ᠮᠠᠰᠢᠨ ᠲᠡᠷᠭᠡᠨ ᠤ ᠣᠨ ᠤ ᠰᠢᠯᠭᠠᠨ ᠪᠠᠶᠢᠴᠠᠭᠠᠬᠤ ᠪᠣᠳᠣᠯᠭ᠎ᠠ ᠳᠤ ᠰᠢᠨ᠎ᠡ ᠬᠤᠪᠢᠷᠠᠯᠲᠠ ᠭᠠᠷᠴᠤ᠂ 15 ᠵᠢᠯ ᠭᠠᠷᠤᠢ ᠪᠠᠷᠢᠭᠰᠠᠨ ᠬᠤᠪᠢ ᠶᠢᠨ ᠮᠠᠰᠢᠨ | ᠲᠡᠷᠭᠡ ᠶᠢ ᠵᠢᠯ ᠳᠤ ᠨᠢᠭᠡ ᠤᠳᠠᠭ᠎ᠠ ᠰᠢᠯᠭᠠᠨ ᠪᠠᠶᠢᠴᠠᠭᠠᠬᠤ ᠪᠠᠷ ᠪᠣᠯᠵᠠᠢ᠃ | 2022 ᠣᠨ ᠤ 10 ᠳ᠋ᠣᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠡᠵᠡᠩᠨᠡᠯᠲᠡ ᠶᠢᠨ ᠪᠤᠰᠤ ᠵᠢᠵᠢᠭ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ᠶᠢ | 10 ᠵᠢᠯ ᠳᠤ 2 ᠤᠳᠠᠭ᠎ᠠ ᠰᠢᠯᠭᠠᠨ ᠪᠠᠶᠢᠴᠠᠭᠠᠬᠤ ᠪᠣᠯᠭᠠᠵᠤ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠠᠴᠠ ᠮᠠᠰᠢᠨ ᠲᠡᠷᠭᠡᠨ ᠤ ᠰᠢᠯᠭᠠᠨ ᠪᠠᠶᠢᠴᠠᠭᠠᠭᠰᠠᠨ ᠲᠡᠮᠳᠡᠭ ᠢ ᠬᠤᠶᠠᠷ ᠵᠢᠯ ᠳᠤ ᠨᠢᠭᠡ ᠤᠳᠠᠭ᠎ᠠ ᠭᠤᠶᠤᠴᠢᠯᠠᠨ ᠠᠪᠤᠨ᠎ᠠ︔ 15 ᠵᠢᠯ ᠪᠠᠷᠢᠭᠰᠠᠨ ᠮᠠᠰᠢᠨ | ᠲᠡᠷᠭᠡ ᠶᠢ ᠬᠠᠭᠠᠰ ᠵᠢᠯ ᠳᠤ ᠨᠢᠭᠡ ᠤᠳᠠᠭ᠎ᠠ ᠰᠢᠯᠭᠠᠨ ᠪᠠᠶᠢᠴᠠᠭᠠᠳᠠᠭ ᠪᠠᠶᠢᠭᠰᠠᠨ ᠢ ᠵᠢᠯ ᠳᠤ ᠨᠢᠭᠡ ᠤᠳᠠᠭ᠎ᠠ ᠰᠢᠯᠭᠠᠨ ᠪᠠᠶᠢᠴᠠᠭᠠᠬᠤ ᠪᠣᠯᠭᠠᠨ᠎ᠠ᠃ | ᠠᠴᠢᠶ᠎ᠠ ᠵᠥᠭᠡᠭᠡᠪᠦᠷᠢ ᠶᠢᠨ ᠡᠵᠡᠩᠨᠡᠯᠲᠡ ᠶᠢᠨ ᠪᠤᠰᠤ ᠵᠢᠵᠢᠭ ᠮᠠᠰᠢᠨ ᠲᠡᠷᠭᠡ ︵9 ᠰᠠᠭᠤᠳᠠᠯ ᠲᠠᠢ ᠪᠤᠶᠤ 9 ᠠᠴᠠ ᠳᠣᠷᠣᠭᠰᠢ ᠰᠠᠭᠤᠳᠠᠯ ᠲᠠᠢ ᠮᠠᠰᠢᠨ ᠲᠡᠷᠭᠡ | ︶ ᠶᠢ 10 ᠵᠢᠯ ᠳᠤ 3 ᠤᠳᠠᠭ᠎ᠠ ᠰᠢᠯᠭᠠᠨ ᠪᠠᠶᠢᠴᠠᠭᠠᠳᠠᠭ ᠪᠠᠶᠢᠬᠰᠠᠨ ᠢ 2 ᠤᠳᠠᠭ᠎ᠠ ᠰᠢᠯᠭᠠᠨ ᠪᠠᠶᠢᠴᠠᠭᠠᠳᠠᠭ ᠪᠤᠯᠭᠠᠨ᠎ᠠ᠃ ᠤᠤᠯ ᠨᠢ 15 ᠵᠢᠯ ᠤᠨ ᠬᠠᠭᠤᠴᠢᠨ | ᠳᠡᠷᠬᠡ ᠶᠢ ᠬᠠᠭᠠᠰ ᠵᠢᠯ ᠳᠤ ᠨᠢᠭᠡ ᠤᠳᠠᠭ᠎ᠠ ᠰᠢᠯᠭᠠᠨ ᠪᠠᠶᠢᠴᠠᠭᠠᠳᠠᠭ ᠪᠠᠶᠢᠬᠰᠠᠨ ᠢ ᠵᠢᠯ ᠳᠤ ᠨᠢᠬᠡ ᠤᠳᠠᠭ᠎ᠠ ᠰᠢᠯᠭᠠᠨ ᠪᠠᠶᠢᠴᠠᠭᠠᠬᠤ ᠪᠤᠯᠭᠠᠪᠠ︔ ᠮᠣᠲ᠋ᠣᠷ ᠲᠡᠷᠭᠡ ᠶᠢ | ᠤᠤᠯ ᠨᠢ 10 ᠵᠢᠯ ᠤᠨ ᠳᠣᠲᠣᠷ᠎ᠠ 5 ᠤᠳᠠᠭ᠎ᠠ ᠰᠢᠯᠭᠠᠨ ᠪᠠᠶᠢᠴᠠᠭᠠᠳᠠᠭ ᠪᠠᠶᠢᠭᠰᠠᠨ ᠢ ︵6 ᠠᠴᠠ 10 ᠳ᠋ᠤᠭᠠᠷ ᠵᠢᠯ ᠪᠣᠯᠲᠠᠯ᠎ᠠ ᠵᠢᠯ ᠪᠦᠷᠢ 1 ᠤᠳᠠᠭ᠎ᠠ︶ 2 | ᠤᠳᠠᠭ᠎ᠠ ᠪᠤᠯᠭᠠᠵᠦ᠂ 10 ᠵᠢᠯ ᠦᠩᠭᠡᠷᠡᠪᠡᠯ ᠵᠢᠯ ᠳᠤ 1 ᠤᠳᠠᠭ᠎ᠠ ᠰᠢᠯᠭᠠᠨ ᠪᠠᠶᠢᠴᠠᠭᠠᠨ᠎ᠠ ᠬᠡᠵᠦ ᠲᠣᠭᠲᠠᠭᠠᠵᠠᠢ᠃ |