ᠮᠧᠩ ᠬᠠᠶ ᠪᠠᠯᠭᠠᠰᠤ ᠭᠤᠷᠪᠠᠨ ᠱᠠᠲᠤᠨ ᠤ ᠺᠠᠳ᠋ᠷ ᠤᠨ ᠨᠠᠮᠤᠷ ᠠᠮᠤ ᠪᠤᠳᠠᠭ᠎ᠠ ᠤᠰᠤᠯᠠᠬᠤ ᠠᠵᠢᠯ ᠤᠨ ᠲᠤᠬᠠᠶ ᠶᠢᠨ ᠲᠠᠯᠠᠪᠤᠷ ᠤᠨ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/20
      ᠨᠠᠮᠤᠷ ᠤᠨ ᠤᠰᠤᠯᠠᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠨᠠᠮᠤᠷ ᠤᠨ ᠤᠰᠤᠯᠠᠯᠲᠠ ᠶᠢ ᠡᠷᠴᠢᠮᠲᠡᠶ᠂ ᠡᠮᠬᠢ ᠵᠢᠷᠤᠮ ᠲᠠᠢ᠂ ᠪᠦᠲᠦᠮᠵᠢᠲᠡᠶ ᠥᠷᠨᠢᠭᠦᠯᠬᠦ ᠶᠢ ᠪᠠᠲᠤᠯᠠᠬᠤ ᠶᠢᠨ ᠲᠥᠯᠥᠭᠡ᠂ 10 ᠰᠠᠷ᠎ᠠ ᠶᠢᠨ 19 ᠤ ᠡᠳᠦᠷ᠂ ᠮᠧᠩ ᠬᠠᠶ ᠪᠠᠯᠭᠠᠰᠤ ᠭᠤᠷᠪᠠᠨ ᠱᠠᠲᠤᠨ ᠤ ᠺᠠᠳ᠋ᠷᠴᠤᠳ ᠤᠨ ᠨᠠᠮᠤᠷ ᠤᠨ ᠠᠮᠤ ᠪᠤᠳᠠᠭ᠎ᠠ ᠤᠰᠤᠯᠠᠬᠤ ᠠᠵᠢᠯ ᠤᠨ ᠲᠤᠬᠠᠶ ᠶᠢᠨ ᠲᠠᠯᠠᠪᠤᠷ ᠤᠨ ᠠᠬᠢᠭᠤᠯᠬᠤ ᠬᠤᠷᠠᠯ ᠬᠤᠷᠠᠯᠳᠤᠭᠤᠯᠪᠠ᠃
W020231020354068041945.png
      ᠬᠤᠷᠠᠯ ᠳᠡᠭᠡᠷ᠎ᠡ᠂ ᠬᠤᠰᠢᠭᠤᠨ ᠤ ᠲᠠᠷᠢᠶᠠᠯᠠᠩ ᠤᠨ ᠣᠨᠴᠠ ᠶᠡᠭᠡ ᠤᠰᠤ ᠠᠷᠪᠢᠯᠠᠬᠤ ᠤᠰᠤᠨ ᠤ ᠵᠥᠪᠯᠡᠭᠴᠢ ᠯᠢᠦ ᠶᠦᠩ ᠾᠧ ᠨᠠᠮᠤᠷ ᠤᠨ ᠤᠰᠤᠯᠠᠯᠲᠠ ᠶᠢᠨ ᠤᠰᠤ ᠠᠷᠪᠢᠯᠠᠬᠤ ᠳᠤ ᠴᠢᠭᠯᠡᠭᠦᠯᠦᠨ ᠲᠤᠬᠠᠶ ᠶᠢᠨ ᠲᠠᠯᠠᠪᠠᠶ ᠳᠤ ᠪᠣᠯᠪᠠᠰᠤᠷᠠᠯ ᠬᠢᠵᠦ ᠵᠢᠭᠠᠨ ᠵᠢᠯᠣᠭᠤᠳᠴᠤ᠂ ᠭᠡᠰᠢᠭᠦᠳ ᠤᠨ ᠲᠥᠯᠥᠭᠡᠯᠡᠭᠴᠢ ᠲᠣᠰ ᠲᠣᠰ ᠥᠪᠡᠷ ᠥᠪᠡᠷ ᠤᠨ ᠭᠠᠵᠠᠷ ᠲᠡᠭᠰᠢᠯᠡᠵᠦ ᠬᠡᠰᠡᠭᠯᠡᠨ ᠪᠠᠭᠠᠰᠬᠠᠬᠤ ᠪᠠ ᠭᠦᠶᠦᠭᠡᠨ ᠤᠰᠤᠯᠠᠬᠤ ᠲᠦᠷᠭᠡᠨ ᠡᠭᠡᠯᠵᠢᠯᠡᠭᠦᠯᠬᠦ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢᠶᠠᠨ ᠬᠤᠪᠢᠶᠠᠯᠴᠠᠭᠰᠠᠨ ᠪᠥᠭᠡᠳ ᠲᠤᠬᠠᠶ ᠶᠢᠨ ᠲᠠᠯᠠᠪᠠᠶ ᠳᠤ ᠲᠣᠭᠤᠷᠢᠨ ᠦᠵᠡᠵᠦ ᠰᠣᠯᠢᠯᠴᠠᠪᠠ᠃      ᠮᠧᠩ ᠬᠠᠶ ᠪᠠᠯᠭᠠᠰᠤᠨ ᠤ ᠨᠠᠮ ᠤᠨ ᠬᠤᠷᠢᠶᠠᠨ ᠤ ᠱᠦᠵᠢ᠄ ᠶᠠᠩ ᠵᠧᠩ      ᠥᠨᠥᠳᠦᠷ ᠪᠢᠳᠡ ᠬᠤᠷᠠᠯ ᠢ ᠲᠠᠷᠢᠶᠠᠨ ᠭᠠᠵᠠᠷ ᠲᠤ ᠬᠦᠷᠭᠡᠵᠦ᠂ ᠬᠤᠷᠠᠯ ᠤᠨ ᠲᠠᠯᠠᠪᠠᠶ ᠶᠢ ᠨᠠᠮᠤᠷ ᠤᠨ ᠤᠰᠤᠯᠠᠯᠲᠠ ᠶᠢᠨ ᠲᠤᠬᠠᠶ ᠶᠢᠨ ᠲᠠᠯᠠᠪᠠᠶ ᠳᠤ ᠨᠡᠭᠦᠯᠭᠡᠵᠦ᠂ ᠮᠠᠨ ᠤ ᠲᠠᠷᠢᠶᠠᠴᠢᠨ ᠨᠠᠶᠢᠵᠠ ᠨᠠᠷ ᠲᠤ ᠨᠠᠮᠤᠷ ᠤᠨ ᠤᠰᠤᠯᠠᠯᠲᠠ ᠶᠢᠨ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠨᠠᠩ ᠰᠢᠭᠤᠳ ᠣᠶᠢᠯᠠᠭᠠᠭᠤᠯᠵᠤ᠂ ᠲᠠᠷᠠᠭᠠᠴᠢ ᠶᠢᠨ ᠠᠯᠬᠤᠮ ᠳᠤ᠂ ᠮᠤᠩ ᠬᠠᠶ ᠪᠠᠯᠭᠠᠰᠤ ᠤᠬᠠᠭᠤᠯᠵᠤ ᠬᠥᠲᠥᠯᠦᠨ ᠵᠢᠯᠣᠭᠤᠳᠬᠤ ᠪᠠᠨ ᠪᠥᠬᠦ ᠲᠠᠯ᠎ᠠ ᠪᠠᠷ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ ᠨᠢᠭᠡ ᠪᠣᠭᠤᠮᠲᠠ ᠲᠠᠯᠪᠢᠬᠤ ᠤᠰᠤᠯᠠᠯᠲᠠ ᠶᠢᠨ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ︽ᠨᠢᠭᠡ ᠬᠦᠷᠵᠡ︾ ᠤᠰᠤᠯᠠᠬᠤ ᠭᠠᠵᠠᠷ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠦᠶᠦᠭᠡᠨ ᠤᠰᠤᠯᠠᠬᠤ ᠲᠦᠷᠭᠡᠨ ᠡᠭᠡᠯᠵᠢ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠨᠠᠮᠤᠷ ᠤᠨ ᠠᠮᠤ ᠪᠤᠳᠠᠭ᠎ᠠ ᠤᠰᠤᠯᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠪᠥᠬᠦ ᠲᠠᠯ᠎ᠠ ᠪᠠᠷ ᠲᠡᠮᠡᠴᠡᠨ ᠣᠯᠤᠨ᠎ᠠ ᠭᠡᠪᠡ᠃
W020231020354068066387.png
      ᠨᠠᠮᠤᠷ ᠤᠨ ᠤᠰᠤᠯᠠᠯᠲᠠ ᠶᠢᠨ ᠤᠰᠤ ᠠᠷᠪᠢᠯᠠᠬᠤ ᠠᠵᠢᠯ ᠤᠨ ᠤᠷᠤᠭᠰᠢᠲᠠᠶ ᠥᠷᠨᠢᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠮᠧᠩ ᠬᠠᠶ ᠪᠠᠯᠭᠠᠰᠤᠨ ᠳᠤ ᠨᠠᠮᠤᠷ ᠤᠨ ᠤᠰᠤᠯᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠪᠠ ᠪᠠᠯᠭᠠᠰᠤ᠂ ᠲᠣᠰᠬᠤᠨ᠂ ᠬᠤᠷᠰᠢᠶ᠎ᠠ ᠭᠤᠷᠪᠠᠨ ᠱᠠᠲᠤᠨ ᠳᠤ ᠨᠡᠶᠢᠲᠡ 54 ︽ᠳᠠᠭᠠᠭᠠᠴᠢᠯᠠᠨ ᠤᠰᠤᠯᠠᠬᠤ ᠳᠤᠭᠤᠶᠢᠯᠠᠩ︾ ᠢ ᠪᠠᠶᠢᠭᠤᠯᠵᠤ᠂ ᠤᠰᠤ ᠬᠡᠷᠡᠭᠯᠡᠬᠦ ᠡᠷᠴᠢᠮ ᠢ ᠴᠢᠩᠭ᠎ᠠ ᠬᠠᠮᠢᠶᠠᠷᠴᠤ᠂ ᠨᠠᠷᠢᠨ ᠪᠤᠳᠤᠵᠤ ᠤᠰᠤᠨ ᠤ ᠡᠬᠢ ᠪᠠᠶᠠᠯᠢᠭ ᠢ ᠰᠠᠶᠢᠲᠤᠷ ᠬᠡᠷᠡᠭᠯᠡᠪᠡ᠃ ᠦᠵᠦᠭᠦᠷ ᠬᠦᠷᠳᠦ ᠪᠤᠶᠤ ᠠᠮᠠᠰᠠᠷ ᠤᠨ ᠴᠣᠷᠭᠤ ︽ᠨᠢᠭᠡ ᠲᠠᠯᠪᠢᠬᠤ︾ ᠤᠰᠤᠯᠠᠯᠲᠠ ᠶᠢᠨ ᠠᠷᠭ᠎ᠠ ᠮᠠᠶ᠋ᠢᠭ ᠪᠠ ᠨᠠᠮᠤᠷ ᠤᠨ ᠤᠰᠤᠯᠠᠯᠲᠠ ︽ᠨᠢᠭᠡ ᠬᠦᠷᠵᠡ︾ ᠤᠰᠤᠯᠠᠬᠤ ᠵᠠᠭᠪᠤᠷ ᠢ ᠬᠡᠷᠡᠭᠵᠢᠭᠦᠯᠵᠦ᠂ ᠭᠦᠶᠦᠭᠡᠨ ᠤᠰᠤᠯᠠᠬᠤ ᠬᠤᠷᠳᠤᠨ ᠡᠭᠡᠯᠵᠢ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠨᠠᠮᠤᠷ ᠤᠨ ᠤᠰᠤᠯᠠᠯᠲᠠ ᠶᠢᠨ ᠤᠰᠤᠨ ᠤ ᠬᠡᠮᠵᠢᠶ᠎ᠡ ᠶᠢ ᠠᠯᠬᠤᠮ ᠠᠯᠬᠤᠮ ᠢᠶᠠᠷ ᠪᠠᠭᠠᠰᠬᠠᠵᠤ᠂ ᠲᠠᠷᠢᠶᠠᠯᠠᠩ ᠤᠨ ᠬᠡᠷᠡᠭᠯᠡᠬᠦ ᠤᠰᠤᠨ ᠤ ᠠᠷᠭ᠎ᠠ ᠮᠠᠶ᠋ᠢᠭ ᠢ ᠪᠦᠳᠦᠭᠦᠯᠢᠭ ᠪᠥᠭᠡᠳ ᠳᠣᠤᠷ᠎ᠠ ᠦᠷ᠎ᠡ ᠪᠦᠲᠦᠮᠵᠢᠲᠡᠶ ᠪᠠᠷ ᠠᠷᠪᠢᠯᠠᠨ ᠡᠷᠴᠢᠮᠵᠢᠭᠦᠯᠬᠦ ᠳᠠᠰᠢ ᠬᠤᠪᠢᠷᠠᠭᠤᠯᠬᠤ ᠶᠢ ᠠᠬᠢᠭᠤᠯᠤᠨ᠎ᠠ᠃      ᠡᠭᠦᠨ ᠤ ᠬᠠᠮᠲᠤ᠂ ᠮᠧᠩ ᠬᠠᠶ ᠪᠠᠯᠭᠠᠰᠤ ︽ᠨᠠᠮ ᠤᠨ ᠡᠭᠦᠷ ᠤᠨ ᠣᠯᠠᠨ ᠲᠦᠮᠡᠨ ᠤ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ︾ ᠪᠠᠷ ᠭᠠᠷᠳᠠᠴᠠ ᠪᠣᠯᠭᠠᠵᠤ᠂ 6 ᠲᠠᠷᠢᠶᠠᠴᠢᠨ ᠤ ᠤᠰᠤᠨ ᠤ ᠶᠠᠪᠤᠳᠠᠯ ᠤᠨ ᠬᠤᠷᠰᠢᠶ᠎ᠠ ᠶᠢ ᠫᠠᠶᠢᠰᠠ ᠡᠯᠭᠦᠨ ᠪᠠᠶᠢᠭᠤᠯᠵᠤ᠂ ᠬᠠᠷᠢᠶ᠎ᠠ ᠭᠠᠵᠠᠷ ᠤᠨ ᠳᠣᠲᠣᠷᠠᠬᠢ ᠤᠰᠤ ᠠᠷᠪᠢᠯᠠᠬᠤ ᠤᠰᠤᠯᠠᠯᠲᠠ᠂ ᠤᠰᠤᠨ ᠤ ᠰᠦᠢᠳᠬᠡᠯ ᠢ ᠪᠤᠳᠤᠵᠤ ᠬᠤᠷᠢᠶᠠᠬᠤ᠂ ᠰᠤᠪᠠᠭ ᠢ ᠬᠠᠮᠢᠶᠠᠷᠤᠨ ᠬᠠᠮᠠᠭᠠᠯᠠᠬᠤ ᠵᠡᠷᠭᠡ ᠤᠰᠤᠨ ᠳᠤ ᠬᠤᠯᠪᠣᠭᠳᠠᠬᠤ ᠬᠡᠷᠡᠭ ᠶᠠᠪᠤᠳᠠᠯ ᠳᠤ ᠨᠢᠭᠡᠳᠦᠯᠲᠡᠶ ︽ᠪᠣᠳᠠᠰᠵᠢᠭᠤᠯᠬᠤ︾ ᠬᠠᠮᠢᠶᠠᠷᠤᠯᠲᠠ ᠶᠢ ᠨᠢᠭᠡᠳᠦᠯᠲᠡᠶ ᠬᠢᠵᠦ᠂ ᠲᠠᠷᠢᠶᠠᠴᠢᠳ ᠤᠨ ᠤᠰᠤ ᠬᠡᠷᠡᠭᠯᠡᠬᠦ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠥᠬᠦ ᠪᠠᠯᠭᠠᠰᠤᠨ ᠤ ᠨᠠᠮᠤᠷ ᠤᠰᠤᠯᠠᠬᠤ ᠤᠰᠤ ᠠᠷᠪᠢᠯᠠᠬᠤ ᠠᠵᠢᠯ ᠤᠨ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠦᠨᠡᠨ ᠬᠦ ᠪᠠᠲᠤᠯᠠᠵᠤ᠂ ᠬᠠᠲᠤᠨ ᠭᠤᠤᠯ ᠤᠨ ᠰᠠᠪᠠ ᠭᠠᠵᠠᠷ ᠤᠨ ᠵᠠᠭᠤᠨ ᠲᠦᠮᠡᠨ ᠮᠥ ᠤᠰᠤ ᠠᠷᠪᠢᠯᠠᠬᠤ ᠤᠰᠤᠯᠠᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠳᠤ ᠮᠧᠩ ᠬᠠᠶ ᠶᠢᠨ ᠬᠦᠴᠦᠨ ᠴᠢᠳᠠᠯ ᠢᠶᠠᠨ ᠡᠷᠭᠦᠪᠡ᠃
ᠢᠷᠡᠯᠲᠡ᠄ ᠲᠣᠰ ᠰᠣᠯᠵᠢᠶ᠎ᠡ