ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠳᠠᠬᠢᠨ ᠴᠡᠭᠴᠡᠯᠡᠨ ᠵᠠᠰᠠᠵᠤ ︽ᠥᠩᠭᠡ ᠵᠢᠰᠦ︾᠂ ︽ᠬᠡᠪ ᠪᠠᠶᠢᠳᠠᠯ︾ ᠢ ᠵᠡᠷᠭᠡᠪᠡᠷ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2023/11/16
      ᠬᠠᠷᠢᠶ᠎ᠠ ᠣᠷᠣᠨ ᠤ ᠣᠷᠴᠢᠨ ᠲᠣᠭᠤᠷᠢᠨ ᠤ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠢᠭᠤᠨ ᠴᠡᠪᠡᠷ᠂ ᠴᠡᠪᠡᠷ ᠴᠡᠮᠴᠡᠭᠡᠷ᠂ ᠦᠵᠡᠰᠬᠦᠯᠡᠩᠲᠦ ᠰᠠᠶᠢᠬᠠᠨ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ ᠤᠢᠢᠷ᠎ᠠ ᠶᠢᠨ ᠡᠳᠦᠷ ᠤᠳ ᠲᠤ᠂ ᠡᠯ ᠳ᠋ᠤᠤ ᠴᠢᠶᠣᠤ ᠪᠠᠯᠭᠠᠰᠤ ᠶᠢᠨ ᠬᠢᠨ ᠡᠯ᠎ᠡ ᠲᠣᠰᠬᠤᠨ ᠢ ᠵᠣᠬᠢᠶᠠᠨ ᠪᠠᠶᠢᠭᠤᠯᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠬᠠᠷᠢᠶ᠎ᠠ ᠣᠷᠣᠨ ᠤ ᠳᠦᠷᠰᠦ ᠪᠠᠶᠢᠳᠠᠯ ᠤᠨ ᠰᠢᠨ᠎ᠡ ᠬᠤᠪᠢᠷᠠᠯᠲᠠ᠂ ᠰᠢᠨ᠎ᠡ ᠳᠡᠭᠡᠭᠰᠢᠯᠡᠯᠲᠡ ᠶᠢ ᠲᠠᠰᠤᠷᠠᠯᠲᠠ ᠦᠭᠡᠢ ᠠᠬᠢᠭᠤᠯᠪᠠ᠃
W020231116362958395211.png
      ᠡᠯ ᠳ᠋ᠤᠤ ᠴᠢᠶᠣᠤ ᠪᠠᠯᠭᠠᠰᠤ ᠶᠢᠨ ᠬᠢᠨ ᠨᠠᠮ ᠤᠨ ᠭᠡᠰᠢᠭᠦᠨ ᠺᠠᠳ᠋ᠷ᠂ ᠴᠡᠪᠡᠷᠯᠡᠭᠴᠢ᠂ ᠭᠡᠰᠢᠭᠦᠳ ᠲᠣᠰᠬᠤᠨ ᠤ ᠠᠷᠠᠳ ᠢ ᠵᠣᠬᠢᠶᠠᠨ ᠪᠠᠶᠢᠭᠤᠯᠤᠨ ᠵᠠᠮ ᠳᠠᠭᠠᠤ᠂ ᠭᠤᠣᠯ ᠤᠨ ᠲᠠᠩ ᠭᠤᠤ ᠰᠤᠪᠠᠭ ᠪᠣᠯᠤᠨ ᠭᠡᠷ ᠤᠨ ᠡᠮᠦᠨ᠎ᠡ ᠬᠤᠶᠢᠨ᠎ᠠ ᠵᠡᠷᠭᠡ ᠣᠷᠣᠨ ᠪᠦᠰᠡ ᠳᠤ ᠬᠠᠨᠳᠤᠯᠭᠠᠲᠤ ᠴᠢᠨᠠᠷᠲᠠᠢ ᠴᠡᠭᠴᠡᠯᠡᠨ ᠵᠠᠰᠠᠯᠲᠠ ᠬᠢᠵᠦ᠂ ᠲᠣᠰᠬᠤᠨ ᠤ ᠳᠦᠷᠰᠦ ᠪᠠᠶᠢᠳᠠᠯ ᠢ ᠵᠠᠰᠠᠬᠤ᠂ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ᠂ ᠨᠣᠭᠤᠭᠠᠷᠠᠭᠤᠯᠵᠤ ᠭᠤᠶᠤᠵᠢᠭᠤᠯᠬᠤ ᠵᠡᠷᠭᠡ ᠠᠵᠢᠯ ᠢ ᠬᠦᠴᠦᠲᠡᠢ ᠠᠬᠢᠭᠤᠯᠪᠠ᠃ ︽ᠵᠠᠮ ᠤᠨ ᠵᠠᠬ᠎ᠠ᠂ ᠲᠣᠰᠬᠤᠨ ᠤ ᠵᠠᠬ᠎ᠠ᠂ ᠭᠡᠷ ᠤᠨ ᠬᠠᠵᠠᠭᠤ ᠳᠤ︾ ᠭᠡᠬᠦ ᠭᠤᠷᠪᠠᠨ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠭ ᠨᠣᠪᠰᠢ ᠶᠢ ᠰᠤᠯᠠ ᠬᠠᠶᠠᠭᠰᠠᠨ᠂ ᠬᠠᠭᠤᠴᠢᠨ ᠣᠪᠣᠭᠠᠯᠠᠭᠰᠠᠨ ᠪᠣᠳᠠᠰ ᠢ ᠭᠤᠣᠯᠳᠠᠯᠭ᠎ᠠ ᠲᠠᠢ ᠴᠡᠪᠡᠷᠯᠡᠪᠡ᠃ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠶᠢ ᠭᠦᠨᠵᠡᠭᠡᠢ ᠠᠬᠢᠭᠤᠯᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ︽ᠥᠩᠭᠡ ᠵᠢᠰᠦ︾ ᠲᠠᠢ ᠪᠣᠯᠭᠠᠬᠤ᠂ ︽  ᠬᠡᠪ ᠪᠠᠶᠢᠳᠠᠯ︾ ᠪᠣᠯᠭᠠᠨ ᠬᠤᠪᠢᠷᠠᠭᠤᠯᠬᠤ ᠬᠡᠷᠡᠭᠲᠡᠢ᠃
      ᠳᠠᠷᠠᠭ᠎ᠠ ᠠᠯᠬᠤᠮ      ᠡᠯ ᠳ᠋ᠤᠤ ᠴᠢᠶᠣᠤ ᠪᠠᠯᠭᠠᠰᠤ ᠶᠢᠨ ᠬᠢᠨ ᠦᠷᠭᠦᠯᠵᠢᠯᠡᠨ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠶᠠᠰᠤ ᠴᠢᠨᠠᠷ ᠢ ᠳᠡᠭᠡᠭᠰᠢᠯᠡᠭᠦᠯᠦᠨ ᠲᠡᠰ ᠳᠡᠪᠰᠢᠭᠦᠯᠵᠦ᠂ ᠭᠤᠣᠯᠳᠠᠯᠭ᠎ᠠ ᠶᠢ ᠴᠢᠩᠭ᠎ᠠ ᠠᠩᠬᠠᠷᠴᠤ᠂ ᠴᠡᠭ ᠢᠶᠠᠷ ᠨᠡᠶᠢᠳᠡᠮ ᠢ ᠲᠠᠶᠢᠴᠢᠯᠠᠵᠤ᠂ ᠠᠯᠬᠤᠮ ᠬᠤᠪᠢᠶᠠᠨ ᠬᠡᠷᠡᠭᠵᠢᠭᠦᠯᠵᠦ᠂ ᠡᠷᠴᠢᠮ ᠢᠶᠠᠨ ᠴᠢᠩᠭᠠᠷᠠᠭᠤᠯᠤᠨ ᠳᠤᠲᠠᠭᠤᠳᠠᠯ ᠢ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠲᠣᠰᠬᠤᠨ ᠤ ᠳᠦᠷᠰᠦ ᠪᠠᠶᠢᠳᠠᠯ ᠴᠡᠪᠡᠷ ᠴᠡᠮᠴᠡᠭᠡᠷ᠂ ᠬᠥᠳᠡᠭᠡ ᠲᠣᠰᠬᠤᠨ ᠤ ᠰᠤᠷᠲᠠᠯ ᠪᠣᠯᠪᠠᠰᠤᠨ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠢᠨ᠎ᠡ ᠬᠠᠭᠤᠳᠠᠰᠤ ᠶᠢ ᠲᠠᠰᠤᠷᠠᠯᠲᠠ ᠦᠭᠡᠢ ᠵᠢᠷᠤᠭᠯᠠᠨ᠎ᠠ᠃
ᠢᠷᠡᠯᠲᠡ᠄ ᠲᠣᠰ ᠰᠣᠯᠵᠢᠶ᠎ᠡ