ᠡᠯ ᠳ᠋ᠤᠤ ᠴᠢᠶᠣᠤ ᠪᠠᠯᠭᠠᠰᠤ᠄ ᠬᠥᠮᠥᠷᠭᠡᠯᠡᠨ ᠬᠠᠳᠠᠭᠠᠯᠠᠬᠤ ᠮᠥᠩᠭᠦᠨ ᠭᠦᠢᠯᠭᠡᠭᠡᠨ ᠤ ᠬᠡᠪ ᠵᠠᠭᠪᠤᠷ ᠨᠢ ᠬᠦᠷᠢᠶᠡᠯᠡᠩ ᠲᠣᠭᠤᠷᠢᠭ ᠤᠨ ᠠᠵᠤ ᠠᠬᠤᠶ ᠶᠢ ᠨᠠᠩ ᠬᠥᠭᠵᠢᠶᠡᠨᠲᠡᠶ ᠪᠣᠯᠭᠠᠪᠠ
ᠨᠡᠶᠢᠲᠡᠯᠡᠭᠰᠡᠨ ᠴᠠᠭ᠄
2023/11/20
      ᠡᠯ ᠳ᠋ᠤᠤ ᠴᠢᠶᠣᠤ ᠪᠠᠯᠭᠠᠰᠤᠨ ᠤ ᠣᠲᠣ ᠦᠶ᠎ᠡ ᠶᠢᠨ ᠲᠠᠷᠢᠶᠠᠯᠠᠩ ᠤᠨ ᠡᠳ᠋ᠰᠢᠭᠦᠯᠦᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ︽ᠬᠥᠮᠥᠷᠭᠡᠯᠡᠨ ᠬᠠᠳᠠᠭᠠᠯᠠᠬᠤ ᠮᠥᠩᠭᠦᠨ ᠭᠦᠢᠯᠭᠡᠭᠡ︾ ᠶᠢᠨ ᠵᠠᠭᠪᠤᠷ ᠢ ᠬᠡᠷᠡᠭᠵᠢᠭᠦᠯᠵᠦ᠂ ᠨᠡᠷᠡᠨ ᠬᠤᠸᠠᠷ ᠤᠨ ᠦᠷ᠎ᠡ᠂ ᠤᠰᠤ ᠦᠭᠡᠶᠢᠳᠡᠭᠦᠯᠦᠭᠰᠡᠨ ᠨᠣᠭᠤᠭ᠎ᠠ᠂ ᠴᠤᠤ ᠲᠢᠶᠠᠨ ᠵᠢᠶᠤᠤ ᠪᠣᠯᠤᠨ ᠯᠠᠩᠭᠤᠸᠠ ᠶᠢᠨ ᠦᠷ᠎ᠡ ᠪᠣᠯᠪᠠᠰᠤᠷᠠᠭᠤᠯᠬᠤ ᠵᠢᠴᠢ ᠲᠠᠷᠢᠶᠠᠯᠠᠩ ᠤᠨ ᠪᠦᠲᠦᠭᠡᠭᠳᠡᠬᠦᠨ ᠢ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠠᠷᠠᠯᠵᠢᠶᠠᠨ ᠤ ᠵᠠᠬ᠎ᠠ ᠳᠡᠯᠭᠡᠭᠦᠷ ᠲᠤ ᠰᠠᠭᠤᠷᠢᠯᠠᠨ᠂ ᠠᠮᠤᠷ ᠲᠦᠪᠰᠢᠨ᠂ ᠦᠢᠯᠡᠴᠢᠯᠡᠭᠡ᠂ ᠦᠷ᠎ᠡ ᠠᠰᠢᠭ ᠢᠶᠠᠷ ᠵᠣᠷᠢᠯᠲᠠ ᠪᠣᠯᠭᠠᠵᠤ᠂ ᠲᠠᠷᠢᠶᠠᠴᠢᠨ ᠡᠷᠦᠬᠡ ᠵᠢᠴᠢ ᠡᠳ᠋ᠰᠢᠭᠦᠯᠬᠦ ᠠᠵᠤ ᠠᠬᠤᠶᠢᠯᠠᠯ ᠤᠨ ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠳᠤ ᠦᠢᠯᠡᠴᠢᠯᠡᠵᠦ᠂ ᠠᠮᠤᠷ ᠲᠦᠪᠰᠢᠨ ᠡᠮᠬᠢ ᠵᠢᠷᠤᠮ ᠲᠠᠢ ᠪᠠᠯᠠ ᠲᠣᠬᠢᠷᠠᠭᠤᠯᠭ᠎ᠠ ᠶᠢᠨ ᠵᠠᠬ᠎ᠠ ᠳᠡᠯᠭᠡᠭᠦᠷ ᠵᠢᠴᠢ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠬᠠᠩᠰᠢ ᠶᠢᠨ ᠵᠠᠬ᠎ᠠ ᠳᠡᠯᠭᠡᠭᠦᠷ ᠢ ᠪᠣᠶ ᠪᠣᠯᠭᠠᠵᠤ᠂ ᠭᠤᠤᠯᠯᠠᠬᠤ ᠠᠵᠤ ᠦᠢᠯᠡᠰ ᠤᠨ ᠰᠢᠨ᠎ᠡ ᠴᠤᠭᠯᠠᠷᠠᠯ ᠤᠨ ᠦᠢᠯᠡᠳᠦᠯ ᠪᠠ ᠨᠡᠮᠡᠭᠳᠡᠯ ᠤᠨ ᠬᠥᠳᠡᠯᠭᠡᠬᠦ ᠬᠦᠴᠦᠨ ᠢ ᠪᠣᠶ ᠪᠣᠯᠭᠠᠬᠤ ᠳᠤ ᠬᠦᠴᠦᠨ ᠨᠡᠮᠡᠷᠢᠯᠡᠵᠦ᠂ ᠡᠯ ᠳ᠋ᠤᠤ ᠴᠢᠶᠣᠤ ᠪᠠᠯᠭᠠᠰᠤᠨ ᠤ ᠠᠵᠤ ᠠᠬᠤᠶ ᠶᠢᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃      ᠥᠷᠯᠥᠭᠡ ᠡᠷᠲᠡ᠂ ᠭᠤᠸᠠ ᠶᠢᠨ ᠦᠷ᠎ᠡ ᠳᠦᠭᠦᠷᠲᠡᠯ᠎ᠡ ᠲᠡᠭᠡᠭᠡᠭᠰᠡᠨ ᠨᠢᠭᠡᠨ ᠠᠴᠢᠶᠠᠨ ᠤ ᠮᠠᠰᠢᠨ ᠡᠯ ᠳ᠋ᠤᠤ ᠴᠢᠶᠣᠤ ᠪᠠᠯᠭᠠᠰᠤᠨ ᠤ ᠤᠳᠤ ᠦᠶ᠎ᠡ ᠶᠢᠨ ᠲᠠᠷᠢᠶᠠᠯᠠᠩ ᠤᠨ ᠡᠳ᠋ᠰᠢᠭᠦᠯᠦᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠬᠤᠩ ᠢ ᠧᠨ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠶᠢᠨ ᠬᠦᠷᠢᠶᠡᠨ ᠳᠤ ᠠᠯᠭᠤᠷᠬᠠᠨ ᠣᠷᠣᠵᠤ᠂ ᠶᠠᠰᠤ ᠴᠢᠨᠠᠷ ᠢ ᠰᠢᠯᠭᠠᠨ ᠪᠠᠶᠢᠴᠠᠭᠠᠵᠤ᠂ ᠵᠢᠩ ᠢᠶᠠᠷ ᠨᠡᠷᠡᠯᠡᠭᠰᠡᠨ ᠤ ᠲᠠᠷᠠᠭ᠎ᠠ᠂ ᠭᠤᠸᠠ ᠶᠢᠨ ᠦᠷ᠎ᠡ ᠬᠠᠳᠠᠭᠠᠯᠠᠬᠤ ᠦᠢᠯᠡᠳᠪᠦᠷᠢ ᠶᠢᠨ ᠲᠠᠰᠤᠭ ᠲᠤ ᠬᠠᠳᠠᠭᠠᠯᠠᠭᠳᠠᠪᠠ᠃ ᠬᠢᠵᠠᠭᠠᠷ ᠲᠠᠢ ᠪᠡᠯᠡ ᠮᠥᠩᠭᠦ ᠶᠢᠨ ᠦᠢᠯᠡᠳᠦᠯ ᠢ ᠨᠡᠩ ᠶᠡᠭᠡ ᠪᠠᠳᠠᠷᠠᠭᠤᠯᠬᠤ ᠶᠢᠨ ᠲᠥᠯᠥᠭᠡ᠂ ᠠᠷᠠᠯᠵᠢᠶ᠎ᠠ ᠬᠤᠳᠠᠯᠳᠤᠭᠠᠨ ᠤ ᠺᠣᠮᠫᠠᠨᠢ ᠶᠢᠨ ᠯᠢ ᠰᠢᠶᠠᠨ ᠫᠢᠩ ᠬᠥᠮᠥᠷᠭᠡ ᠶᠢᠨ ᠳᠡᠨᠵᠢ ᠶᠢᠨ ᠲᠠᠪᠴᠠᠩ ᠢᠶᠠᠷ ᠵᠢᠭᠡᠯᠡᠯᠭᠡ ᠥᠭᠴᠦ᠂ ᠪᠡᠯᠡ ᠮᠥᠩᠭᠦ ᠶᠢᠨ ᠡᠷᠭᠢᠯᠲᠡ ᠶᠢᠨ ᠳᠠᠷᠤᠭᠠᠰᠤ ᠶᠢ ᠬᠥᠩᠭᠡᠷᠡᠭᠦᠯᠪᠡ᠃
W020231120367920844410.png
      ᠣᠢᠷ᠎ᠠ ᠶᠢᠨ ᠬᠡᠳᠦᠨ ᠵᠢᠯ ᠳᠤ᠂ ᠯᠢ ᠱᠢᠶᠠᠩ ᠫᠢᠩ ᠢᠩᠭᠢᠵᠦ ᠬᠥᠮᠥᠷᠭᠡ ᠶᠢᠨ ᠬᠠᠭᠤᠳᠠᠰᠤ ᠶᠢ ᠳᠠᠨᠵᠢᠯᠠᠬᠤ ᠲᠠᠪᠴᠠᠩ ᠢᠶᠠᠷ ᠳᠠᠮᠵᠢᠨ ᠪᠡᠯᠡ ᠴᠤᠭᠯᠠᠭᠤᠯᠬᠤ ᠠᠵᠤ ᠠᠬᠤᠢᠯᠠᠯ ᠤᠯᠠᠮ ᠠᠴᠠ ᠤᠯᠠᠮ ᠣᠯᠠᠱᠢᠷᠠᠵᠤ ᠪᠠᠢᠨ᠎ᠠ᠃ ᠰᠠᠩ ᠬᠥᠮᠥᠷᠭᠡ ᠶᠢᠨ ᠬᠠᠳᠠᠭᠠᠯᠠᠮᠵᠢ ᠪᠠᠷ ᠬᠤᠯᠪᠣᠭᠠᠰᠤ ᠪᠣᠯᠭᠠᠵᠤ᠂ ᠪᠠᠩᠬᠢ ᠯᠤᠭ᠎ᠠ ᠬᠠᠮᠲᠤᠷᠠᠨ ᠰᠠᠩ ᠬᠥᠮᠥᠷᠭᠡ ᠶᠢᠨ ᠬᠠᠭᠤᠳᠠᠰᠤ ᠳᠠᠨᠵᠢᠯᠠᠬᠤ ᠲᠤᠬᠠᠶᠢᠯᠠᠭᠰᠠᠨ ᠠᠵᠢᠯ ᠢ ᠥᠷᠨᠢᠭᠦᠯᠵᠦ᠂ ᠲᠠᠷᠢᠶᠠᠴᠢᠨ ᠡᠷᠦᠬᠡ ᠶᠢᠨ ᠪᠠᠷᠠᠭ᠎ᠠ ᠬᠤᠳᠠᠯᠳᠤᠬᠤ ᠳᠤ ᠬᠦᠴᠢᠷᠲᠡᠶ ᠪᠠᠶᠢᠬᠤ ᠵᠡᠷᠭᠡ ᠠᠰᠠᠭᠤᠳᠠᠯ ᠢ ᠪᠦᠲᠦᠮᠵᠢᠲᠡᠶ ᠰᠢᠶ᠋ᠳᠪᠦᠷᠢᠯᠡᠵᠦ᠂ ᠲᠠᠷᠢᠶᠠᠯᠠᠩ ᠤᠨ ᠪᠦᠲᠦᠭᠡᠭᠳᠡᠬᠦᠨ ᠡᠳ᠋ᠰᠢᠭᠦᠯᠬᠦ ᠠᠵᠤ ᠠᠬᠤᠶᠢᠯᠠᠯ ᠤᠨ ︽ᠪᠡᠯᠡ ᠲᠣᠬᠢᠷᠠᠭᠤᠯᠬᠤ ᠳᠤ ᠬᠦᠴᠢᠷ︾ ᠪᠠᠶᠢᠳᠠᠯ ᠢ ᠨᠠᠮᠳᠠᠭᠤᠯᠵᠤ᠂ ᠠᠵᠤ ᠠᠬᠤᠶᠢᠯᠠᠯ ᠤᠨ ᠪᠦᠬᠦ ᠵᠢᠯ ᠳᠤ ᠠᠮᠢᠳᠤᠯᠢᠭ ᠢᠶᠠᠷ ᠦᠢᠯᠡᠳᠪᠦᠷᠢᠯᠡᠬᠦ ᠶᠢ ᠠᠬᠢᠭᠤᠯᠵᠤ ᠪᠣᠯᠤᠨ᠎ᠠ᠃      ᠬᠥᠮᠥᠷᠭᠡ ᠶᠢᠨ ᠪᠠᠷᠢᠮᠲᠠ ᠶᠢᠨ ᠳᠠᠨᠵᠢᠯᠠᠭ᠎ᠠ ᠶᠢᠨ ᠲᠠᠪᠴᠠᠩ ᠨᠢᠭᠡᠨᠲᠡ ᠱᠠᠮᠪᠠ ᠶᠢᠨ ᠲᠠᠷᠢᠶᠠᠯᠠᠩ ᠬᠤᠳᠠᠯᠳᠤᠭᠠᠨ ᠤ ᠪᠠᠩᠬᠢ ᠲᠠᠢ ᠵᠢᠭᠡᠯᠡᠯᠭᠡ ᠶᠢᠨ ᠬᠡᠯᠡᠯᠴᠡᠭᠡᠷ ᠲᠣᠭᠲᠠᠵᠤ᠂ ᠲᠤᠬᠠᠶ ᠶᠢᠨ ᠭᠠᠵᠠᠷ ᠤᠨ ᠬᠥᠲᠥᠴᠢ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠪᠠᠷᠠᠬᠤ ᠥᠬᠡᠶ᠂ ᠪᠠᠰᠠ ᠣᠷᠣᠨ ᠤ ᠭᠠᠳᠠᠨᠠᠬᠢ ᠣᠯᠠᠨ ᠠᠵᠤ ᠠᠬᠤᠶᠢᠯᠠᠯ ᠲᠠᠢ ᠬᠠᠮᠲᠤᠷᠠᠯᠴᠠᠭ᠎ᠠ ᠥᠷᠨᠢᠭᠦᠯᠪᠡ᠃ ᠣᠳᠣᠬᠠᠨ ᠳᠤ᠂ ᠬᠥᠮᠥᠷᠭᠡ ᠶᠢᠨ ᠪᠠᠷᠢᠮᠲᠠ ᠶᠢᠨ ᠳᠠᠨᠵᠢᠯᠠᠭ᠎ᠠ ᠶᠢᠨ ᠲᠠᠪᠴᠠᠩ ᠤᠨ ᠬᠥᠮᠥᠷᠭᠡᠯᠡᠨ ᠬᠠᠳᠠᠭᠠᠯᠠᠬᠤ ᠲᠠᠷᠢᠶᠠᠯᠠᠩ ᠤᠨ ᠪᠦᠲᠦᠭᠡᠭᠳᠡᠬᠦᠨ 10 ᠲᠦᠮᠡ ᠭᠠᠷᠤᠶ ᠲᠣᠨ ᠪᠠᠶᠢᠵᠤ᠂ 10 ᠳ᠋ᠦᠩᠰᠢᠭᠤᠷ ᠲᠥᠭᠦᠷᠢᠭ ᠤᠨ ᠪᠠᠯᠠ ᠬᠤᠷᠠᠮᠳᠤᠭᠤᠯᠬᠤ ᠶᠢ ᠪᠡᠶᠡᠯᠡᠭᠦᠯᠪᠡ᠃      ︽ᠣᠳᠣᠬᠠᠨ ᠪᠣᠯᠲᠠᠯ᠎ᠠ᠂ ᠬᠥᠮᠥᠷᠭᠡ ᠶᠢᠨ ᠪᠠᠷᠢᠮᠲᠠ ᠪᠠᠷ ᠳᠠᠨᠵᠢᠯᠠᠬᠤ ᠠᠷᠭ᠎ᠠ ᠮᠠᠶ᠋ᠢᠭ ᠢ ᠠᠪᠴᠤ᠂ ᠨᠡᠶᠢᠲᠡ 93 ᠠᠵᠤ ᠠᠬᠤᠶᠢᠯᠠᠯ ᠳᠤ ᠪᠠᠯᠠ ᠮᠥᠩᠭᠦ ᠶᠢᠨ ᠳᠡᠮᠵᠢᠯᠭᠡ ᠬᠠᠩᠭᠠᠵᠤ᠂ ᠪᠣᠳᠠᠲᠠᠶ ᠵᠣᠭᠤᠰ ᠤᠨ ᠲᠤᠭ᠎ᠠ ᠨᠢ 21.3 ᠳ᠋ᠦᠩᠰᠢᠭᠤᠷ ᠲᠥᠭᠦᠷᠢᠭ ᠣᠷᠴᠢᠮ ᠪᠠᠶᠢᠨ᠎ᠠ︾ ᠭᠡᠵᠡᠶ᠃ ᠰᠠᠩ ᠪᠠᠷᠢᠮᠲᠠ ᠶᠢᠨ ᠳᠠᠨᠽᠠᠯᠠᠬᠤ ᠲᠠᠪᠴᠠᠩ ᠤᠨ ᠬᠠᠷᠢᠭᠤᠴᠠᠯᠭᠠᠲᠠᠨ ᠭᠠᠣ ᠶᠢᠨ ᠵᠢᠶᠦ᠋ᠨ᠃      ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠳᠡᠮᠵᠢᠬᠦ ᠨᠢ ᠳᠠᠷᠤᠶ ᠲᠠᠷᠢᠶᠠᠴᠢᠳ ᠤᠨ ᠠᠰᠢᠭ ᠲᠤᠰᠠ ᠶᠢ ᠬᠠᠮᠠᠬᠠᠯᠠᠬᠤ ᠶᠠᠪᠤᠳᠠᠯ ᠮᠥᠨ᠃ ᠡᠯ ᠳ᠋ᠤᠤ ᠴᠢᠶᠣᠤ ᠪᠠᠯᠭᠠᠰᠤᠨ ᠤ ᠣᠲᠣ ᠦᠶ᠎ᠡ ᠶᠢᠨ ᠲᠠᠷᠢᠶᠠᠯᠠᠩ ᠤᠨ ᠡᠳ᠋ᠰᠢᠭᠦᠯᠦᠨ ᠬᠠᠳᠠᠭᠠᠯᠠᠬᠤ ᠪᠠᠷᠠᠭᠠᠨ ᠤ ᠭᠦᠶ᠋ᠯᠭᠡᠭᠡᠨ ᠤ ᠬᠦᠷᠢᠶᠡᠯᠡᠩ ᠲᠣᠭᠤᠷᠢᠭ ᠤᠨ ︽ᠬᠥᠮᠥᠷᠭᠡᠯᠡᠨ ᠬᠠᠳᠠᠭᠠᠯᠠᠬᠤ ᠮᠥᠩᠭᠦᠨ ᠭᠦᠶ᠋ᠯᠭᠡᠭᠡᠨ︾ ᠤ ᠵᠠᠭᠪᠤᠷ ᠢ ᠬᠡᠷᠡᠭᠵᠢᠭᠦᠯᠵᠦ᠂ ᠪᠠᠯᠠ ᠲᠣᠬᠢᠷᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠦᠷᠢᠶᠡᠯᠡᠩ ᠲᠣᠭᠤᠷᠢᠭ ᠤᠨ ᠠᠵᠤ ᠠᠬᠤᠶ ᠶᠢ ᠨᠠᠩ ᠬᠥᠭᠵᠢᠶᠡᠨᠲᠡᠶ ᠪᠣᠯᠭᠠᠵᠤ᠂ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠠᠵᠢᠯ ᠲᠥᠷᠥᠯ ᠤᠨ ᠰᠠᠶᠢᠨ ᠰᠠᠶᠢᠬᠠᠨ ᠬᠥᠭᠵᠢᠯᠲᠡ ᠶᠢ ᠠᠬᠢᠭᠤᠯᠪᠠ᠃
ᠢᠷᠡᠯᠲᠡ᠄ ᠲᠣᠰ ᠰᠣᠯᠵᠢᠶ᠎ᠡ