ᠬᠤᠳᠣᠭᠤᠳᠣ ᠳᠡᠯᠢᠭᠦᠦ ᠶᠢ ᠵᠣᠬᠢᠴᠠᠭᠤᠯᠬᠤ ᠠᠷᠭ᠎ᠠ ᠶᠠᠭᠤᠨ ᠤ ᠡᠮᠦᠨ᠎ᠡ ᠬᠤᠭᠤᠯᠠ ᠤᠮᠳᠠ ᠶᠢ ᠵᠣᠬᠢᠴᠠᠭᠤᠯᠬᠤ ᠴᠢᠬᠤᠯᠠ ᠲᠠᠢ ᠪᠥᠭᠡᠳ ᠳᠠᠷᠠᠭ᠎ᠠ ᠨᠢ | ᠡᠮ ᠢᠶᠠᠷ ᠵᠠᠰᠠᠬᠤ ᠬᠡᠷᠡᠭᠲᠡᠢ᠃ | 1. ᠬᠤᠭᠤᠯᠠ ᠤᠮᠳᠠ ᠶᠢ ᠲᠣᠬᠢᠷᠠᠭᠤᠯᠤᠨ ᠡᠵᠡᠮᠳᠡᠬᠦ᠄ ᠳᠡᠯᠢᠭᠦᠦ ᠬᠤᠳᠣᠭᠤᠳᠣ ᠶᠢ ᠵᠣᠬᠢᠴᠠᠭᠤᠯᠬᠤ ᠳᠤ ᠪᠠᠨ ᠶᠠᠭᠤᠨ ᠤ ᠡᠮᠦᠨ᠎ᠡ ᠬᠤᠭᠤᠯᠠ ᠤᠮᠳᠠ | ᠬᠡᠷᠡᠭᠯᠡᠬᠦ ᠠᠷᠭ᠎ᠠ ᠬᠡᠮᠵᠢᠶ᠎ᠡ ᠠᠪᠴᠤ ᠰᠠᠶᠢᠵᠢᠷᠠᠭᠤᠯᠬᠤ ᠬᠡᠷᠡᠭᠲᠡᠢ᠂ ᠶᠡᠷᠦᠳᠡ ᠶᠢᠨ ᠴᠠᠭ ᠲᠤ ᠬᠤᠭᠤᠯᠠ ᠤᠮᠳᠠ ᠪᠠᠨ ᠪᠠᠭ᠎ᠠ ᠰᠢᠩᠭᠡᠭᠡᠬᠦ ᠶᠢ ᠠᠩᠬᠠᠷᠴᠤ᠂ ᠲᠣᠰᠣᠯᠢᠭ | ᠵᠦᠢᠯ ᠢ ᠢᠯᠡᠭᠦᠦ ᠢᠳᠡᠬᠦ ᠬᠡᠷᠡᠭᠲᠡᠢ᠂ ᠲᠣᠰᠣᠯᠢᠭ ᠵᠦᠢᠯ ᠢ ᠶᠡᠭᠡ ᠢᠳᠡᠬᠦ ᠪᠠ ᠰᠢᠩᠭᠡᠭᠡᠬᠦ ᠳᠤ ᠪᠡᠷᠬᠡ ᠬᠤᠭᠤᠯᠠ ᠬᠦᠨᠡᠰᠦ᠂ ᠲᠤᠬᠠᠶᠢᠯᠠᠪᠠᠯ ᠰᠢᠩᠭᠡᠨ ᠪᠤᠳᠠᠭᠠᠨ ᠤ | ᠰᠢᠩᠭᠡᠨ ᠪᠤᠳᠠᠭ᠎ᠠ᠂ ᠮᠢᠨᠲᠤᠤᠷ ᠵᠡᠷᠭᠡ ᠬᠤᠭᠤᠯᠠ ᠢᠳᠡᠬᠦ ᠨᠢ ᠬᠤᠳᠣᠭᠤᠳᠣ ᠭᠡᠳᠡᠰᠦᠨ ᠤ ᠠᠵᠢᠯᠯᠠᠭ᠎ᠠ ᠶᠢ ᠲᠦᠷᠭᠡᠰᠬᠡᠬᠦ ᠪᠥᠭᠡᠳ ᠬᠤᠭᠤᠯᠠ ᠪᠠᠭ᠎ᠠ ᠢᠳᠡᠬᠦ | ᠳᠠᠳᠬᠠᠯ ᠢ ᠪᠤᠢ ᠪᠣᠯᠭᠠᠬᠤ ᠬᠡᠷᠡᠭᠲᠡᠢ᠃ | 2. ᠡᠮ ᠬᠡᠷᠡᠭᠯᠡᠬᠦ : ᠬᠡᠷᠪᠡ ᠳᠡᠯᠢᠭᠦᠦ ᠬᠤᠳᠣᠭᠤᠳᠣ ᠮᠠᠭᠤᠳᠠᠭᠰᠠᠨ ᠪᠠᠢᠳᠠᠯ ᠭᠠᠷᠪᠠᠯ ᠶᠡᠷᠦᠳᠡᠭᠡᠨ ᠬᠤᠳᠣᠭᠤᠳᠣ ᠭᠡᠳᠡᠰᠦᠨ ᠤ ᠬᠡᠪ ᠤᠨ ᠭᠦᠷᠪᠡᠯ ᠢᠶᠠᠷ | ᠬᠥᠳᠡᠯᠬᠦ ᠶᠢ ᠨᠥᠯᠦᠭᠡᠯᠡᠵᠦ᠂ ᠬᠤᠭᠤᠯᠠᠨ ᠤ ᠳᠤᠷᠠᠰᠢᠯ ᠪᠠᠭᠤᠷᠠᠬᠤ ᠪᠠᠢᠳᠠᠯ ᠭᠠᠷᠪᠠᠯ ᠡᠮᠴᠢ ᠶᠢᠨ ᠵᠢᠭᠠᠪᠤᠷᠢ ᠪᠠᠷ ᠡᠮ ᠤᠤᠭᠤᠯᠭᠠᠵᠤ᠂ ᠡᠮ ᠤᠤᠭᠤᠨ | ᠵᠣᠬᠢᠴᠠᠭᠤᠯᠤᠯᠲᠠ ᠬᠢᠵᠦ ᠪᠣᠯᠤᠨ᠎ᠠ᠃ |