ᠦᠯᠦ ᠬᠠᠯᠳᠠᠭᠠᠬᠤ ᠴᠢᠳᠠᠪᠤᠷᠢ ᠶᠢ ᠳᠡᠭᠡᠭᠰᠢᠯᠡᠭᠦᠯᠵᠦ ᠡᠪᠡᠳᠴᠢᠨ ᠬᠢᠵᠢᠭ ᠢ ᠰᠡᠷᠭᠡᠶᠢᠯᠡᠬᠦ 5 ᠵᠥᠢᠯ ᠤᠨ ᠢᠳᠡᠭᠡᠨ 6 ᠵᠥᠢᠯ ᠤᠨ ᠬᠠᠪᠰᠤᠷᠤᠮᠵᠢ
ᠨᠡᠶᠢᠲᠡᠯᠡᠭᠰᠡᠨ ᠴᠠᠭ᠄
2023/4/12
      ᠲᠤᠩ ᠬᠢᠰᠤᠭ᠎ᠠ ᠶᠢᠨ ᠲᠦᠷᠦᠯ + ᠮᠦᠬᠦ ᠶᠢᠨ ᠲᠦᠷᠦᠯ᠃ ᠴᠠᠶ᠋ᠢᠷ ᠨᠢ ᠦᠯᠦ ᠬᠠᠯᠳᠠᠭᠠᠬᠤ ᠴᠢᠳᠠᠪᠤᠷᠢ ᠳᠤ ᠵᠤᠬᠢᠬᠤ ᠲᠤᠬᠢᠷᠠᠭᠤᠯᠤᠯᠲᠠ ᠪᠤᠯᠳᠠᠭ᠃ ᠲᠤᠩ ᠬᠢᠰᠤᠭ᠎ᠠ ᠶᠢᠨ ᠲᠦᠷᠦᠯ ᠤᠨ ᠢᠳᠡᠭᠡᠨ ᠳᠤ ᠴᠠᠶ᠋ᠢᠷ ᠡᠯᠪᠡᠭ ᠠᠭᠤᠯᠤᠭᠳᠠᠳᠠᠭ᠃ ᠬᠡᠷᠪᠡ ᠲᠤᠩ ᠬᠢᠰᠤᠭ᠎ᠠ ᠶᠢᠨ ᠲᠦᠷᠦᠯ ᠢ ᠦᠷᠭᠦᠯᠵᠢ ᠢᠳᠡᠬᠦ ᠦᠭᠡᠢ ᠳᠤ ᠬᠦᠷᠪᠡᠯ ᠮᠦᠬᠦ ᠶᠢᠨ ᠲᠦᠷᠦᠯ ᠢ ᠢᠳᠡᠭᠰᠡᠨ ᠴᠦ ᠪᠤᠯᠤᠨ᠎ᠠ᠃ ᠮᠦᠭᠦ ᠶᠢᠨ ᠲᠦᠷᠦᠯ ᠤᠨ ᠢᠳᠡᠭᠡᠨ ᠳᠤ ᠴᠠᠶ᠋ᠢᠷ ᠡᠯᠪᠡᠭ ᠪᠠᠶ᠋ᠢᠬᠤ ᠠᠴᠠ ᠭᠠᠳᠠᠨ᠎ᠠ᠂ ᠰᠢᠬᠢᠷ ᠡᠯᠪᠡᠭ ᠪᠠᠶ᠋ᠢᠵᠦ᠂ ᠦᠯᠤ ᠬᠠᠯᠳᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠠᠰᠢᠭᠲᠠᠢ᠃ ᠡᠭᠦᠨ ᠠᠴᠠ ᠭᠠᠳᠠᠨ᠎ᠠ᠂ ᠠᠮᠢᠲᠠᠨ ᠤ ᠡᠯᠢᠭᠡ᠂ ᠪᠤᠭᠤᠳᠠᠢ ᠶᠢᠨ ᠬᠦᠪᠤᠷᠡᠯ ᠤᠨ ᠨᠤᠨᠳᠠᠭ᠂ ᠬᠠᠷ᠎ᠠ ᠮᠢᠬ᠎ᠠ᠂ ᠬᠡᠭᠡᠷ᠎ᠡ ᠶᠢᠨ ᠬᠤᠰᠢᠭ᠎ᠠ ᠳᠤ ᠴᠦ ᠴᠠᠶ᠋ᠢᠷ ᠨᠡᠯᠢᠶᠡᠳ ᠡᠯᠪᠡᠭ ᠪᠠᠶ᠋ᠢᠳᠠᠭ᠃ ᠡᠯᠢᠭᠡ + ᠤᠯᠠᠪᠤᠷ ᠰᠢᠷ᠎ᠠ ᠦᠩᠭᠡᠲᠡᠢ ᠨᠤᠭᠤᠭ᠎ᠠ᠃ ᠠᠮᠢᠲᠠᠨ ᠤ ᠴᠢᠨᠠᠷᠲᠠᠢ ᠢᠳᠡᠭᠡᠨ ᠵᠢᠰᠢᠶᠡᠯᠡᠪᠡᠯ ᠡᠯᠢᠭᠡ᠂ ᠭᠠᠯᠠᠭᠤᠨ ᠦᠨᠳᠡᠭᠡᠨ ᠰᠢᠷ᠎ᠠ᠂ ᠵᠢᠭᠠᠰᠤᠨ ᠲᠤᠰᠤᠨ ᠳᠤ ᠸᠢᠲ᠋ᠠᠮᠢᠨ A ᠮᠠᠰᠢ ᠡᠯᠪᠡᠭ ᠪᠠᠶ᠋ᠢᠳᠠᠭ᠃ ᠸᠢᠲ᠋ᠠᠮᠢᠨ A ᠨᠢᠳᠤᠨ ᠤ ᠬᠠᠷᠠᠭ᠎ᠠ ᠬᠠᠮᠠᠭᠠᠯᠠᠳᠠᠭ ᠢ ᠤᠯᠠᠨ ᠢᠶᠠᠷ ᠢᠶᠠᠨ ᠪᠦᠷ ᠮᠡᠳᠡᠨ᠎ᠡ᠃ ᠦᠨᠡᠨ ᠳᠡᠭᠡᠨ ᠲᠡᠷᠡ ᠪᠤᠯ ᠦᠯᠤ ᠬᠠᠯᠳᠠᠭᠠᠬᠤ ᠴᠢᠳᠠᠪᠤᠷᠢ ᠲᠠᠢ ᠨᠢᠭᠲᠠ ᠬᠠᠷᠢᠴᠠᠭ᠎ᠠ ᠲᠠᠢ ᠶᠤᠮ᠃ ᠰᠢᠷ᠎ᠠ ᠯᠤᠤᠪᠠᠩ᠂ ᠨᠠᠩᠭᠤᠸᠠ᠂ ᠵᠦᠷᠵᠢ ᠵᠡᠷᠭᠡ ᠤᠯᠠᠪᠤᠷ ᠰᠢᠷ᠎ᠠ ᠦᠩᠭᠡᠲᠡᠢ ᠨᠤᠭᠤᠭ᠎ᠠ ᠵᠢᠮᠢᠰ ᠤᠨ ᠬᠠᠩᠭᠠᠬᠤ B᠂ ᠰᠢᠷ᠎ᠠ ᠯᠤᠤᠪᠠᠩ ᠤᠨ ᠡᠳ᠋ ᠨᠢ ᠪᠡᠶ᠎ᠡ ᠶᠢᠨ ᠲᠤᠲᠤᠷ᠎ᠠ ᠸᠢᠲ᠋ᠠᠮᠢᠨ A ᠪᠤᠯᠵᠦ ᠬᠤᠪᠢᠷᠠᠳᠠᠭ᠃ ᠭᠦᠨ ᠨᠤᠭᠤᠭᠠᠨ ᠦᠩᠭᠡᠲᠡᠢ ᠨᠤᠭᠤᠭ᠎ᠠ + ᠲᠤᠯᠤᠭᠤᠨ᠎ᠠ᠃ ᠨᠤᠭᠤᠭᠠᠨ ᠴᠡᠴᠡᠭᠳᠤ ᠪᠠᠶ᠋ᠢᠼᠠᠢ᠂ ᠦᠷᠭᠡᠰᠤᠳᠤ ᠨᠤᠭᠤᠭ᠎ᠠ᠂ ᠠᠪᠤᠭ᠎ᠠ᠂ ᠲᠤᠮᠤ ᠴᠠᠭᠠᠨ ᠨᠤᠭᠤᠭ᠎ᠠ᠂ ᠰᠢᠯᠡᠮᠳᠡᠭ ᠵᠡᠷᠭᠡ ᠭᠦᠨ ᠨᠤᠭᠤᠭᠠᠨ ᠦᠩᠭᠡᠲᠡᠢ ᠨᠤᠭᠤᠭ᠎ᠠ︔ ᠲᠤᠯᠤᠭᠤᠨ᠎ᠠ᠂ ᠴᠢᠪᠠᠭ᠎ᠠ᠂ ᠲᠤᠰᠢᠯᠤᠢ᠂ ᠭᠠᠲᠢᠷ᠎ᠠ ᠶᠢᠨ ᠵᠢᠮᠢᠰ᠂ ᠬᠦᠵᠡᠯᠵᠡᠭᠡᠨ᠎ᠡ᠂ ᠰᠢᠷᠠᠰᠤ ᠵᠡᠷᠭᠡ ᠵᠢᠮᠢᠰ ᠨᠢ ᠪᠦᠷ ᠸᠢᠲ᠋ᠠᠮᠢᠨ C ᠶᠢᠨ ᠠᠪᠤᠷᠭᠤ ᠤᠳ ᠶᠤᠮ᠃ ᠸᠢᠲ᠋ᠠᠮᠢᠨ C ᠨᠢ ᠡᠰᠡᠷᠭᠦᠴᠡᠯ ᠴᠤᠭᠴᠠ ᠶᠢᠨ ᠪᠦᠷᠢᠯᠳᠦᠯ ᠢ ᠠᠬᠢᠭᠤᠯᠳᠠᠭ᠃ ᠳᠠᠯᠠᠢ ᠶᠢᠨ ᠵᠢᠭᠠᠰᠤ᠃ ᠸᠢᠲ᠋ᠠᠮᠢᠨ D ᠦᠯᠤ ᠬᠠᠯᠳᠠᠭᠠᠬᠤ ᠴᠢᠳᠠᠪᠤᠷᠢ ᠶᠢ ᠴᠢᠩᠭᠠᠷᠠᠭᠤᠯᠵᠦ᠂ ᠸᠢᠲ᠋ᠠᠮᠢᠨ D ᠲᠤᠲᠠᠭᠳᠠᠪᠠᠯ ᠪᠡᠶ᠎ᠡ ᠶᠢᠨ ᠬᠡᠪ ᠤᠨ ᠴᠢᠳᠠᠪᠤᠷᠢ ᠶᠢ ᠨᠦᠯᠦᠭᠡᠯᠡᠳᠡᠭ᠃ ᠨᠠᠷᠠᠨ ᠳᠤ ᠡᠭᠡᠭᠡᠬᠦ ᠪᠤᠯ ᠸᠢᠲ᠋ᠠᠮᠢᠨ D ᠰᠢᠩᠭᠡᠭᠡᠨ ᠠᠪᠬᠤ ᠪᠦᠳᠦᠮᠵᠢᠲᠠᠢ ᠠᠷᠭ᠎ᠠ ᠪᠤᠯᠪᠠᠴᠤ᠂ ᠡᠪᠤᠯ ᠤᠨ ᠤᠯᠠᠷᠢᠯ ᠳᠤ ᠬᠠᠮᠤᠭ ᠰᠠᠶ᠋ᠢᠨ ᠨᠢ ᠸᠢᠲ᠋ᠠᠮᠢᠨ D ᠡᠯᠪᠡᠭᠲᠡᠢ ᠢᠳᠡᠭᠡᠨ ᠨᠦᠬᠦᠪᠤᠷᠢᠯᠡᠪᠡᠯ ᠵᠤᠬᠢᠨ᠎ᠠ᠃ ᠳᠠᠯᠠᠢ ᠶᠢᠨ ᠵᠢᠭᠠᠰᠤ᠂ ᠠᠮᠢᠲᠠᠨ ᠤ ᠡᠯᠢᠭᠡ᠂ ᠵᠢᠭᠠᠰᠤᠨ ᠲᠤᠰᠤ᠂ ᠦᠨᠳᠡᠭᠡᠨ ᠳᠤ ᠸᠢᠲ᠋ᠠᠮᠢᠨ D ᠶᠢᠨ ᠠᠭᠤᠯᠤᠭᠳᠠᠴᠠ ᠬᠠᠷᠢᠴᠠᠩᠭᠤᠢ ᠡᠯᠪᠡᠭ ᠪᠠᠶ᠋ᠢᠳᠠᠭ᠃ ᠠᠮᠢᠲᠠᠨ ᠤ ᠴᠢᠰᠤ + ᠡᠯᠢᠭᠡ᠃ ᠲᠡᠮᠤᠷ ᠲᠤᠳᠠᠪᠠᠯ ᠦᠯᠤ ᠬᠠᠯᠳᠠᠭᠠᠬᠤ ᠡᠰ ᠬᠠᠰᠤᠭᠳᠠᠵᠦ᠂ ᠦᠯᠤ ᠬᠠᠯᠳᠠᠭᠠᠬᠤ ᠲᠤᠰᠬᠠᠯ ᠲᠤᠲᠠᠭᠤᠳᠠᠳᠠᠭ᠃ ᠬᠠᠷ᠎ᠠ ᠮᠢᠬ᠎ᠠ᠂ ᠠᠮᠢᠲᠠᠨ ᠤ ᠴᠢᠰᠤ᠂ ᠡᠯᠢᠭᠡ ᠵᠡᠷᠭᠡ ᠢᠳᠡᠭᠡᠨ ᠨᠢ ᠲᠡᠮᠤᠷ ᠡᠯᠪᠡᠭᠲᠡᠢ ᠪᠦᠭᠡᠳ ᠰᠢᠩᠭᠡᠭᠡᠵᠦ ᠠᠪᠬᠤ ᠳᠤ ᠰᠠᠶ᠋ᠢᠨ ᠪᠠᠶ᠋ᠢᠳᠠᠭ᠃ ᠡᠳᠤᠷ ᠪᠦᠷᠢ 40 ~75 ᠭᠷᠠᠮ ᠮᠢᠬ᠎ᠠ ᠢᠳᠡᠵᠦ᠂ ᠠᠮᠢᠲᠠᠨ ᠤ ᠡᠯᠢᠭᠡ ᠶᠢ ᠰᠠᠷ᠎ᠠ ᠪᠦᠷᠢ 2~3 ᠤᠳᠠᠭ᠎ᠠ᠂ ᠤᠳᠠᠭ᠎ᠠ ᠪᠦᠷᠢ 25 ᠭᠷᠠᠮ ᠤᠷᠴᠢᠮ ᠢᠳᠡᠪᠡᠯ ᠰᠠᠶ᠋ᠢᠨ ᠭᠡᠵᠦ ᠰᠠᠨᠠᠭᠤᠯᠵᠦ ᠪᠠᠶ᠋ᠢᠨ᠎ᠠ᠃ ᠦᠨᠢᠥᠶᠡᠨ ᠰᠦ + ᠲᠠᠬᠢᠶᠠᠨ ᠦᠨᠳᠡᠭᠡ᠃ ᠢᠳᠡᠭᠡᠨ ᠤᠮᠳᠠᠭᠠᠨ ᠳᠤ ᠤᠭᠤᠷᠠᠭ ᠲᠤᠲᠠᠭᠳᠠᠪᠠᠯ ᠪᠡᠶ᠎ᠡ ᠶᠢᠨ ᠦᠯᠤ ᠬᠠᠯᠳᠠᠭᠠᠬᠤ ᠴᠢᠳᠠᠪᠤᠷᠢ ᠪᠠᠭᠤᠷᠠᠨ᠎ᠠ᠃ ᠤᠭᠤᠷᠠᠭ ᠶᠡᠬᠡᠲᠡᠢ ᠢᠳᠡᠭᠡᠨ ᠲᠤᠩ ᠠᠷᠪᠢᠨ ᠪᠤᠢ᠂ ᠦᠨᠢᠶᠡᠨ ᠰᠦ᠂ ᠴᠠᠭᠠᠨ ᠢᠳᠡᠭᠡ᠂ ᠲᠠᠬᠢᠶᠠᠨ ᠦᠨᠳᠡᠭᠡ᠂ ᠮᠠᠯ ᠵᠢᠭᠦᠷᠲᠡᠨ ᠤ ᠮᠢᠬ᠎ᠠ᠂ ᠵᠢᠭᠠᠰᠤ᠂ ᠰᠠᠮ ᠬᠤᠷᠤᠬᠠᠢ᠂ ᠰᠢᠷ᠎ᠠ ᠪᠤᠷᠴᠠᠭ ᠨᠢ ᠴᠦᠮ ᠴᠢᠨᠠᠷᠯᠢᠭ ᠤᠭᠤᠷᠠᠭ ᠤᠨ ᠰᠠᠶ᠋ᠢᠨ ᠢᠷᠡᠯᠲᠡ ᠮᠥᠨ᠃ ᠦᠨᠢᠶᠡᠨ ᠰᠦ ᠶᠢ ᠡᠳᠤᠷ ᠪᠦᠷᠢ 300 ᠮᠢᠯᠯᠢᠯᠢᠳ᠋ᠷ ᠪᠠᠷᠤᠭ 2 ᠤᠭᠤᠲᠠ ᠤᠤᠭᠤᠵᠦ᠂ ᠲᠠᠬᠢᠶᠠᠨ ᠦᠨᠳᠡᠭᠡ 1᠂ ᠮᠠᠯ ᠵᠢᠭᠦᠷᠲᠡᠨ ᠤ ᠮᠢᠬ᠎ᠠ ᠡᠳᠤᠷ ᠪᠦᠷᠢ 40 ~75 ᠭᠷᠠᠮ᠂᠂ ᠵᠢᠭᠠᠰᠤ ᠰᠠᠮ ᠬᠤᠷᠤᠬᠠᠢ ᠡᠳᠤᠷ ᠪᠦᠷᠢ 40 ~75 ᠭᠷᠠᠮ᠂ ᠰᠢᠷ᠎ᠠ ᠪᠤᠷᠴᠠᠭ ᠨᠢᠭᠡ ᠠᠳᠬᠤ ︵30 ᠭᠷᠠᠮ ᠤᠷᠴᠢᠮ︶ ᠡᠰᠡᠭᠦᠯ᠎ᠡ ᠵᠤᠬᠢᠬᠤ ᠪᠤᠷᠴᠠᠭ ᠤᠨ ᠪᠦᠳᠦᠭᠡᠭᠳᠡᠭᠦᠨ ᠢᠳᠡᠵᠦ ᠤᠤᠭᠤᠪᠠᠯ ᠵᠦᠭᠡᠷ ᠭᠡᠵᠦ ᠰᠠᠨᠠᠭᠤᠯᠵᠦ ᠪᠠᠶ᠋ᠢᠨ᠎ᠠ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ