢᠶᠠᠨ ᠬᠡᠪ ᠲᠦᠷᠢᠮ ᠪᠣᠯᠵᠣ᠂ ᠤᠷᠢᠳᠠᠪᠠᠷ ᠥᠯᠢᠭᠡᠷ ᠳᠠᠭᠤᠷᠢᠶᠠᠯ ᠪᠣᠯᠵᠣ᠂ ᠨᠠᠮᠤᠷ ᠤᠨ ᠤᠰᠤᠯᠠᠯᠲᠠ ᠶᠢᠨ ᠬᠤᠷᠠᠯ᠂ ᠬᠤᠷᠰᠢᠶᠠᠨ ᠤ | ᠠᠵᠢᠯᠲᠠᠨ ᠤ ᠬᠤᠷᠠᠯ᠂ ᠬᠡᠷ ᠲᠤᠨᠢ ᠬᠦᠷᠴᠦ ᠡᠷᠦᠬᠡ ᠳᠤ ᠬᠦᠷᠴᠦ᠂ ᠬᠥᠨᠳᠡᠯᠡᠨ ᠪᠢᠴᠢᠭᠡᠰᠦ ᠡᠯᠭᠦᠬᠦ᠂ ᠣᠯᠠᠨ ᠨᠡᠶᠢᠲᠡ ᠶᠢᠨ ᠳ᠋ᠤᠭᠠᠷ᠂ ᠸᠢᠴᠠᠲ ᠤᠨ ᠴᠤᠭᠯᠠᠷᠠᠯ | ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ᠬᠤᠯᠪᠣᠭᠠᠯᠠᠨ ᠬᠥᠳᠡᠯᠦᠯᠴᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠭᠡᠨ ᠣᠯᠠᠨ ᠲᠠᠷᠢᠶᠠᠴᠢᠨ | ᠡᠷᠦᠬᠡ ᠳᠤ ᠨᠠᠮᠤᠷ ᠤᠨ ᠤᠰᠤᠯᠠᠯᠲᠠ ᠶᠢ ᠠᠷᠪᠢᠯᠠᠬᠤ ᠲᠥᠷᠥ ᠶᠢᠨ ᠪᠣᠳᠣᠯᠭ᠎ᠠ ᠶᠢ ᠲᠣᠳᠣᠷᠬᠠᠶ ᠶᠠᠷᠢᠵᠤ᠂ ᠲᠠᠷᠢᠶᠠᠨ ᠭᠠᠵᠠᠷ ᠢ ᠲᠡᠭᠰᠢᠯᠡᠬᠦ᠂ ᠭᠦᠶᠦᠭᠡᠨ ᠤᠰᠤᠯᠠᠵᠤ | ᠲᠦᠷᠭᠡᠨ ᠡᠭᠡᠯᠵᠢᠯᠡᠭᠦᠯᠬᠦ᠂ ᠣᠯᠠᠨ ᠲᠦᠮᠡᠨ ᠤ ᠬᠠᠮᠢᠶᠠᠷᠤᠯᠲᠠ ᠶᠢᠨ ᠰᠤᠪᠠᠭ ᠢ ᠪᠥᠭᠯᠡᠬᠦ᠂ ᠠᠮᠠᠰᠠᠷ ᠢ ᠰᠡᠯᠪᠢᠨ ᠵᠠᠰᠠᠬᠤ ᠵᠡᠷᠭᠡ ᠡᠯ᠎ᠡ ᠵᠦᠢᠯ ᠤᠨ ᠤᠰᠤ ᠠᠷᠪᠢᠯᠠᠬᠤ | ᠴᠢᠬᠢᠭ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠬᠥᠲᠥᠯᠦᠨ ᠵᠢᠯᠣᠭᠤᠳᠴᠤ ᠲᠦᠭᠡᠮᠡᠯᠵᠢᠭᠦᠯᠦᠨ᠂ ᠶᠡᠭᠡ ᠤᠰᠤ ᠪᠠᠷ ᠬᠠᠯᠢᠨ ᠤᠰᠤᠯᠠᠬᠤ᠂ ᠭᠦᠨ ᠤᠰᠤᠯᠠᠬᠤ | ᠦᠵᠡᠯᠲᠡ ᠶᠢ ᠬᠤᠪᠢᠷᠠᠭᠤᠯᠵᠤ᠂ ᠨᠠᠮᠤᠷ ᠤᠨ ᠤᠰᠤᠯᠠᠯᠲᠠ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠥᠮᠦᠨ ᠪᠦᠬᠦᠨ ᠳᠤ ᠮᠡᠳᠡᠭᠦᠯᠵᠦ᠂ ᠪᠥᠬᠦ | ᠪᠠᠯᠭᠠᠰᠤᠨ ᠤ ᠬᠦᠴᠦᠨ ᠢ ᠳᠠᠶᠢᠴᠢᠯᠠᠨ ᠨᠠᠮᠤᠷ ᠤᠨ ᠤᠰᠤᠯᠠᠯᠲᠠ ᠶᠢᠨ ᠤᠰᠤ ᠠᠷᠪᠢᠯᠠᠬᠤ ᠴᠢᠬᠢᠭ ᠢ ᠪᠠᠲᠤᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ |