ᠡᠯ ᠳ᠋ᠤᠤ ᠴᠢᠶᠣᠤ ᠪᠠᠯᠭᠠᠰᠤ᠄ ᠡᠪᠦᠯ ᠤᠨ ᠤᠯᠠᠷᠢᠯ ᠤᠨ ︽ᠡᠭᠦᠳᠡ ᠪᠠᠨ ᠬᠠᠭᠠᠬᠤ ᠥᠬᠡᠶ︾ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ︽ᠠᠬᠢᠴᠠ ᠶᠢᠨ ᠵᠤᠷᠪᠤᠰ︾ ᠢ ᠳᠦᠭᠦᠷᠭᠡᠪᠡ
ᠨᠡᠶᠢᠲᠡᠯᠡᠭᠰᠡᠨ ᠴᠠᠭ᠄
2023/11/24
      ᠲᠦᠷᠦᠯ ᠵᠦᠢᠯ ᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠵᠤ ᠪᠠᠶᠢᠭ᠎ᠠ ᠶᠠᠪᠤᠳᠠᠯ ᠮᠥᠨ᠂ ᠲᠦᠷᠦᠯ ᠵᠦᠢᠯ ᠢ ᠰᠦᠪᠡᠭᠴᠢᠯᠡᠬᠦ ᠪᠣᠯ ᠳᠠᠷᠤᠢ ᠢᠷᠡᠭᠡᠳᠦᠢ ᠶᠢ ᠰᠦᠪᠡᠭᠴᠢᠯᠡᠵᠦ ᠪᠠᠶᠢᠭ᠎ᠠ ᠶᠠᠪᠤᠳᠠᠯ ᠮᠥᠨ᠃ ᠣᠶᠢᠷ᠎ᠠ ᠳᠤ᠂ ᠬᠠᠩᠭᠢᠨ ᠬᠤᠶᠢᠲᠤ ᠬᠤᠰᠢᠭᠤᠨ ᠤ ᠡᠯ ᠳ᠋ᠤᠤ ᠴᠢᠶᠣᠤ ᠪᠠᠯᠭᠠᠰᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠡᠪᠦᠯ ᠤᠨ ᠤᠯᠠᠷᠢᠯ ᠤᠨ ᠲᠤᠩᠭᠠᠯᠠᠭ ᠳᠤᠯᠠᠭᠠᠨ ᠠᠭᠤᠷ ᠠᠮᠢᠰᠬᠤᠯ ᠢ ᠵᠠᠪᠳᠤᠨ ᠠᠳᠬᠤᠵᠤ᠂ ᠪᠥᠬᠦ ᠪᠠᠯᠭᠠᠰᠤᠨ ᠤ ᠠᠵᠤ ᠦᠢᠯᠡᠰ ᠤᠨ ᠬᠥᠭᠵᠢᠯᠲᠡ ᠶᠢ ᠨᠠᠷᠢᠨ ᠨᠢᠮᠪᠠᠶ ᠲᠥᠯᠥᠪᠯᠡᠨ᠂ ᠡᠪᠦᠯ ᠤᠨ ᠤᠯᠠᠷᠢᠯ ᠳᠤ ᠰᠤᠯᠠ ᠥᠬᠡᠶ ᠪᠠᠶᠢᠬᠤ ᠶᠢ ᠪᠠᠷᠢᠮᠲᠠᠯᠠᠵᠤ᠂ ᠬᠦᠯᠢᠶᠡᠬᠦ ᠥᠬᠡᠶ ᠲᠦᠰᠢᠭᠯᠡᠬᠦ ᠥᠬᠡᠶ᠂ ᠶᠡᠭᠡ ᠪᠠᠷ ᠠᠵᠢᠯᠯᠠᠵᠤ ᠲᠦᠷᠭᠡᠨ ᠠᠵᠢᠯᠯᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠪᠠ᠃
W020231124342053939076.png
      ᠡᠪᠦᠯ ᠤᠨ ᠡᠬᠢᠨ ᠳᠤ᠂ ᠭᠠᠳᠠᠨ᠎ᠠ ᠬᠦᠢᠲᠡᠨ ᠰᠠᠯᠬᠢ ᠰᠡᠷ ᠰᠡᠷ ᠰᠠᠯᠬᠢᠯᠠᠵᠤ᠂ ᠡᠯ ᠳ᠋ᠤᠤ ᠴᠢᠶᠣᠤ ᠪᠠᠯᠭᠠᠰᠤᠨ ᠤ ᠯᠦᠩ ᠵᠧᠩ ᠬᠤᠷᠰᠢᠶᠠᠨ ᠤ ᠮᠢᠩᠭᠠᠨ ᠮᠦ ᠴᠢᠬᠢ ᠪᠤᠶᠢᠵᠢᠭᠤᠯᠬᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠣᠷᠣᠬᠤ ᠳᠤ᠂ ᠬᠠᠷᠢᠨ ᠶᠠᠭᠠᠷᠠᠯᠲᠠᠢ ᠪᠠᠶᠢᠳᠠᠯ ᠢᠯᠡᠷᠡᠵᠦ᠂ ᠲᠠᠷᠢᠶᠠᠨ ᠭᠠᠵᠠᠷ ᠲᠤ ᠳᠡᠭᠦᠵᠢᠯᠡᠭᠦᠷ ᠮᠠᠰᠢᠨ᠂ ᠰᠢᠷᠣᠢ ᠮᠠᠯᠲᠠᠬᠤ ᠮᠠᠰᠢᠨ ᠵᠡᠷᠭᠡ ᠮᠠᠰᠢᠨ ᠲᠡᠷᠭᠡ ᠨᠠᠰᠢ ᠴᠠᠰᠢ ᠶᠠᠪᠤᠵᠤ᠂ ᠲᠣᠰᠬᠤᠨ ᠤ ᠠᠷᠠᠳ ᠪᠣᠯᠤᠨ ᠠᠵᠢᠯᠴᠢᠨ ᠡᠪᠦᠯ ᠤᠨ ᠤᠯᠠᠷᠢᠯ ᠤᠨ ᠪᠠᠷᠢᠯᠭ᠎ᠠ ᠶᠢᠨ ᠠᠵᠢᠯ ᠤᠨ ᠬᠦᠴᠢᠷᠳᠡᠯ ᠤᠯᠠᠨ᠂ ᠬᠦᠴᠢᠷᠳᠡᠯ ᠶᠡᠭᠡ ᠵᠡᠷᠭᠡ ᠠᠰᠠᠭᠤᠳᠠᠯ ᠢ ᠢᠯᠠᠨ ᠳᠠᠪᠠᠵᠤ᠂ ᠠᠵᠤ ᠦᠢᠯᠡᠰ ᠤᠨ ᠬᠦᠷᠢᠶᠡᠯᠡᠩ ᠢ ᠡᠷᠲᠡᠬᠡᠨ ᠪᠠᠶᠢᠭᠤᠯᠵᠤ ᠳᠠᠭᠤᠰᠬᠠᠬᠤ ᠶᠢᠨ ᠲᠥᠯᠥᠭᠡ ᠠᠬᠢᠴᠠ ᠶᠢ ᠠᠮᠵᠢᠨ ᠠᠳᠬᠤᠪᠠ᠃ᠯᠦᠩ ᠵᠧᠩ ᠬᠤᠷᠰᠢᠶᠠᠨ ᠤ ᠲᠥᠷᠥᠯ ᠵᠦᠢᠯ ᠤᠨ ᠳᠠᠭᠠᠭᠠᠮᠠᠯ ᠬᠤ᠋ ᠬᠤᠸᠠ ᠱᠠᠨ᠄      ᠲᠥᠷᠥᠯ ᠵᠦᠢᠯ ᠢ 10 ᠰᠠᠷ᠎ᠠ ᠶᠢᠨ 20 ᠤ ᠡᠳᠦᠷ ᠠᠴᠠ ᠡᠬᠢᠯᠡᠨ ᠪᠥᠲᠥᠭᠡᠨ ᠪᠠᠶᠢᠭᠤᠯᠵᠤ᠂ ᠨᠢᠭᠡᠳᠦᠭᠡᠷ ᠬᠤᠭᠤᠴᠠᠭᠠᠨ ᠳᠤ 208 ᠲᠣᠮᠣ ᠫᠧᠩ ᠪᠠᠶᠢᠭᠤᠯᠬᠤ ᠪᠠᠷ ᠵᠢᠱᠢᠵᠦ ᠪᠠᠶᠢᠨ᠎ᠠ᠂ ᠣᠲᠣ ᠨᠢᠭᠡᠨᠲᠡ 93 ᠰᠠᠭᠤᠷᠢ ᠪᠠᠶᠢᠭᠤᠯᠵᠤ ᠳᠠᠭᠤᠰᠬᠠᠪᠠ᠂ ᠦᠯᠡᠳᠡᠭᠰᠡᠨ ᠬᠤᠶᠠᠷ ᠰᠠᠷ᠎ᠠ ᠬᠠᠭᠠᠰ ᠶᠢᠨ ᠳᠣᠲᠣᠷ᠎ᠠ ᠳᠠᠭᠤᠰᠬᠠᠵᠤ ᠪᠠᠶᠢᠨ᠎ᠠ᠂ ᠪᠢᠳᠡᠨ ᠤ ᠬᠡᠷᠡᠭᠯᠡᠵᠦ ᠪᠠᠶᠢᠭ᠎ᠠ ᠮᠠᠲ᠋ᠧᠷᠢᠶᠠᠯ ᠪᠣᠯ ᠴᠥᠮ ᠰᠣᠩᠭᠤᠨ ᠬᠡᠷᠡᠭᠯᠡᠵᠦ ᠪᠠᠶᠢᠭ᠎ᠠ ᠴᠢᠨᠠᠷ ᠰᠠᠶᠢᠲᠠᠶ ᠮᠠᠲ᠋ᠧᠷᠢᠶᠠᠯ ᠮᠥᠨ᠂ ᠪᠠᠰᠠ ᠥᠨᠳᠥᠷ ᠪᠠᠷᠢᠮᠵᠢᠶ᠎ᠠ ᠪᠠᠷ ᠪᠠᠷᠢᠯᠭ᠎ᠠ ᠪᠠᠷᠢᠵᠤ᠂ ᠠᠵᠢᠯᠴᠢᠳ ᠥᠷᠯᠥᠭᠡ ᠶᠢᠨ 7 ᠴᠠᠭ ᠠᠴᠠ ᠣᠷᠣᠶ ᠶᠢᠨ 6 ᠴᠠᠭ ᠪᠣᠯᠲᠠᠯ᠎ᠠ ᠪᠠᠷᠢᠯᠭ᠎ᠠ ᠪᠠᠷᠢᠬᠤ ᠪᠣᠯ ᠳᠠᠷᠤᠶ ᠪᠠᠷᠢᠯᠭ᠎ᠠ ᠶᠢᠨ ᠬᠤᠭᠤᠴᠠᠭ᠎ᠠ ᠶᠢ ᠠᠮᠵᠢᠨ ᠠᠳᠬᠤᠵᠤ ᠪᠠᠶᠢᠭ᠎ᠠ ᠶᠠᠪᠤᠳᠠᠯ ᠪᠣᠯᠤᠨ᠎ᠠ᠃
      ᠡᠯ ᠳ᠋ᠤᠤ ᠴᠢᠶᠣᠤ ᠪᠠᠯᠭᠠᠰᠤᠨ ᠤ ᠯᠦᠩ ᠵᠧᠩ ᠬᠤᠷᠰᠢᠶ᠎ᠠ ᠶᠢᠨ ᠮᠢᠩᠭᠠᠨ ᠮᠦ ᠴᠢᠬᠢ ᠪᠤᠶᠢᠵᠢᠭᠤᠯᠬᠤ ᠰᠠᠭᠤᠷᠢᠨ ᠭᠠᠵᠠᠷ ᠨᠢ ᠡᠯ ᠳ᠋ᠤᠤ ᠴᠢᠶᠣᠤ ᠪᠠᠯᠭᠠᠰᠤᠨ ᠤ ᠴᠢᠩ ᠹᠧᠩ ᠲᠣᠰᠬᠤᠨ ᠳᠤ ᠪᠠᠶᠢᠷᠢᠯᠠᠵᠤ᠂ ᠬᠠᠩᠭᠢᠨ ᠬᠤᠶᠢᠲᠤ ᠬᠤᠰᠢᠭᠤᠨ ᠤ ᠯᠦᠩ ᠵᠧᠩ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠠᠴᠠ 1.3 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠨ ᠪᠥᠲᠥᠭᠡᠨ ᠪᠠᠶᠢᠭᠤᠯᠵᠤ᠂ ᠶᠡᠷᠦᠩᠬᠡᠶ ᠲᠠᠯᠠᠪᠠᠶ ᠨᠢ 1000 ᠮᠥ ᠪᠠᠶᠢᠵᠤ᠂ 480 ᠰᠠᠭᠤᠷᠢ ᠨᠡᠷᠡᠨ ᠬᠡᠷᠡᠯ ᠤᠨ ᠰᠠᠷᠠᠪᠴᠢ ᠶᠢ ᠪᠥᠲᠥᠭᠡᠨ ᠪᠠᠶᠢᠭᠤᠯᠤᠨ᠎ᠠ᠃ ᠰᠠᠭᠤᠷᠢᠨ ᠭᠠᠵᠠᠷ ᠲᠤ ᠴᠢᠬᠢ ᠪᠤᠶᠢᠵᠢᠭᠤᠯᠬᠤ ᠲᠥᠪ ᠢ ᠬᠤᠶᠠᠳᠠᠬᠢ ᠤᠳᠠᠭ᠎ᠠ ᠠᠰᠢᠭᠯᠠᠬᠤ ᠵᠠᠭᠪᠤᠷ ᠢ ᠬᠡᠷᠡᠭᠵᠢᠭᠦᠯᠵᠦ᠂ ᠪᠠᠶᠢᠭᠤᠯᠤᠭᠰᠠᠨ ᠤ ᠳᠠᠷᠠᠭ᠎ᠠ ᠫᠧᠩ ᠪᠦᠷᠢ ᠳᠤ 7000 ᠫᠢᠯᠠ ᠣᠷᠴᠢᠮ ᠴᠢᠬᠢ ᠪᠤᠶᠢᠵᠢᠭᠤᠯᠤᠨ᠂ ᠫᠧᠩ ᠪᠦᠷᠢ ᠳᠤ 290 ᠮᠥ ᠥᠨᠳᠥᠷ ᠬᠠᠯᠠᠭᠤᠨᠲᠠᠢ ᠦᠷ᠎ᠡ ᠶᠢᠨ ᠡᠭᠦᠯᠳᠡᠷ᠂ 200 ᠮᠥ ᠥᠨᠳᠥᠷ ᠬᠠᠯᠠᠭᠤᠨ ᠤᠰᠤ ᠲᠠᠢ ᠥᠨᠳᠥᠷ ᠥᠩᠭᠡ ᠶᠢᠨ ᠲᠥᠷᠥᠯ ᠵᠦᠢᠯ ᠢ ᠦᠢᠯᠡᠳᠪᠦᠷᠢᠯᠡᠵᠦ ᠪᠣᠯᠤᠨ᠎ᠠ᠃ 11.4 ᠲᠦᠮᠡᠨ ᠮᠥ ᠯᠠᠵᠤᠤ ᠶᠢᠨ ᠴᠢᠬᠢ ᠶᠢ ᠬᠠᠩᠭᠠᠵᠤ᠂ 6 ᠲᠦᠮᠡᠨ ᠮᠥ ᠯᠠᠵᠤᠤ ᠶᠢᠨ ᠴᠢᠬᠢ ᠶᠢ ᠭᠦᠨᠵᠡᠭᠡᠶ ᠡᠳ᠋ᠰᠢᠭᠦᠯᠵᠦ᠂ 5.4 ᠲᠦᠮᠡᠨ ᠮᠥ ᠭᠤᠱᠤᠭᠤᠨ ᠯᠠᠵᠤᠤ ᠶᠢᠨ ᠴᠢᠬᠢ ᠶᠢ ᠭᠦᠨᠵᠡᠭᠡᠶ ᠡᠳ᠋ᠰᠢᠭᠦᠯᠵᠦ᠂ ᠪᠥᠬᠦ ᠪᠠᠯᠭᠠᠰᠤᠨ ᠤ ᠯᠠᠵᠤᠤ ᠶᠢᠨ ᠠᠵᠤ ᠦᠶ᠋ᠯᠡᠰ ᠤᠨ ᠬᠡᠯᠬᠢᠶ᠎ᠡ ᠶᠢ ᠳᠡᠭᠡᠳᠦ ᠤᠷᠤᠰᠬᠠᠯ ᠲᠡᠶᠢᠰᠢ ᠤᠷᠲᠤᠳᠬᠠᠬᠤ ᠶᠢ ᠪᠦᠲᠦᠮᠵᠢᠲᠡᠶ ᠠᠬᠢᠭᠤᠯᠵᠤ᠂ ᠯᠠᠵᠤᠤ ᠶᠢᠨ ᠠᠵᠤ ᠦᠶ᠋ᠯᠡᠰ ᠤᠨ ᠰᠢᠰᠲ᠋ᠧᠮ ᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ᠯᠦᠩ ᠵᠧᠩ ᠬᠤᠷᠰᠢᠶ᠎ᠠ ᠶᠢᠨ ᠬᠠᠷᠢᠭᠤᠴᠠᠯᠭᠠᠲᠠᠨ ᠹᠠᠩ ᠵᠢᠶᠦ᠋ᠨ᠄      ᠰᠠᠭᠤᠷᠢᠨ ᠭᠠᠵᠠᠷ ᠲᠤ ᠴᠢᠬᠢ ᠪᠤᠶᠢᠵᠢᠭᠤᠯᠬᠤ ᠠᠵᠢᠯ ᠳᠠᠭᠤᠰᠤᠭᠰᠠᠨ ᠤ ᠳᠠᠷᠠᠭ᠎ᠠ᠂ ᠪᠠᠰᠠ ᠬᠤᠶᠠᠷ ᠤᠳᠠᠭ᠎ᠠ ᠳᠠᠷᠢᠬᠤ ᠵᠠᠭᠪᠤᠷ ᠢ ᠬᠡᠷᠡᠭᠵᠢᠭᠦᠯᠵᠦ᠂ ᠠᠩᠬ᠎ᠠ ᠠᠯᠬᠤᠮ ᠳᠡᠭᠡᠳᠦ ᠲᠠᠰ ᠤᠨ ᠭᠤᠸᠠ ᠵᠢᠮᠢᠰ ᠤᠨ ᠲᠥᠷᠥᠯ ᠵᠦᠢᠯ ᠢ ᠳᠠᠷᠢᠵᠤ᠂ ᠨᠠᠮᠤᠷ ᠵᠠᠯᠭᠠᠭᠠᠳ ᠦᠨᠦᠷᠲᠦ ᠨᠣᠭᠤᠭ᠎ᠠ ᠵᠢᠴᠢ ᠰᠢᠬᠢᠷ ᠤᠨ ᠦᠨᠳᠦᠰᠦ ᠨᠢ ᠲᠡᠨᠡᠭ ᠨᠣᠭᠤᠭ᠎ᠠ ᠳᠠᠷᠢᠵᠤ᠂ ᠮᠥ ᠪᠦᠷᠢ ᠶᠢᠨ ᠳᠤᠮᠳᠠᠴᠢ ᠦᠷ᠎ᠡ ᠠᠰᠢᠭ ᠢ ᠳᠡᠭᠡᠭᠰᠢᠯᠡᠭᠦᠯᠦᠨ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ᠎ᠡ᠃
W020231124342054031162.png
      ᠡᠯ ᠳ᠋ᠤᠤ ᠴᠢᠶᠣᠤ ᠪᠠᠯᠭᠠᠰᠤ ᠯᠦᠩ ᠵᠧᠩ ᠮᠢᠩᠭᠠᠨ ᠮᠦ ᠴᠢᠬᠢ ᠪᠤᠶᠢᠵᠢᠭᠤᠯᠬᠤ ᠰᠠᠭᠤᠷᠢᠨ ᠭᠠᠵᠠᠷ᠂ ᠲᠦᠮᠡᠨ ᠮᠦ ᠬᠤᠪᠢᠰᠬᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ᠂ ᠤᠳᠤ ᠦᠶ᠎ᠡ ᠶᠢᠨ ᠲᠠᠷᠢᠶᠠᠯᠠᠩ ᠤᠨ ᠡᠳ᠋ᠰᠢᠭᠦᠯᠦᠨ ᠬᠠᠳᠠᠭᠠᠯᠠᠬᠤ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠲᠤ ᠲᠦᠰᠢᠭᠯᠡᠨ᠂ ᠴᠢᠬᠢ ᠪᠤᠶᠢᠵᠢᠭᠤᠯᠬᠤ᠂ ᠲᠠᠷᠢᠬᠤ᠂ ᠬᠥᠮᠥᠷᠭᠡᠯᠡᠨ ᠪᠣᠯᠪᠠᠰᠤᠷᠠᠭᠤᠯᠬᠤ ᠶᠢ ᠨᠢᠭᠡ ᠴᠤᠬᠴᠠᠵᠢᠭᠤᠯᠤᠬᠰᠠᠨ ᠯᠠᠵᠤᠤ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠦ᠂ ᠯᠠᠵᠤᠤ ᠶᠢᠨ ᠠᠵᠤ ᠦᠢᠯᠡᠰ ᠤᠨ ᠬᠡᠪᠴᠢᠶᠡᠵᠢᠭᠰᠡᠨ᠂ ᠡᠷᠴᠢᠮᠵᠢᠭᠰᠡᠨ ᠬᠥᠭᠵᠢᠯᠲᠡ ᠶᠢ ᠠᠬᠢᠭᠤᠯᠵᠤ᠂ ᠯᠠᠵᠤᠤ ᠶᠢᠨ ᠠᠵᠤ ᠦᠢᠯᠡᠰ ᠢ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢ ᠠᠬᠢᠭᠤᠯᠬᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ︽ᠬᠤᠪᠢᠰᠬᠠᠯᠲᠤ ᠬᠥᠳᠡᠯᠭᠡᠭᠦᠷ︾ ᠪᠣᠯᠭᠠᠪᠠ᠃
ᠢᠷᠡᠯᠲᠡ᠄ ᠲᠣᠰ ᠰᠣᠯᠵᠢᠶ᠎ᠡ