2022 ᠣᠨ ᠳᠤ᠂ ᠮᠠᠨ ᠤ ᠬᠤᠰᠢᠭᠤ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠤᠬᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠬᠦᠳᠠ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠤᠯᠠᠨ | ᠠᠷᠭ᠎ᠠ ᠬᠡᠮᠵᠢ᠊ ᠡᠶ᠎ᠡ ᠶᠢ ᠵᠡᠷᠭᠡᠪᠡᠷ ᠬᠡᠷᠡᠭᠯᠡᠵᠦ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠥᠷᠨᠢᠭᠦᠯᠬᠦ ᠶᠢ ᠠᠬᠢᠭᠤᠯᠤᠨ᠎ᠠ᠂ ᠤᠳᠤ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠳᠣᠣᠷᠠᠬᠢ | ᠮᠡᠲᠦ ᠮᠡᠳᠡᠭᠦᠯᠦᠶ᠎ᠡ᠄ | ᠨᠢᠭᠡ᠂ ᠭᠤᠤᠯ ᠠᠷᠭ᠎ᠠ ᠬᠡᠮᠵᠢᠶ᠎ᠡ | ︵ᠨᠢᠭᠡ︶ ︽ᠲᠦᠭᠡᠮᠡᠯᠵᠢᠭᠦᠯᠬᠦ︾ ᠶᠢ ᠴᠢᠬᠤᠯᠠᠴᠢᠯᠠᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠦᠵᠡᠯ ᠰᠠᠨᠠᠭᠠᠨ ᠤ ᠣᠶᠢᠯᠠᠭᠠᠭᠳᠠᠬᠤᠨ ᠢ ᠪᠠᠲᠤ ᠪᠠᠬᠢ ᠪᠤᠢ | ᠪᠣᠯᠭᠠᠨ᠎ᠠ᠃ | ᠨᠢᠭᠡ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠦᠨ᠎ᠡ᠃ ᠬᠤᠰᠢᠭᠤᠨ ᠤ | ᠠᠷᠪᠠᠨ ᠨᠠᠶ᠋ᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ︽ᠨᠠᠶ᠋ᠮᠠᠳᠤᠭᠠᠷ ᠲᠠᠪᠤᠨ ᠵᠢᠯ︾ ᠤᠨ | ᠬᠠᠤᠯᠢ ᠲᠦᠭᠡᠮᠡᠯᠵᠢᠭᠦᠯᠬᠦ ᠰᠢᠶ᠋ᠳᠪᠦᠷᠢ ᠶᠢ ᠪᠠᠲᠤᠯᠠᠵᠤ᠂ ᠪᠥᠬᠦ ᠬᠤᠰᠢᠭᠤᠨ ᠤ ᠡᠯ᠎ᠡ ᠨᠢᠭᠡᠴᠡ ᠳᠤ ᠲᠠᠷᠬᠠᠭᠠᠨ ᠥᠭᠴᠦ ᠲᠤᠤᠱᠯᠠᠭᠤᠯᠤᠨ ᠬᠡᠷᠡᠭᠵᠢᠭᠦᠯᠦᠨ᠎ᠡ᠃ | ᠬᠠᠮᠲᠤ ᠳᠤᠨᠢ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠬᠤᠰᠢᠭᠤᠨ ᠨᠠᠮ ᠤᠨ ᠬᠤᠷᠢᠶ᠎ᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠠᠴᠠ ᠳᠡᠳ᠋ | ᠳᠤᠭᠤᠶᠢᠯᠠᠩ ᠤᠨ ᠳᠠᠷᠤᠭ᠎ᠠ᠂ ᠡᠯ᠎ᠡ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠣᠯᠭᠠᠭᠰᠠᠨ ᠬᠠᠤᠯᠢ ᠶᠣᠰᠣᠭᠠᠷ ᠬᠤᠰᠢᠭᠤ ᠪᠠᠨ | ᠵᠠᠰᠠᠬᠤ ᠤᠳᠤᠷᠢᠳᠬᠤ ᠳᠤᠭᠤᠶᠢᠯᠠᠩ ᠪᠠ ᠬᠤᠰᠢᠭᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ ᠲᠤᠰᠬᠠᠶ ᠳᠤᠭᠤᠶᠢᠯᠠᠩ ᠨᠢ ᠬᠤᠰᠢᠭᠤᠨ ᠨᠠᠮ ᠤᠨ ᠬᠤᠷᠢᠶ᠎ᠠ ᠠᠴᠠ ᠤᠳᠤᠷᠢᠳᠬᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠬᠢᠨᠠᠯᠲᠠ ᠲᠠᠯᠪᠢᠬᠤ᠂ ᠵᠠᠰᠠᠭ ᠤᠨ ᠣᠷᠳᠣᠨ ᠠᠴᠠ ᠬᠡᠷᠡᠭᠵᠢᠭᠦᠯᠬᠦ᠂ ᠡᠯ᠎ᠡ ᠰᠠᠯᠠᠭ᠎ᠠ ᠮᠥᠴᠢᠷ ᠴᠤᠭᠭᠠᠷ | ᠠᠳᠬᠤᠨ ᠬᠠᠮᠲᠤ ᠪᠠᠷ ᠬᠠᠮᠢᠶᠠᠷᠬᠤ᠂ ᠪᠥᠬᠦ ᠨᠡᠶᠢᠭᠡᠮ ᠢᠶᠠᠷ ᠢᠶᠠᠨ ᠥᠷᠭᠡᠨ ᠢᠶᠠᠷ ᠣᠷᠣᠯᠴᠠᠬᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠠᠵᠢᠯ ᠤᠨ ᠲᠣᠭᠲᠠᠴᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ ᠬᠤᠶᠠᠷ ᠲᠤ ᠺᠠᠳ᠋ᠷᠴᠤᠳ ᠤᠨ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠶᠢ ᠭᠦᠨᠵᠡᠭᠡᠶ | ᠲᠦᠯᠬᠢᠨ ᠠᠬᠢᠭᠤᠯᠤᠨ᠎ᠠ᠃ | ︵ᠬᠤᠶᠠᠷ︶ ︽ᠴᠢᠩᠭ᠎ᠠ︾ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠬᠠᠤᠯᠢ ᠶᠣᠰᠣᠭᠠᠷ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠬᠢᠷᠢ ᠬᠡᠮᠵᠢᠶ᠎ᠡ ᠪᠠᠨ | ᠳᠡᠭᠡᠭᠰᠢᠯᠡᠭᠦᠯᠦᠨ᠎ᠡ᠃ | ᠨᠢᠭᠡ ᠳᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶ᠋ᠳᠪᠦᠷᠢᠲᠦ ᠪᠤᠳᠤᠯᠭ᠎ᠠ ᠲᠣᠭᠲᠠᠭᠠᠬᠤ ᠵᠢᠷᠤᠮ ᠤᠨ ᠲᠣᠭᠲᠠᠭᠠᠯ ᠢ ᠴᠢᠩᠭ᠎ᠠ ᠵᠢᠷᠤᠮᠯᠠᠨ᠎ᠠ᠃ ︽ᠪᠠᠶᠠᠨᠨᠠᠭᠤᠷ | ᠬᠤᠲᠠ ᠶᠢᠨ ᠴᠢᠬᠤᠯᠠ ᠶᠡᠭᠡ ᠵᠠᠰᠠᠭ ᠵᠠᠬᠢᠷᠭᠠᠨ ᠤ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠬᠡᠷᠡᠭᠵᠢᠭᠦᠯᠬᠦ ᠨᠠᠷᠢᠨ ᠲᠦᠷᠢᠮ︾ ᠢ ᠴᠢᠩᠭ᠎ᠠ | ᠬᠡᠷᠡᠭᠵᠢᠭᠦᠯᠵᠦ᠂ ︽ᠲᠠᠪᠤᠨ ᠶᠡᠭᠡ ᠲᠠᠰ ᠳᠠᠷᠠᠭᠠᠯᠠᠯ︾ ᠢ ᠪᠣᠳᠠᠲᠠᠶ ᠳᠤ ᠨᠠᠶᠢᠳᠠᠪᠤᠷᠢᠵᠢᠭᠤᠯᠤᠨ᠎ᠠ᠃ ᠬᠤᠶᠠᠷ ᠲᠤ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ | ᠵᠥᠪᠯᠡᠭᠴᠢ ᠶᠢᠨ ᠬᠠᠤᠯᠢ ᠶᠣᠰᠣᠭᠠᠷ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠶᠢ ᠳᠥᠯᠭᠢᠨ ᠠᠬᠢᠭᠤᠯᠬᠤ ᠳᠤᠮᠳᠠᠬᠢ ᠴᠢᠬᠤᠯᠠ ᠦᠶ᠋ᠯᠡᠳᠦᠯ ᠢ ᠭᠦᠶ᠋ᠴᠡᠳ | ᠪᠠᠳᠠᠷᠠᠭᠤᠯᠤᠨ᠎ᠠ᠃ ᠪᠥᠬᠦ ᠬᠤᠰᠢᠭᠤᠨ ᠤ ᠠᠵᠢᠯ ᠮᠡᠷᠭᠡᠵᠢᠯ ᠤᠨ ᠬᠠᠤᠯᠢᠴᠢ ᠪᠠ ᠬᠠᠤᠯᠢ ᠴᠠᠭᠠᠵᠠ ᠶᠢᠨ ᠠᠵᠢᠯᠲᠠᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠵᠦ᠂ | ᠬᠠᠤᠯᠢ ᠴᠠᠭᠠᠵᠠ ᠶᠢᠨ ᠵᠥᠪᠯᠡᠭᠴᠢ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠬᠠᠩᠭᠢᠨ ᠬᠤᠶᠢᠲᠤ ᠬᠤᠰᠢᠭᠤᠨ ᠤ ᠬᠠᠤᠯᠢ ᠴᠠᠭᠠᠵᠠ ᠶᠢᠨ ᠵᠥᠪᠯᠡᠭᠴᠢ ᠶᠢᠨ | ᠵᠥᠪᠯᠡᠯ ᠢ ᠰᠢᠨ᠎ᠡ ᠪᠠᠷ ᠪᠠᠶᠢᠭᠤᠯᠵᠤ᠂ ᠴᠢᠬᠤᠯᠠ ᠶᠡᠭᠡ ᠠᠵᠢᠯ ᠤᠨ ᠵᠦᠶ᠋ᠯᠡᠰ ᠲᠤ ᠬᠠᠤᠯᠢ ᠶᠣᠰᠣᠨ ᠤ ᠴᠢᠨᠠᠷ ᠤᠨ ᠨᠤᠲᠠᠯᠠᠯᠲᠠ ᠪᠤᠶᠤ ᠬᠠᠤᠯᠢ ᠴᠠᠭᠠᠵᠠ ᠶᠢᠨ ᠦᠷ᠎ᠡ | ᠳ᠋ᠦᠩ ᠤᠨ ᠵᠢᠱᠢᠯᠲᠡ ᠶᠢ ᠤᠷᠢᠳᠴᠢᠯᠠᠨ ᠬᠢᠵᠦ᠂ ᠬᠠᠤᠯᠢ ᠶᠣᠰᠣᠨ ᠤ ᠴᠢᠨᠠᠷ ᠤᠨ ᠬᠢᠨᠠᠨ ᠪᠠᠶᠢᠴᠠᠭᠠᠯᠲᠠ ᠶᠢᠨ ᠰᠠᠨᠠᠯ ᠢ 118 ᠬᠤᠪᠢ ᠭᠠᠷᠭᠠᠪᠠ᠃ ᠭᠤᠷᠪᠠ ᠳᠤ | ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠬᠠᠮᠢᠶ᠎ᠠ ᠪᠥᠬᠦᠶ | ᠲᠣᠭᠲᠠᠭᠠᠯ ᠢ ᠦᠨᠳᠦᠰᠦᠯᠡᠨ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠵᠤ ᠳᠠᠩᠰᠠᠯᠠᠬᠤ ᠠᠵᠢᠯ ᠢ ᠥᠷᠨᠢᠭᠦᠯᠬᠦ ᠬᠡᠷᠡᠭᠲᠡᠶ᠃ | ︵ᠭᠤᠷᠪᠠ︶ ︽ᠲᠥᠪ︾ ᠭᠡᠳᠡᠭ ᠢᠶᠠᠷ ᠭᠤᠤᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ | ᠵᠢᠷᠤᠮᠵᠢᠭᠤᠯᠤᠨ᠎ᠠ᠃ | ᠨᠢᠭᠡ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠷᠪᠠᠨ ᠵᠦᠢᠯ ᠤᠨ ᠳᠦᠷᠢᠮ ᠢ ᠴᠢᠩᠭ᠎ᠠ ᠬᠡᠷᠡᠭᠵᠢᠭᠦᠯᠪᠡ᠃ ᠬᠠᠤᠯᠢ ᠬᠡᠷᠡᠭᠵᠢᠭᠦᠯᠬᠦ ᠭᠤᠤᠯ ᠴᠣᠭᠴᠠ | ᠪᠠ ᠡᠷᠬᠡ ᠬᠠᠷᠢᠭᠤᠴᠠᠯᠭ᠎ᠠ ᠶᠢᠨ ᠵᠦᠢᠯᠡᠰ ᠢ ᠪᠥᠬᠦ ᠲᠠᠯ᠎ᠠ ᠪᠠᠷ ᠢᠯᠡ ᠪᠣᠯᠭᠠᠬᠤ ᠶᠢ ᠬᠡᠷᠡᠭᠵᠢᠭᠦᠯᠵᠦ᠂ ᠪᠥᠬᠦ ᠬᠤᠰᠢᠭᠤᠨ ᠳᠤ ᠨᠡᠶᠢᠲᠡ 49 ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠭᠤᠤᠯ ᠴᠣᠭᠴᠠ᠂ 6079 ᠬᠠᠤᠯᠢ ᠬᠡᠷᠡᠭᠵᠢᠭᠦᠯᠬᠦ ᠡᠷᠬᠡ ᠶᠢᠨ ᠵᠦᠶ᠋ᠯᠡᠰ ᠢ ᠨᠡᠶᠢᠲᠡ ᠳᠤ ᠵᠠᠷᠯᠠᠪᠠ᠃ ᠰᠢᠶᠠᠩ ᠪᠠᠯᠭᠠᠰᠤᠨ ᠤ ᠡᠷᠬᠡ | ᠣᠯᠭᠤᠬᠤ ᠵᠦᠢᠯᠡᠰ ᠤᠨ 88 ᠵᠦᠢᠯ ᠢ ᠨᠢᠭᠡᠨᠲᠡ ᠬᠦᠯᠢᠶᠡᠨ ᠠᠪᠴᠠᠶ᠃ ᠡᠯ᠎ᠡ ᠬᠠᠤᠯᠢ ᠬᠡᠷᠡᠭᠵᠢᠭᠦᠯᠬᠦ ᠨᠢᠭᠡᠴᠡ ᠨᠦᠭᠦᠳ ︽ᠬᠤᠶᠠᠷ ᠢ ᠲᠣᠬᠢᠶᠠᠯᠳᠤᠯ ᠢᠶᠠᠷ ᠬᠢᠬᠦ᠂ | ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠡᠷᠡᠭ ᠭᠠᠷᠬᠤ ᠠᠴᠠ ᠡᠮᠦᠨ᠎ᠡ ᠡᠷᠬᠡ | ᠬᠠᠷᠢᠭᠤᠴᠠᠯᠭ᠎ᠠ ᠶᠢ ᠢᠯᠡ ᠨᠡᠶᠢᠲᠡᠯᠡᠬᠦ᠂ ᠬᠡᠷᠡᠭ ᠶᠠᠪᠤᠳᠠᠯ ᠤᠨ ᠳᠤᠮᠳᠠᠬᠢ ᠲᠠᠰ ᠳᠠᠷᠠᠭᠠᠯᠠᠯ ᠢ ᠢᠯᠡ ᠨᠡᠶᠢᠲᠡᠯᠡᠬᠦ᠂ ᠬᠡᠷᠡᠭ ᠭᠠᠷᠤᠭᠰᠠᠨ ᠤ ᠳᠠᠷᠠᠭ᠎ᠠ ᠦᠷ᠎ᠡ ᠳ᠋ᠦᠩ ᠢ | ᠢᠯᠡ ᠨᠡᠶᠢᠲᠡᠯᠡᠬᠦ ᠶᠢ ᠡᠷᠡᠰ ᠪᠡᠶᠡᠯᠡᠭᠦᠯᠬᠦ ᠬᠡᠷᠡᠭᠲᠡᠶ᠃ ᠬᠤᠶᠠᠷ ᠲᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠠᠮᠢᠶᠠᠷᠤᠯᠲᠠ ᠶᠢ ᠴᠢᠩᠭᠠᠳᠬᠠᠨ᠎ᠠ᠃ | ᠡᠨᠡ ᠵᠢᠯ ᠠᠴᠠ ᠨᠠᠰᠢ᠂ ᠡᠯ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠡᠶᠡᠴᠢ ᠴᠣᠭᠴᠠ ᠪᠠ ᠠᠵᠢᠯᠲᠠᠨ ᠢ ᠤᠯᠠᠮ ᠨᠢᠭᠡ ᠠᠯᠬᠤᠮ ᠡᠮᠬᠢᠯᠡᠨ ᠳᠢᠭᠯᠡᠵᠦ᠂ ᠬᠠᠤᠯᠢ | ᠬᠡᠷᠡᠭᠵᠢᠭᠦᠯᠬᠦ ᠦᠨᠡᠮᠯᠡᠯ ᠢ 300 ᠭᠠᠷᠤᠶ ᠬᠥᠮᠦᠨ ᠤᠳᠠᠭ᠎ᠠ ᠰᠣᠯᠢᠪᠠ᠃ 2022 ᠣᠨ ᠤ ᠬᠠᠩᠭᠢᠨ ᠬᠤᠶᠢᠲᠤ ᠬᠤᠰᠢᠭᠤᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯᠲᠠᠨ ᠤ ᠬᠢᠷᠢ ᠬᠡᠮ ᠤᠨ ᠭᠡᠷᠡᠴᠢᠯᠡᠯ ᠤᠨ ᠰᠢᠯᠭᠠᠯᠲᠠ ᠶᠢ ᠵᠣᠬᠢᠶᠠᠨ ᠪᠠᠶᠢᠭᠤᠯᠵᠤ᠂ ᠨᠡᠶᠢᠲᠡ 155 ᠬᠥᠮᠦᠨ ᠨᠡᠷ᠎ᠡ ᠮᠡᠳᠡᠭᠦᠯᠦᠨ ᠰᠢᠯᠭᠠᠯᠲᠠ ᠳᠤ | ᠣᠷᠣᠯᠴᠠᠵᠤ᠂ ᠰᠢᠯᠭᠠᠯᠲᠠ ᠳᠤ ᠬᠢᠷᠢ ᠲᠡᠩᠴᠡᠭᠰᠡᠨ ᠨᠣᠷᠮ᠎ᠠ 95% ᠠᠴᠠ ᠳᠡᠭᠡᠭᠰᠢ ᠭᠦᠷᠦᠭᠰᠡᠨ ᠪᠠᠶᠢᠨ᠎ᠠ᠃ ᠭᠤᠷᠪᠠ ᠳᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢᠨ ᠵᠢᠷᠤᠮᠵᠢᠭᠰᠠᠨ ᠬᠢᠷᠢ ᠲᠦᠪᠰᠢᠨ ᠢ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠶᠢ ᠥᠷᠨᠢᠭᠦᠯᠪᠡ᠃ 3 ᠰᠠᠷ᠎ᠠ ᠶᠢᠨ ᠬᠤᠭᠤᠴᠠᠭ᠎ᠠ ᠲᠠᠢ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠥᠪᠡᠷ ᠢ ᠪᠠᠨ | ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠪᠥᠬᠦ ᠲᠠᠯ᠎ᠠ ᠪᠠᠷ ᠥᠷᠨᠢᠭᠦᠯᠵᠦ᠂ ᠬᠦᠴᠢᠷ ᠲᠦᠪᠡᠭᠲᠡᠶ ᠠᠰᠠᠭᠤᠳᠠᠯ ᠢ ᠪᠦᠲᠦᠮᠵᠢᠲᠡᠶ ᠰᠢᠶ᠋ᠳᠪᠦᠷᠢᠯᠡᠨ᠎ᠡ᠃ ᠡᠯ᠎ᠡ | ᠵᠦᠢᠯ ᠤᠨ ᠲᠦᠷᠢᠮ ᠲᠣᠭᠲᠠᠭᠠᠯ ᠢ ᠪᠦᠷᠢᠨᠰᠢᠬᠦᠯᠦᠨ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠲᠤᠰᠬᠠᠶ ᠠᠵᠢᠯᠯᠠᠭ᠎ᠠ ᠶᠢᠨ ᠦᠷ᠎ᠡ ᠪᠦᠲᠦᠭᠡᠯ ᠢ ᠠᠵᠤ ᠠᠬᠤᠶᠢᠯᠠᠯ᠂ | ᠵᠠᠬ᠎ᠠ ᠳᠡᠯᠭᠡᠭᠦᠷ ᠤᠨ ᠭᠤᠤᠯ ᠴᠣᠭᠴᠠ ᠳᠤ ᠦᠶ᠋ᠯᠡᠴᠢᠯᠡᠬᠦ ᠪᠦᠲᠦᠮᠵᠢᠲᠡᠶ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠤᠨ᠎ᠠ᠃ | ︵ᠲᠦᠷᠪᠡ︶ ︽ᠪᠦᠬᠦᠨ︾ ᠢᠶᠠᠷ ᠲᠦᠷᠦᠭᠦᠯᠡᠭᠦᠯᠬᠦ ᠶᠢ ᠪᠠᠷᠢᠮᠲᠠᠯᠠᠵᠤ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠪᠠ᠃ | | ᠨᠢᠭᠡ ᠳᠤ ᠳᠣᠲᠣᠭᠠᠳᠤ ᠶᠢᠨ ᠬᠢᠨᠠᠯᠲᠠ ᠪᠠᠨ ᠴᠢᠩᠭᠠᠳᠬᠠᠪᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠯᠲᠠ ᠶᠢᠨ | ᠵᠢᠯᠣᠭᠤᠳᠣᠯᠭ᠎ᠠ ᠶᠢ ᠥᠷᠭᠡᠨ ᠳᠡᠯᠭᠡᠷ ᠥᠷᠨᠢᠭᠦᠯᠵᠦ᠂ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠯᠲᠠ ᠶᠢᠨ ᠰᠠᠨᠠᠯ ᠤᠨ ᠪᠢᠴᠢᠭ︾ ᠢ 2 | ᠬᠤᠪᠢ ᠭᠠᠷᠭᠠᠪᠠ᠃ ᠰᠣᠯᠪᠢᠴᠠᠭᠤᠯᠤᠨ ᠦᠨᠡᠯᠡᠨ ᠪᠠᠶᠢᠴᠠᠭᠠᠬᠤ ᠠᠷᠭ᠎ᠠ ᠮᠠᠶ᠋ᠢᠭ ᠢᠶᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ ᠤᠨ ᠶᠠᠰᠤ | ᠴᠢᠨᠠᠷ ᠢ ᠦᠨᠡᠯᠡᠨ ᠪᠠᠶᠢᠴᠠᠭᠠᠬᠤ ᠠᠵᠢᠯ ᠢ ᠪᠡᠶᠡᠯᠡᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠢ ᠡᠬᠡ ᠲᠠᠩᠰᠠᠨ ᠳᠤ ᠵᠢᠭᠰᠠᠭᠠᠨ ᠣᠷᠣᠭᠤᠯᠵᠤ᠂ ᠡᠯ᠎ᠡ ᠨᠢᠭᠡᠴᠡ ᠶᠢ | ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃ ᠡᠭᠦᠨ ᠤ ᠬᠠᠮᠲᠤ ᠵᠠᠰᠠᠭ ᠵᠠᠬᠢᠷᠭᠠᠨ ᠤ ᠳᠠᠬᠢᠨ ᠵᠥᠪᠯᠡᠭᠰᠡᠨ᠂ ᠵᠠᠰᠠᠭ ᠵᠠᠬᠢᠷᠭᠠᠨ ᠤ ᠵᠠᠷᠭᠤ ᠶᠢᠨ | ᠪᠤᠷᠤᠭᠤ ᠶᠢ ᠵᠠᠯᠠᠷᠠᠭᠤᠯᠤᠭᠰᠠᠨ ᠬᠡᠷᠡᠭ᠂ ᠪᠠᠶᠢᠴᠠᠭᠠᠬᠤ ᠬᠤᠷᠢᠶ᠎ᠠ ᠶᠢᠨ ᠰᠠᠨᠠᠭᠤᠯᠭ᠎ᠠ ᠶᠢᠨ ᠪᠢᠴᠢᠭ ᠵᠢᠴᠢ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠬᠡᠷᠡᠭ ᠢ | ᠰᠢᠶ᠋ᠳᠪᠦᠷᠢᠯᠡᠭᠰᠡᠨ ᠪᠠᠶᠢᠳᠠᠯ ᠳᠤ ᠬᠢᠨᠠᠯᠲᠠ ᠲᠠᠯᠪᠢᠵᠤ᠂ ᠵᠣᠬᠢᠴᠠᠩᠭᠤᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠭᠰᠠᠨ ᠰᠠᠨᠠᠯ ᠤᠨ | ᠪᠢᠴᠢᠭ ᠢ ᠵᠣᠬᠢᠶᠠᠵᠤ ᠲᠠᠷᠬᠠᠭᠠᠨ᠎ᠠ᠃ ᠬᠤᠶᠠᠷ ᠲᠤ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠪᠡ᠃ ᠰᠠᠨᠠᠭᠠᠴᠢᠯᠠᠭ᠎ᠠ ᠠᠴᠠ ᠪᠠᠨ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠳᠤ ᠠᠵᠢᠯ ᠢᠶᠠᠨ ᠮᠡᠳᠡᠭᠦᠯᠵᠦ᠂ ᠯᠠᠪᠯᠠᠨ ᠠᠰᠠᠭᠤᠬᠤ ᠪᠠ ᠲᠤᠯᠭᠠᠨ ᠠᠰᠠᠭᠤᠬᠤ ᠶᠢ | ᠬᠦᠯᠢᠶᠡᠵᠦ᠂ 2022 ᠣᠨ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ 4 ᠰᠠᠨᠠᠭᠠᠴᠢᠯᠠᠭ᠎ᠠ ᠠᠴᠠ ᠪᠠᠨ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠳᠤ ᠭᠤᠤᠯᠳᠠᠯᠭ᠎ᠠ ᠲᠠᠢ ᠠᠵᠢᠯ ᠢᠶᠠᠨ ᠥᠷᠨᠢᠭᠦᠯᠦᠭᠰᠡᠨ ᠪᠠᠶᠢᠳᠠᠯ ᠢᠶᠠᠨ | ᠮᠡᠳᠡᠭᠳᠡᠵᠦ᠂ ᠤᠳᠠᠭ᠎ᠠ ᠪᠦᠷᠢ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠢᠬᠦ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ | ᠵᠢᠨᠭᠤᠷᠪᠠ ᠳᠤ ᠬᠠᠤᠯᠢ ᠪᠠᠷᠢᠬᠤ ᠬᠢᠨᠠᠯᠲᠠ ᠶᠢ ᠴᠢᠩᠳᠠᠯᠠᠪᠠ᠃ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠴᠢᠩᠭᠠᠳᠬᠠᠪᠠ᠃ ᠵᠠᠰᠠᠭ ᠵᠠᠬᠢᠷᠭᠠᠨ ᠤ ᠵᠠᠷᠭᠤ ᠶᠢᠨ | ᠬᠡᠷᠡᠭ 27 ᠬᠤᠪᠢ ᠪᠠᠶᠢᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠭᠰᠡᠨ ᠨᠤᠷᠮ᠎ᠠ | 100% ᠳᠤ ᠬᠦᠷᠴᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠤᠬᠠᠮᠰᠠᠷ ᠢᠯᠡᠳᠲᠡ ᠳᠡᠭᠡᠭᠰᠢᠯᠡᠪᠡ | ᠃ ᠡᠯ᠎ᠡ ᠰᠠᠯᠠᠭ᠎ᠠ ᠮᠥᠴᠢᠷ 12 ᠬᠤᠪᠢ ᠪᠠᠶᠢᠴᠠᠭᠠᠬᠤ ᠰᠠᠨᠠᠭᠤᠯᠭ᠎ᠠ ᠶᠢ ᠰᠢᠶ᠋ᠳᠪᠦᠷᠢᠯᠡᠭᠰᠡᠨ ᠪᠥᠭᠡᠳ ᠬᠠᠷᠢᠭᠤᠯᠲᠠ ᠥᠭᠪᠡ᠃ | ︵ᠲᠠᠪᠤ︶ ︽ᠰᠢᠯᠢᠳᠡᠭ︾ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ | ᠳᠡᠭᠡᠭᠰᠢᠯᠡᠭᠦᠯᠦᠨ᠎ᠡ᠃ | ᠨᠢᠭᠡ ᠳᠤ ᠡᠷᠬᠡ ᠲᠡᠭᠰᠢ ᠲᠥᠪ ᠭᠤᠣᠯᠴᠢ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠦᠷᠭᠦᠯᠵᠢᠯᠡᠨ ᠪᠤᠢ ᠪᠣᠯᠭᠠᠨ᠎ᠠ᠃ ︽ᠬᠤᠷᠢᠳᠤᠭᠠᠷ ᠶᠡᠭᠡ ᠬᠤᠷᠠᠯ ᠢ | ᠤᠭᠲᠤᠬᠤ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠶᠢ ᠪᠠᠲᠤᠯᠠᠬᠤ︾ | ᠶᠡᠭᠡ ᠶᠠᠷᠢᠯᠴᠠᠭᠠᠨ ᠤ ᠠᠵᠢᠯᠯᠠᠭ᠎ᠠ ᠶᠢ ᠥᠷᠨᠢᠭᠦᠯᠵᠦ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠶᠠᠪᠤᠯᠴᠠᠭ᠎ᠠ ᠶᠢᠨ ᠨᠠᠵᠠᠭᠠᠶ ᠲᠠᠯ᠎ᠠ ᠶᠢᠨ ᠲᠣᠳᠣᠷᠬᠠᠶ | ᠬᠠᠭᠤᠳᠠᠰᠤ ᠶᠢ ᠲᠣᠳᠣᠷᠬᠠᠶ ᠵᠠᠭᠠᠭᠯᠠᠨ ᠲᠣᠭᠲᠠᠭᠠᠵᠤ᠂ ᠠᠰᠢᠭ ᠲᠤᠰᠠ ᠠᠴᠠ ᠵᠠᠶᠢᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠢᠯᠡ ᠠᠵᠢᠯᠯᠠᠭ᠎ᠠ ᠶᠢ | ᠵᠢᠷᠤᠮᠵᠢᠭᠤᠯᠬᠤ᠂ ᠵᠠᠭᠠᠭ ᠬᠢᠵᠠᠭᠠᠷ ᠢ ᠲᠣᠳᠣᠷᠬᠠᠶ ᠪᠣᠯᠭᠠᠬᠤ ᠶᠢ ᠪᠡᠶᠡᠯᠡᠭᠦᠯᠦᠨ᠎ᠡ᠃ ᠬᠤᠶᠠᠷ ᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ | ᠦᠷᠭᠦᠯᠵᠢᠯᠡᠨ ᠳᠡᠭᠡᠭᠰᠢᠯᠡᠭᠦᠯᠦᠨ᠎ᠡ᠃ ︽ᠭᠤᠷᠪᠠ ᠶᠢ ᠲᠥᠪᠯᠡᠷᠡᠭᠦᠯᠬᠦ᠂ ᠭᠤᠷᠪᠠ ᠶᠢ ᠪᠣᠳᠠᠲᠠᠶᠢᠵᠢᠭᠤᠯᠬᠤ︾ ᠶᠢ ᠭᠦᠨᠵᠡᠭᠡᠶ ᠨᠠᠶᠢᠳᠠᠪᠤᠷᠢᠵᠢᠭᠤᠯᠵᠤ᠂ ᠣᠲᠣ ᠪᠣᠯᠲᠠᠯ᠎ᠠ᠂ | ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ᠣᠷᠣᠵᠤ ᠰᠠᠭᠤᠭᠰᠠᠨ ᠰᠠᠯᠠᠭ᠎ᠠ ᠮᠥᠴᠢᠷ ᠪᠠ ᠣᠯᠠᠨ ᠨᠡᠶᠢᠲᠡ ᠶᠢᠨ ᠦᠶ᠋ᠯᠡᠴᠢᠯᠡᠭᠡᠨ ᠤ ᠠᠵᠤ ᠠᠬᠤᠶᠢᠯᠠᠯ ᠨᠡᠶᠢᠲᠡ | 39᠂ ᠬᠡᠷᠡᠭ ᠶᠠᠪᠤᠳᠠᠯ 746 ᠪᠠᠶᠢᠵᠤ᠂ ᠭᠤᠶᠤᠴᠢᠯᠠᠭᠰᠠᠨ ᠬᠡᠷᠡᠭ ᠶᠠᠪᠤᠳᠠᠯ ᠤᠨ ᠶᠣᠰᠣᠭᠠᠷ ᠣᠷᠣᠵᠤ ᠰᠠᠭᠤᠭᠰᠠᠨ ᠨᠣᠷᠮ᠎ᠠ 90.7%᠂ ᠣᠯᠠᠨ ᠨᠡᠶᠢᠲᠡ ᠶᠢᠨ | ᠦᠶ᠋ᠯᠡᠴᠢᠯᠡᠭᠡᠨ ᠤ ᠬᠡᠷᠡᠭ ᠶᠠᠪᠤᠳᠠᠯ ᠤᠨ ᠣᠷᠣᠵᠤ ᠰᠠᠭᠤᠭᠰᠠᠨ ᠨᠣᠷᠮ᠎ᠠ 61% ᠪᠠᠶᠢᠵᠤ᠂ ᠣᠷᠣᠬᠤ ᠶᠣᠰᠣᠲᠠᠶ ᠶᠢ ᠨᠢ ᠴᠥᠮ ᠣᠷᠣᠭᠤᠯᠬᠤ ᠶᠢ ᠠᠯᠬᠤᠮ | ᠠᠯᠬᠤᠮ ᠢᠶᠠᠷ ᠪᠡᠶᠡᠯᠡᠭᠦᠯᠪᠡ᠃ ︽ᠳᠥᠷᠪᠡ ᠶᠢ ᠡᠷᠭᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ︽ᠰᠦᠯᠵᠢᠶ᠎ᠡ ᠪᠠᠷ ᠡᠷᠭᠢᠯᠡᠬᠦ︾ ᠲᠠᠯ᠎ᠠ ᠪᠠᠷ᠂ ᠣᠲᠣ | ᠪᠣᠯᠲᠠᠯ᠎ᠠ᠂ ᠪᠥᠬᠦ ᠬᠤᠰᠢᠭᠤᠨ ᠤ ᠰᠦᠯᠵᠢᠶᠡᠨ ᠳᠡᠭᠡᠷ᠎ᠡ ᠭᠦᠶ᠋ᠴᠡᠳᠬᠡᠬᠦ ᠲᠤᠭ᠎ᠠ 16408 ᠬᠤᠪᠢ ᠪᠠᠶᠢᠵᠤ᠂ ᠪᠥᠬᠦ ᠬᠤᠲᠠ ᠳᠤ ᠬᠤᠶᠠᠳᠤᠭᠠᠷ ᠲᠤ ᠵᠢᠭᠰᠠᠭᠠᠭᠳᠠᠪᠠ︔ | ᠶᠡᠷᠦᠩᠬᠡᠶ ᠴᠣᠩᠬᠤᠨ ᠤ ᠬᠦᠯᠢᠶᠡᠨ ᠠᠪᠤᠭᠰᠠᠨ ᠲᠤᠭ᠎ᠠ 17350 ᠬᠤᠪᠢ ᠪᠠᠶᠢᠵᠤ᠂ ᠪᠦᠬᠦ ᠬᠤᠲᠠ ᠳᠤ ᠬᠤᠶᠠᠳᠤᠭᠠᠷ ᠲᠤ ᠵᠢᠭᠰᠠᠭᠠᠭᠳᠠᠵᠠᠶ᠃ ︽ᠠᠯᠠᠭᠠᠨ ᠤ | ᠠᠯᠪᠠᠨ ᠬᠡᠷ︾ ᠤᠨ ᠲᠠᠯ᠎ᠠ ᠪᠠᠷ᠂ ᠣᠲᠣ ᠪᠣᠯᠲᠠᠯ᠎ᠠ᠂ ᠪᠥᠬᠦ ᠬᠤᠰᠢᠭᠤᠨ ᠤ ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ ᠤᠨ | ᠰᠤᠷᠪᠤᠯᠵᠢᠯᠠᠭ᠎ᠠ ᠶᠢᠨ ᠲᠤᠭ᠎ᠠ 3577538 ᠤᠳᠠᠭ᠎ᠠ ᠬᠦᠷᠴᠦ᠂ ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ ᠤᠨ APP ᠨᠢ ᠨᠢᠭᠡᠨᠲᠡ 35 | ᠵᠦᠶ᠋ᠯ ᠤᠨ ᠤᠨᠴᠠᠯᠢᠬᠳᠤ ᠬᠡᠷᠡᠭᠯᠡᠭᠡᠨ ᠤ ᠵᠦᠶ᠋ᠯ ᠢ ᠵᠠᠯᠭᠠᠨ ᠣᠷᠣᠭᠤᠯᠤᠭᠰᠠᠨ ᠪᠠᠶᠢᠨ᠎ᠠ᠃ ︽ᠨᠢᠭᠡ ᠯᠡ ᠤᠳᠠᠭ᠎ᠠ ᠳᠤ ᠭᠦᠶ᠋ᠴᠡᠳᠬᠡᠬᠦ︾ ᠲᠠᠯ᠎ᠠ ᠪᠠᠷ᠂ ᠣᠲᠣ | ᠪᠣᠯᠲᠠᠯ᠎ᠠ᠂ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠶ᠋ᠴᠡᠳᠬᠡᠬᠦ︾ ᠵᠦᠶ᠋ᠯᠡᠰ ᠢ ᠨᠡᠶᠢᠲᠡ 38968 ᠬᠤᠪᠢ ᠭᠦᠶ᠋ᠴᠡᠳᠬᠡᠭᠰᠡᠨ ᠪᠠᠶᠢᠨ᠎ᠠ᠃ | ︵ᠵᠢᠷᠭᠤᠭ᠎ᠠ︶ ︽ᠲᠣᠭᠲᠠᠭᠤᠨ ᠪᠠᠶᠢᠯᠭᠠᠬᠤ︾ ᠪᠠᠷ ᠰᠠᠭᠤᠷᠢ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠶᠢᠨ ᠤᠳᠤᠷᠢᠳᠤᠮᠵᠢ ᠶᠢᠨ ᠦᠶ᠋ᠯᠡᠳᠦᠯ ᠢ | ᠪᠠᠳᠠᠷᠠᠭᠤᠯᠤᠨ᠎ᠠ᠃ | ᠨᠢᠭᠡ ᠳᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠤᠨ᠎ᠠ᠃ ᠵᠠᠰᠠᠭ | ᠵᠠᠬᠢᠷᠭᠠᠨ ᠤ ᠬᠠᠮᠢᠶᠠᠷᠤᠯᠲᠠ ᠬᠢᠭᠡᠳ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠭᠦᠶ᠋ᠴᠡᠳᠬᠡᠵᠦ᠂ | ᠬᠢᠨᠠᠯᠲᠠ ᠬᠠᠮᠢᠶᠠᠷᠤᠯᠲᠠ ᠬᠢᠭᠡᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠣᠯᠭᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠬᠢᠨᠠᠯᠲᠠ | ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠬᠤᠰᠢᠭᠤᠨ ᠤ ᠡᠯ᠎ᠡ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ | 723 ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠬᠡᠷᠡᠭ ᠢ ᠭᠦᠶ᠋ᠴᠡᠳᠬᠡᠵᠡᠶ᠃ ᠬᠤᠶᠠᠷ ᠲᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯ ᠤᠨ | ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ︽ᠬᠠᠩᠭᠢᠨ ᠬᠤᠶᠢᠲᠤ ᠬᠤᠰᠢᠭᠤᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠶᠣᠰᠣᠭᠠᠷ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠢ ᠰᠢᠭᠦᠬᠦ ᠺᠣᠮᠢᠰ ᠤᠨ ᠠᠵᠢᠯᠲᠠᠨ ᠳᠤ | ᠲᠣᠬᠢᠷᠠᠭᠤᠯᠤᠯᠲᠠ ᠬᠢᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠳᠥᠷᠪᠡᠨ ᠲᠠᠰᠤᠭ ᠤᠨ ᠪᠠᠶᠢᠭᠤᠯᠤᠯᠲᠠ ᠶᠢ ᠵᠢᠷᠤᠮᠵᠢᠭᠤᠯᠤᠨ᠂ ᠨᠥᠬᠦᠴᠡᠯ ᠳᠤ ᠨᠡᠶᠢᠴᠡᠬᠦ ᠬᠡᠷᠡᠭ | ᠰᠢᠶ᠋ᠳᠪᠦᠷᠢᠯᠡᠬᠦ ᠪᠠ ᠲᠤᠰᠠᠯᠠᠬᠤ ᠠᠵᠢᠯᠲᠠᠨ ᠢ ᠪᠦᠷᠢᠨ ᠳᠣᠭᠢᠷᠠᠭᠤᠯᠤᠨ᠎ᠠ᠃ 9 ᠬᠤᠪᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢ ᠭᠥᠯᠢᠶᠡᠨ | ᠠᠪᠴᠤ ᠰᠢᠶ᠋ᠳᠪᠦᠷᠢᠯᠡᠵᠦ᠂ 5 ᠬᠤᠪᠢ ᠭᠤᠶᠤᠴᠢᠯᠠᠯ ᠢ ᠰᠢᠶ᠋ᠳᠪᠦᠷᠢᠯᠡᠨ ᠳᠠᠭᠤᠰᠬᠠᠵᠤ᠂ 3 ᠬᠤᠪᠢ ᠬᠡᠷᠡᠭ ᠢ ᠠᠮᠵᠢᠯᠲᠠ ᠲᠠᠢ ᠪᠠᠷ ᠡᠶᠡᠳᠡᠭᠦᠯᠦᠨ ᠳᠠᠭᠤᠰᠬᠠᠪᠠ᠃ | ᠭᠤᠷᠪᠠ ᠳᠤ ᠤᠯᠠᠨ ᠡᠰᠢᠲᠦ ᠵᠥᠷᠢᠴᠡᠯ ᠢ ᠡᠶᠡᠳᠡᠭᠦᠯᠦᠨ ᠰᠢᠶ᠋ᠳᠪᠦᠷᠢᠯᠡᠬᠦ ᠲᠣᠭᠲᠠᠴᠠ ᠶᠢ ᠪᠦᠷᠢᠨᠰᠢᠬᠦᠯᠦᠨ᠎ᠠ᠃ ︽ᠹᠧᠩᠴᠢᠶᠤᠤ ᠶᠢᠨ ᠲᠤᠷᠰᠢᠯᠭ᠎ᠠ︾ ᠶᠢ ᠭᠦᠨᠵᠡᠭᠡᠢ | ᠠᠬᠢᠭᠤᠯᠵᠤ᠂ ᠰᠠᠨ ᠳ᠋ᠤᠤ ᠴᠢᠶᠣᠤ ᠪᠠᠯᠭᠠᠰᠤ ᠶᠢᠨ ᠬᠥᠳᠡᠭᠡ ᠲᠣᠰᠬᠤᠨ ᠢ ᠵᠠᠰᠠᠵᠤ ᠡᠶᠡᠳᠡᠭᠦᠯᠬᠦ ᠲᠥᠪ ᠢ ᠤᠷᠢᠳᠠᠪᠠᠷ ᠪᠠᠶᠢᠭᠤᠯᠵᠤ᠂ ︽ᠭᠤᠷᠪᠠᠨ ᠭᠠᠵᠠᠷ ᠨᠢᠭᠡ | ᠲᠢᠩᠬᠢᠮ ᠨᠢᠭᠡ ᠲᠠᠰᠤᠯᠭ᠎ᠠ︾ ᠶᠢᠨ ᠪᠦᠳᠦᠭᠡᠨ ᠪᠠᠶᠢᠭᠤᠯᠤᠯᠲᠠ ᠶᠢᠨ ᠠᠵᠢᠯ ᠢ ᠪᠦᠬᠦ ᠲᠠᠯ᠎ᠠ ᠪᠠᠷ ᠠᠬᠢᠭᠤᠯᠵᠤ᠂ ︽ᠭᠠᠭᠴᠠᠭᠠᠷ ᠢᠶᠠᠨ ᠪᠠᠶᠢᠯᠳᠤᠬᠤ︾ ᠠᠴᠠ ︽ | ᠪᠢᠩᠲ᠋ᠤᠸᠠᠨ ᠢᠶᠠᠷ ᠪᠠᠶᠢᠯᠳᠤᠬᠤ︾ ᠲᠡᠰᠢ ᠬᠤᠪᠢᠷᠠᠭᠤᠯᠬᠤ ᠶᠢ ᠠᠬᠢᠭᠤᠯᠵᠤ᠂ ᠦᠨᠳᠦᠰᠦᠨ ᠱᠠᠲᠤᠨ ᠤ ᠵᠥᠷᠢᠴᠡᠯ ᠢ ᠰᠢᠢᠳᠪᠦᠷᠢᠯᠡᠬᠦ ᠬᠦᠴᠢᠷ ᠠᠰᠠᠭᠤᠳᠠᠯ ᠢ ᠦᠨᠡᠨᠬᠦ | ᠰᠢᠢᠳᠪᠦᠷᠢᠯᠡᠬᠦ ᠬᠡᠷᠡᠭᠲᠡᠢ᠃ ᠡᠨᠡ ᠵᠢᠯ ᠠᠴᠠ ᠨᠠᠰᠢ᠂ ᠪᠥᠬᠦ ᠬᠤᠰᠢᠭᠤᠨ ᠤ ᠡᠯ᠎ᠡ ᠱᠠᠲᠤᠨ ᠤ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢᠨ ᠡᠶᠡᠳᠡᠭᠦᠯᠦᠭᠰᠡᠨ ᠬᠡᠷᠡᠭ | 1240 ᠭᠠᠷᠤᠶ ᠪᠠᠶᠢᠵᠤ᠂ ᠠᠮᠵᠢᠯᠲᠠ ᠣᠯᠤᠭᠰᠠᠨ ᠨᠣᠷᠮ᠎ᠠ ᠨᠢ 90.1% ᠳᠤ ᠬᠦᠷᠴᠡᠶ᠂ ᠡᠭᠦᠨ ᠳᠤ ᠣᠷᠤᠭ ᠬᠡᠷ ᠪᠦᠯᠢ ᠶᠢᠨ ᠲᠥᠷᠥᠯ 256᠂ ᠭᠡᠷ᠎ᠡ ᠶᠢᠨ | ᠵᠢᠭᠤᠷᠠᠯᠳᠤᠭᠠᠨ 362᠂ ᠬᠤᠬᠢᠷᠠᠯ ᠤᠨ ᠲᠥᠯᠥᠪᠦᠷᠢ 69᠂ ᠭᠠᠵᠠᠷ ᠰᠢᠷᠣᠶ ᠶᠢᠨ ᠵᠢᠭᠤᠷᠠᠯᠳᠤᠭᠠᠨ 500 ᠭᠠᠷᠤᠶ ᠪᠣᠶ᠃ ᠲᠦᠷᠪᠡ ᠳᠤ ᠡᠶᠡᠳᠡᠭᠦᠯᠬᠦ | ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠨ᠎ᠠ᠃ | ︵ᠲᠤᠯᠤᠭ᠎ᠠ︶ ︽ᠢᠷᠭᠡᠨ︾ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠰᠢᠯᠢᠳᠡᠭᠵᠢᠭᠦᠯᠪᠡ᠃ | ᠨᠢᠭᠡ ᠳᠤ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠪᠦᠬᠦᠦᠶ᠋ᠯᠡᠴᠢᠯᠡᠬᠦ ᠡᠲᠡᠭᠡᠳ ᠤᠨ ᠠᠳᠠᠯᠢ ᠪᠤᠰᠤ | ᠬᠡᠷᠡᠭᠴᠡᠭᠡ ᠱᠠᠭᠠᠷᠳᠠᠯᠭ᠎ᠠ ᠪᠠ ᠣᠨᠴᠠᠯᠢᠭ ᠠᠴᠠ ᠡᠭᠦᠰᠴᠦ᠂ ᠢᠳᠡᠪᠬᠢᠲᠡᠶ ᠪᠠᠷ ᠰᠢᠨ᠎ᠡ ᠶᠢ ᠡᠭᠦᠳᠦᠨ᠂ ︽ᠲᠣᠪᠶᠤᠭ ᠤᠨ ᠮᠠᠶ᠋ᠢᠭ︾ ᠤᠨ ᠣᠯᠠᠨ ᠨᠡᠶᠢᠲᠡ ᠶᠢᠨ ᠬᠠᠤᠯᠢ | ᠴᠠᠭᠠᠵᠠ ᠶᠢᠨ ᠦᠶ᠋ᠯᠡᠴᠢᠯᠡᠭᠡ ᠶᠢ ᠪᠣᠶ ᠪᠣᠯᠭᠠᠨ᠎ᠠ᠃ ᠬᠠᠤᠯᠢᠴᠢ ᠶᠢᠨ ᠦᠢᠯᠡᠴᠢᠯᠡᠭᠡ᠂ ᠠᠯᠪᠠᠨ ᠭᠡᠷᠡᠴᠢᠯᠡᠭᠡ ᠶᠢᠨ ᠦᠢᠯᠡᠴᠢᠯᠡᠭᠡ᠂ ᠬᠠᠤᠯᠢ ᠴᠠᠭᠠᠵᠠ ᠶᠢᠨ ᠲᠤᠰᠠᠯᠠᠮᠵᠢ᠂ | ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠵᠡᠷᠭᠡ ᠠᠭᠤᠯᠭ᠎ᠠ ᠶᠢ ᠪᠦᠬᠦᠨ ᠢ ᠡᠯᠤᠺᠲᠷᠤᠨᠴᠢᠯᠠᠵᠦ᠂ ᠲᠣᠭᠠᠴᠢᠯᠠᠵᠦ᠂ ︽ᠲᠥᠪᠯᠡᠷᠡᠭᠦᠯᠦᠨ | ᠬᠦᠯᠢᠶᠡᠨ ᠠᠪᠴᠤ ᠰᠢᠶ᠋ᠳᠪᠦᠷᠢᠯᠡᠬᠦ᠂ ᠲᠦᠷᠦᠯ ᠬᠤᠪᠢᠶᠠᠨ ᠰᠢᠶ᠋ᠳᠪᠦᠷᠢᠯᠡᠬᠦ᠂ ᠬᠤᠭᠤᠴᠠᠭ᠎ᠠ ᠬᠢᠵᠠᠭᠠᠷᠯᠠᠨ ᠰᠢᠶ᠋ᠳᠪᠦᠷᠢᠯᠡᠵᠦ ᠳᠠᠭᠤᠰᠬᠠᠬᠤ︾ ᠠᠵᠢᠯ ᠤᠨ ᠶᠠᠪᠤᠴᠠ ᠶᠢ | ᠬᠡᠷᠡᠭᠵᠢᠭᠦᠯᠦᠨ᠂ ︽ᠨᠢᠭᠡᠳᠦᠯᠲᠡᠶ ᠬᠦᠯᠢᠶᠡᠨ ᠠᠪᠬᠤ᠂ ᠨᠢᠭᠡᠳᠦᠯᠲᠡᠶ ᠰᠠᠯᠭᠠᠨ ᠲᠣᠬᠢᠷᠠᠭᠤᠯᠬᠤ᠂ ᠨᠢᠭᠡᠳᠦᠯᠲᠡᠶ ᠵᠣᠬᠢᠴᠠᠭᠤᠯᠬᠤ᠂ ᠨᠢᠭᠡᠳᠦᠯᠲᠡᠶ ᠰᠢᠪᠠᠳᠠᠨ | ᠰᠢᠶ᠋ᠳᠪᠦᠷᠢᠯᠡᠭᠦᠯᠬᠦ︾ ᠶᠢ ᠪᠡᠶᠡᠯᠡᠭᠦᠯᠵᠦ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ︽ᠨᠢᠭᠡ ᠦᠷᠳᠡᠭᠡᠯᠢᠭ ᠬᠡᠯᠪᠡᠷᠢ︾᠂ ︽ᠥᠴᠦᠬᠡᠨ ᠴᠦ | ᠵᠠᠶ ᠦᠭᠡᠢ︾ ᠪᠠᠷ ᠲᠥᠪᠯᠡᠷᠡᠭᠦᠯᠦᠨ ᠰᠢᠶ᠋ᠳᠪᠦᠷᠢᠯᠡᠬᠦ ᠶᠢ ᠦᠨᠡᠨ ᠬᠦ ᠪᠡᠶᠡᠯᠡᠭᠦᠯᠦᠨ᠎ᠡ᠃ ᠬᠤᠶᠠᠷ ᠲᠤ ᠬᠠᠤᠯᠢ ᠴᠠᠭᠠᠵᠠ ᠶᠢᠨ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠵᠥᠭᠡᠯᠡᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠠᠯᠪᠠᠨ ᠭᠡᠷᠡᠴᠢᠯᠡᠭᠡ ᠶᠢᠨ ᠦᠶ᠋ᠯᠡᠴᠢᠯᠡᠭᠡᠨ ᠤ ᠬᠦᠴᠦᠨ | ᠴᠢᠳᠠᠪᠤᠷᠢ ᠶᠢ ᠳᠡᠭᠡᠭᠰᠢᠯᠡᠭᠦᠯᠬᠦ ᠶᠢᠨ ᠲᠤᠰᠠᠳᠠ᠂ ᠭᠡᠷᠡᠴᠢᠯᠡᠬᠦ ᠮᠠᠲ᠋ᠧᠷᠢᠶᠠᠯ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ᠂ ᠠᠵᠤ ᠠᠬᠤᠶᠢᠯᠠᠯ ᠳᠤ ᠬᠤᠯᠪᠣᠭᠳᠠᠬᠤ | ᠰᠠᠭᠠᠳ ᠥᠬᠡᠶ ᠨᠡᠪᠲᠡᠷᠡᠬᠦ ᠵᠠᠮ ᠢ ᠨᠡᠭᠡᠭᠡᠬᠦ᠂ ︽ᠨᠢᠭᠡ ᠤᠳᠠᠭ᠎ᠠ ᠶᠢᠨ ᠴᠢᠨᠠᠷᠲᠠᠶ ᠮᠡᠳᠡᠭᠳᠡᠬᠦ ᠪᠢᠴᠢᠭ︾ ᠲᠠᠷᠬᠠᠭᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ | ᠠᠯᠪᠠᠨ ᠭᠡᠷᠡᠴᠢᠯᠡᠭᠡ ᠶᠢᠨ ᠦᠶ᠋ᠯᠡᠴᠢᠯᠡᠭᠡ ᠶᠢ ︽ᠬᠠᠮᠤᠭ ᠤᠨ ᠠᠷᠪᠢᠨ ᠳᠠᠭᠠᠨ ᠨᠢᠭᠡ ᠤᠳᠠᠭ᠎ᠠ ᠶᠠᠪᠤᠭᠤᠯᠬᠤ︾ ᠶᠢ ᠪᠡᠶᠡᠯᠡᠭᠦᠯᠦᠨ᠎ᠡ᠃ | ᠬᠤᠶᠠᠷ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ | ᠥᠩᠭᠡᠷᠡᠭᠰᠡᠨ ᠨᠢᠭᠡ ᠵᠢᠯ ᠳᠤ᠂ ᠮᠠᠨ ᠤ ᠬᠤᠰᠢᠭᠤᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠬᠡᠳᠦ᠋ᠢᠪᠡᠷ ᠪᠠᠭ᠎ᠠ ᠪᠤᠰᠤ | ᠠᠮᠵᠢᠯᠲᠠ ᠣᠯᠤᠭᠰᠠᠨ ᠪᠣᠯᠪᠠᠴᠤ ᠪᠠᠰᠠ ᠮᠠᠰᠢ ᠣᠯᠠᠨ ᠬᠦᠷᠦᠯᠴᠡᠬᠦ ᠥᠬᠡᠶ ᠲᠠᠯ᠎ᠠ ᠪᠠ ᠳᠤᠲᠠᠭᠤᠳᠠᠯ ᠣᠷᠣᠰᠢᠵᠤ ᠪᠠᠶᠢᠪᠠ᠃ ᠨᠢᠭᠡ ᠳᠤ ᠵᠠᠷᠢᠮ ᠤᠳᠤᠷᠢᠳᠬᠤ ᠺᠠᠳ᠋ᠷ | ᠪᠠ ᠠᠵᠢᠯᠳᠠᠨ ᠤ ᠬᠠᠤᠯᠢ ᠪᠠᠷ ᠵᠠᠰᠠᠬᠤ ᠦᠵᠡᠯᠲᠡ ᠶᠢ ᠪᠠᠰᠠ ᠪᠠᠲᠤ ᠪᠠᠬᠢ ᠪᠤᠢ ᠪᠣᠯᠭᠠᠭᠠᠳᠤᠶ᠂ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠴᠢᠬᠤᠯᠠᠲᠠᠶ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠠᠰᠠᠭᠤᠳᠠᠯ ᠢ ᠵᠠᠳᠠᠯᠤᠨ ᠰᠢᠶ᠋ᠳᠪᠦᠷᠢᠯᠡᠬᠦ | ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠶ ᠪᠠᠶᠢᠨ᠎ᠠ︔ ᠬᠤᠶᠠᠷ ᠲᠤ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠨᠢ ᠵᠢᠷᠤᠮᠵᠢᠯ ᠥᠬᠡᠶ᠂ | ᠵᠢᠱᠢᠶᠡᠯᠡᠪᠡᠯ ᠴᠢᠬᠤᠯᠠ ᠶᠡᠭᠡ ᠵᠠᠰᠠᠭ ᠵᠠᠬᠢᠷᠭᠠᠨ ᠤ ᠰᠢᠶ᠋ᠳᠪᠦᠷᠢᠲᠦ ᠪᠣᠳᠣᠯᠭ᠎ᠠ ᠶᠢᠨ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠢ ᠣᠶᠢᠯᠠᠭᠠᠬᠤ ᠥᠬᠡᠶ᠂ ᠬᠠᠤᠯᠢ | ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠰᠤᠳᠤᠯᠬᠤ ᠬᠤᠶᠠᠷ ᠭᠤᠭᠴᠤᠭ᠎ᠠ ᠳᠤ ᠪᠣᠳᠠᠲᠠᠶ ᠢᠯᠡᠷᠡᠯ ᠲᠠᠢ ᠪᠠᠶᠢᠬᠤ ᠶᠢ ᠭᠠᠷᠭᠠᠪᠠᠯ᠂ | ᠰᠢᠶ᠋ᠳᠪᠦᠷᠢᠲᠦ ᠪᠣᠳᠣᠯᠭ᠎ᠠ ᠶᠢ ᠡᠬᠢᠯᠡᠭᠦᠯᠬᠦ᠂ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ | ᠵᠢᠱᠢᠬᠦ᠂ ᠰᠢᠶ᠋ᠳᠪᠦᠷᠢᠲᠦ ᠪᠣᠳᠣᠯᠭ᠎ᠠ ᠶᠢ ᠨᠡᠶᠢᠲᠡᠯᠡᠬᠦ᠂ ᠰᠢᠶ᠋ᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠪᠠ ᠳᠣᠭᠢᠷᠠᠭᠤᠯᠬᠤ ᠵᠡᠷᠭᠡ ᠲᠠᠰ ᠳᠠᠷᠠᠭᠠᠯᠠᠯ ᠢ ᠪᠣᠳᠠᠲᠠᠶ ᠪᠠᠷ | ᠨᠠᠶᠢᠳᠠᠪᠤᠷᠢᠵᠢᠭᠤᠯᠤᠭᠰᠠᠨ ᠥᠬᠡᠶ︔ ᠭᠤᠷᠪᠠ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠵᠦᠢᠯ ᠤᠨ ᠲᠦᠷᠢᠮ︾ ᠤᠨ | ᠬᠡᠷᠡᠭᠵᠢᠭᠦᠯᠦᠯᠲᠡ ᠶᠢᠨ ᠨᠠᠶᠢᠳᠠᠪᠤᠷᠢᠵᠢᠭᠤᠯᠤᠯᠲᠠ ᠨᠢ ᠲᠡᠶᠢᠮᠦ ᠵᠢᠷᠤᠮᠵᠢᠭᠤᠨ ᠪᠢᠰᠢ᠂ ᠵᠢᠱᠢᠶᠡᠯᠡᠪᠡᠯ ᠣᠯᠠᠩᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠢᠭᠡᠴᠢ ᠳᠤ | ᠬᠠᠤᠯᠢ ᠲᠦᠷᠢᠮ ᠤᠨ ᠬᠢᠨᠠᠨ ᠬᠠᠷᠭᠤᠭᠤᠯᠤᠯᠲᠠ ᠶᠢᠨ ᠪᠠᠶᠢᠭᠤᠯᠤᠮᠵᠢ ᠭᠠᠷᠭᠠᠭᠰᠠᠨ ᠦᠭᠡᠢ ᠪᠤᠶᠤ ᠬᠠᠤᠯᠢ ᠲᠦᠷᠢᠮ ᠤᠨ ᠬᠢᠨᠠᠨ ᠬᠠᠷᠭᠤᠭᠤᠯᠤᠯᠲᠠ ᠶᠢᠨ ᠠᠵᠢᠯᠳᠠᠨ | ᠲᠣᠬᠢᠷᠠᠭᠤᠯᠤᠭᠰᠠᠨ ᠦᠭᠡᠢ᠂ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠲᠦᠷᠢᠮ ᠤᠨ ᠬᠢᠨᠠᠨ ᠬᠠᠷᠭᠤᠭᠤᠯᠤᠯᠲᠠ ᠶᠢᠨ ᠵᠢᠷᠤᠮ ᠳᠤᠲᠠᠭᠳᠠᠵᠤ | ᠪᠠᠶᠢᠨ᠎ᠠ᠃ |