ᠲᠠᠲᠠᠪᠤᠷᠢᠯᠠᠬᠤ ᠪᠠᠷ ᠪᠠᠶᠢᠭ᠎ᠠ ᠭᠠᠵᠠᠷ ᠲᠠᠷᠢᠶ᠎ᠠ ᠬᠢᠭᠡᠳ ᠭᠠᠵᠠᠷ ᠳᠡᠭᠡᠷᠡᠬᠢ ᠪᠠᠷᠢᠯᠭ᠎ᠠ ᠶᠢᠨ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2023/2/14
      ᠦᠬᠦᠰᠢᠷᠡᠮᠡᠯ ᠠᠵᠤ ᠠᠬᠤᠶᠢᠯᠠᠯ ᠢ ᠤᠯᠠᠮ ᠨᠢᠭᠡ ᠠᠯᠬᠤᠮ ᠠᠮᠢᠳᠤᠯᠢᠭ ᠪᠣᠯᠭᠠᠵᠤ᠂ ᠭᠠᠵᠠᠷ ᠰᠢᠷᠣᠶ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠬᠤᠰᠢᠭᠤᠨ ᠤ ᠵᠠᠰᠠᠭ ᠤᠨ ᠣᠷᠳᠣᠨ ᠠᠴᠠ ᠰᠤᠳᠤᠯᠤᠨ ᠲᠣᠭᠲᠠᠭᠠᠭᠠᠳ᠂ ᠪᠠᠶᠠᠨᠨᠠᠭᠤᠷ ᠬᠤᠲᠠ ᠶᠢᠨ ᠱᠧᠩ ᠬᠤᠸᠠ ᠠᠨ ᠲᠠᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠠᠩ ᠾᠧᠦ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠠᠶᠢᠭ᠎ᠠ ᠨᠢᠭᠡ ᠬᠡᠰᠡᠭ ᠭᠠᠵᠠᠷ ᠰᠢᠷᠣᠶ ︵ᠬᠡᠷᠡᠭᠯᠡᠬᠦ ᠡᠷᠬᠡ ᠶᠢᠨ ᠦᠨᠡᠮᠯᠡᠯ ᠤᠨ ᠨᠣᠮᠧᠷ᠄ ᠬᠠᠩ ᠭᠦᠸᠧ ᠶᠦᠩ ︵20010︶ 40110558︶ ᠪᠣᠯᠤᠨ ᠭᠠᠵᠠᠷ ᠳᠡᠭᠡᠷᠡᠬᠢ ᠪᠠᠷᠢᠯᠭ᠎ᠠ ᠶᠢ ᠲᠠᠲᠠᠪᠤᠷᠢᠯᠠᠬᠤ ᠪᠠᠷ ᠲᠥᠯᠥᠪᠯᠡᠵᠦ ᠪᠣᠶ︔ ᠪᠠᠶᠠᠨᠨᠠᠭᠤᠷ ᠬᠤᠲᠠ ᠶᠢᠨ ᠶᠢᠨ ᠪᠦᠦ ᠪᠠᠷᠢᠯᠭ᠎ᠠ ᠶᠢᠨ ᠢᠨᠵᠧᠨᠧᠷᠢᠩ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠢᠭᠡ ᠬᠡᠰᠡᠭ ᠭᠠᠵᠠᠷ ᠰᠢᠷᠣᠶ ︵ᠬᠡᠷᠡᠭᠯᠡᠬᠦ ᠡᠷᠬᠡ ᠶᠢᠨ ᠦᠨᠡᠮᠯᠡᠯ ᠤᠨ ᠨᠣᠮᠧᠷ ᠨᠢ᠄ ᠬᠠᠩ ᠭᠦᠸᠧ ᠶᠦᠩ ︵2007︶ 40110484︶ ᠪᠣᠯᠤᠨ ᠭᠠᠵᠠᠷ ᠳᠡᠭᠡᠷᠡᠬᠢ ᠪᠠᠷᠢᠯᠭ᠎ᠠ ᠶᠢ ᠡᠭᠡᠭᠦᠯᠦᠨ ᠬᠤᠷᠢᠶᠠᠵᠤ᠂ ᠲᠠᠲᠠᠪᠤᠷᠢᠯᠠᠬᠤ᠂ ᠡᠭᠡᠭᠦᠯᠦᠨ ᠬᠤᠷᠢᠶᠠᠬᠤ ᠦᠨ᠎ᠡ ᠶᠢ ᠦᠨᠡᠯᠡᠨ ᠵᠢᠱᠢᠭᠰᠡᠨ ᠦᠨ᠎ᠡ ᠪᠠᠷ ᠪᠠᠷᠢᠮᠵᠢᠶ᠎ᠠ ᠪᠣᠯᠭᠠᠵᠤ᠂ ᠳᠡᠭᠡᠷᠡᠬᠢ ᠭᠠᠵᠠᠷ ᠰᠢᠷᠣᠶ ᠵᠢᠴᠢ ᠭᠠᠵᠠᠷ ᠳᠡᠭᠡᠷᠡᠬᠢ ᠪᠠᠷᠢᠯᠭ᠎ᠠ ᠳᠤ ᠠᠰᠢᠭ ᠬᠤᠤᠷ ᠤᠨ ᠬᠠᠷᠢᠴᠠᠭ᠎ᠠ ᠲᠠᠢ ᠭᠡᠵᠦ ᠦᠵᠡᠭᠰᠡᠨ ᠲᠤᠬᠠᠶ ᠶᠢᠨ ᠬᠥᠮᠦᠨ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠢᠶᠠᠨ ᠠᠪᠴᠤ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ 208 ᠲᠠᠰᠤᠭ ᠲᠤ ᠬᠦᠷᠴᠦ ᠳᠠᠩᠰᠠᠯᠠᠭᠤᠯᠤᠭᠠᠷᠠᠶ᠂ ᠬᠤᠭᠤᠴᠠᠭ᠎ᠠ ᠥᠩᠭᠡᠷᠡᠲᠡᠯ᠎ᠡ ᠳᠠᠩᠰᠠᠯᠠᠭᠤᠯᠤᠭᠰᠠᠨ ᠥᠬᠡᠶ ᠪᠤᠶᠤ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠢᠶᠠᠨ ᠬᠠᠩᠭᠠᠭᠰᠠᠨ ᠥᠬᠡᠶ ᠪᠣᠯ ᠬᠠᠮᠢᠶ᠎ᠠ ᠪᠥᠬᠦᠶ ᠡᠷᠬᠡ ᠪᠠᠨ ᠬᠠᠶᠠᠭᠰᠠᠨ ᠢᠶᠠᠷ ᠦᠵᠡᠨ᠎ᠡ᠃      ᠵᠠᠷᠯᠠᠨ ᠨᠡᠶᠢᠲᠡᠯᠡᠭᠰᠡᠨ ᠴᠠᠭ᠄ 2023 ᠣᠨ ᠤ 2 ᠰᠠᠷ᠎ᠠ ᠶᠢᠨ 14 ᠤ ᠡᠳᠦᠷ — 2 ᠰᠠᠷ᠎ᠠ ᠶᠢᠨ 20 ᠤ ᠡᠳᠦᠷ      ᠬᠠᠷᠢᠯᠴᠠᠬᠤ ᠤᠲᠠᠰᠤ᠄ 0478 — 6660312                                                                                                                   ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ                                                          2023 ᠣᠨ ᠤ 2 ᠰᠠᠷ᠎ᠠ ᠶᠢᠨ 14
ᠢᠷᠡᠯᠲᠡ᠄ ᠲᠤᠰ ᠰᠦᠯᠵᠢᠶ᠎ᠡ