ᠬᠠᠩᠭᠢᠨ ᠬᠤᠶᠢᠲᠤ ᠬᠤᠰᠢᠭᠤᠨ ᠤ 2023 ᠣᠨ ᠤ ᠳᠤᠮᠳᠠᠳᠤ ᠪᠠᠭ᠎ᠠ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠢᠷᠢᠰ ᠳᠡᠳ᠋ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢᠨ ᠬᠢᠷᠢ ᠬᠡᠮ ᠤᠨ ᠠᠩᠬᠠᠨ ᠤ ᠬᠢᠨᠠᠯᠲᠠ ᠶᠢ ᠥᠩᠭᠡᠷᠡᠭᠡᠵᠦ ᠪᠠᠶᠢᠭ᠎ᠠ ᠬᠥᠮᠦᠰ ᠢ ᠢᠯᠡ ᠨᠡᠶᠢᠲᠡᠯᠡᠨ᠎ᠡ
ᠨᠡᠶᠢᠲᠡᠯᠡᠭᠰᠡᠨ ᠴᠠᠭ᠄
2023/7/11
      ᠬᠠᠩᠭᠢᠨ ᠬᠤᠶᠢᠲᠤ ᠬᠤᠰᠢᠭᠤᠨ ᠤ 2023 ᠣᠨ ᠤ ᠳᠤᠮᠳᠠᠳᠤ ᠪᠠᠭ᠎ᠠ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠢᠷᠢᠰ ᠳᠡᠳ᠋ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢᠨ ᠬᠢᠷᠢ ᠬᠡᠮ ᠤᠨ ᠠᠩᠬᠠᠨ ᠤ ᠬᠢᠨᠠᠯᠲᠠ ᠶᠢᠨ ᠠᠵᠢᠯ ᠨᠢᠭᠡᠨᠲᠡ ᠳᠠᠭᠤᠰᠴᠤ᠂ ᠣᠲᠣ ᠬᠢᠷᠢ ᠬᠡᠮ ᠤᠨ ᠠᠩᠬᠠᠨ ᠤ ᠬᠢᠨᠠᠯᠲᠠ ᠶᠢ ᠥᠩᠭᠡᠷᠡᠭᠡᠭᠰᠡᠨ ᠬᠥᠮᠦᠰ ᠤᠨ ᠨᠡᠷᠡᠰ ᠢ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ᠪᠣᠯᠤᠨ᠎ᠠ᠃ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠢ ᠶᠢᠨ ᠰᠢᠯᠭᠠᠷᠠᠭᠤᠯᠤᠯᠲᠠ ᠳᠤ ᠣᠷᠣᠯᠴᠠᠭᠰᠠᠳ ᠢ ᠵᠣᠬᠢᠶᠠᠨ ᠪᠠᠶᠢᠭᠤᠯᠵᠤ ᠬᠤᠪᠢ ᠬᠥᠮᠦᠨ ᠤ ᠮᠡᠳᠡᠭᠡ ᠵᠠᠩᠭᠢ ᠶᠢ ᠨᠠᠷᠢᠨ ᠬᠢᠨᠠᠮᠠᠭᠠᠶ ᠬᠠᠷᠭᠤᠭᠤᠯᠵᠤ᠂ ᠠᠯᠳᠠᠭ᠎ᠠ ᠪᠤᠷᠤᠭᠤ ᠶᠢ ᠨᠢ ᠣᠯᠵᠤ ᠮᠡᠳᠡᠪᠡᠯ ᠴᠠᠭ ᠲᠤᠬᠠᠶ ᠳᠤᠨᠢ ᠵᠠᠯᠠᠷᠠᠭᠤᠯᠬᠤ ᠬᠡᠷᠡᠭᠲᠡᠶ᠃ ᠢᠯᠡ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠡ ᠪᠠ ᠬᠤᠪᠢ ᠬᠥᠮᠦᠨ ᠴᠥᠮ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ᠂ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠠ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠵᠢᠴᠢ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠳᠡᠭᠡᠭᠰᠢ ᠲᠣᠮᠢᠯᠠᠨ ᠰᠠᠭᠤᠯᠭᠠᠭᠰᠠᠨ ᠰᠠᠯᠠᠭ᠎ᠠ ᠮᠥᠴᠢᠷ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠳᠤ ᠠᠰᠠᠭᠤᠳᠠᠯ ᠢ ᠲᠤᠰᠬᠠᠵᠤ ᠪᠣᠯᠤᠨ᠎ᠠ᠃ ᠠᠰᠠᠭᠤᠳᠠᠯ ᠢ ᠲᠤᠰᠬᠠᠬᠤ ᠳᠤ ᠦᠨᠡᠨ ᠠᠴᠠ ᠵᠥᠪ ᠢ ᠡᠷᠢᠬᠦ ᠶᠢᠨ ᠬᠠᠮᠲᠤ ᠪᠢᠴᠢᠭ ᠤᠨ ᠮᠠᠲ᠋ᠧᠷᠢᠶᠠᠯ ᠢ ᠳᠠᠭᠠᠯᠳᠤᠭᠤᠯᠵᠤ᠂ ᠦᠨᠡᠨ ᠪᠣᠳᠠᠲᠠᠶ ᠣᠪᠣᠭ ᠨᠡᠷ᠎ᠡ᠂ ᠬᠠᠷᠢᠯᠴᠠᠬᠤ ᠤᠲᠠᠰᠤ ᠪᠠᠨ ᠲᠠᠯᠪᠢᠵᠤ᠂ ᠪᠢᠳᠡᠨ ᠤ ᠬᠢᠨᠠᠨ ᠬᠠᠷᠭᠤᠭᠤᠯᠬᠤ ᠪᠠ ᠪᠠᠶᠢᠴᠠᠭᠠᠬᠤ ᠳᠤ ᠲᠦᠭᠦᠮ ᠦᠵᠡᠭᠦᠯᠬᠦ ᠬᠡᠷᠡᠭᠲᠡᠶ᠃      ᠢᠯᠡᠴᠢᠯᠡᠨ ᠮᠡᠳᠡᠭᠦᠯᠬᠦ ᠤᠲᠠᠰᠤ᠄      13500685377 ︵ᠬᠤᠰᠢᠭᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠨ ᠰᠠᠭᠤᠯᠭᠠᠭᠰᠠᠨ ᠵᠣᠬᠢᠶᠠᠨ ᠪᠠᠶᠢᠭᠤᠯᠬᠤ ᠬᠡᠯᠲᠡᠰ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ︶      0478 - 2611589 ︵ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠰᠤᠷᠭᠠᠨ ᠬᠥᠮᠦᠵᠢᠯ ᠤᠨ ᠲᠣᠪᠴᠢᠶ᠎ᠠ ᠳᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ︶      ᠬᠠᠷᠢᠯᠴᠠᠬᠤ ᠣᠳᠠᠰᠣ᠄      0478 - 6620198 ︵ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠲᠤᠰᠬᠠᠶ ᠮᠡᠷᠭᠡᠵᠢᠯ ᠤᠨ ᠲᠠᠰᠤᠭ︶      0478 - 2611581 ︵ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠥᠮᠦᠨ ᠤ ᠨᠠᠷᠢᠨ ᠪᠢᠴᠢᠭᠡᠴᠢ ᠶᠢᠨ ᠲᠠᠰᠤᠭ︶      ᠢᠯᠡ ᠨᠡᠶᠢᠲᠡᠯᠡᠬᠦ ᠴᠠᠭ᠄ 2023 ᠣᠨ ᠤ 7 ᠰᠠᠷ᠎ᠠ ᠶᠢᠨ 12 ᠤᠨ ᠡᠳᠦᠷ ᠠᠴᠠ 2023 ᠣᠨ ᠤ 7 ᠰᠠᠷ᠎ᠠ ᠶᠢᠨ 18 ᠤ ᠡᠳᠦᠷ      ᠳᠠᠭᠠᠯᠳᠤᠭᠤᠯᠤᠯ᠄ ︽ᠬᠠᠩᠭᠢᠨ ᠬᠤᠶᠢᠲᠤ ᠬᠤᠰᠢᠭᠤᠨ ᠤ 2023 ᠣᠨ ᠤ ᠳᠤᠮᠳᠠᠳᠤ ᠪᠠᠭ᠎ᠠ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠢᠷᠢᠰ ᠳᠡᠳ᠋ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢᠨ ᠬᠢᠷᠢ ᠬᠡᠮ ᠤᠨ ᠠᠩᠬᠠᠨ ᠤ ᠬᠢᠨᠠᠯᠲᠠ ᠪᠠᠷ ᠪᠠᠲᠤᠯᠠᠭᠰᠠᠨ ᠬᠥᠮᠥᠰ︾http://www.hjhq.gov.cn/zwgk/tzgg/202307/t20230711_553024.html                         ᠬᠠᠩᠭᠢᠨ ᠬᠤᠶᠢᠲᠤ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ                                                    2023 ᠣᠨ ᠤ 7 ᠰᠠᠷ᠎ᠠ ᠶᠢᠨ 11 ᠤ ᠡᠳᠦᠷ
ᠢᠷᠡᠯᠲᠡ᠄ ᠲᠤᠰ ᠰᠦᠯᠵᠢᠶ᠎ᠡ