ᠮᠠᠨ ᠬᠤᠢ ᠪᠠᠯᠭᠠᠰᠤ 2023 ᠣᠨ ᠤ ᠨᠠᠮᠤᠷ ᠤᠨ ᠤᠰᠤᠯᠠᠯᠲᠠ ᠶᠢᠨ ᠠᠮᠤ ᠪᠤᠳᠠᠭᠠᠨ ᠤ ᠬᠠᠮᠠᠭᠠᠯᠠᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/15
      ᠮᠠᠨ ᠬᠤᠢ ᠪᠠᠯᠭᠠᠰᠤᠨ ᠤ ᠨᠠᠮᠤᠷ ᠤᠨ ᠤᠰᠤᠯᠠᠯᠲᠠ ᠶᠢᠨ ᠠᠵᠢᠯ ᠢ ᠰᠠᠶᠢᠲᠤᠷ ᠬᠢᠬᠦ ᠶᠢᠨ ᠲᠥᠯᠥᠭᠡ᠂ 9 ᠰᠠᠷ᠎ᠠ ᠶᠢᠨ 14 ᠤ ᠡᠳᠦᠷ᠂ ᠮᠠᠨ ᠬᠤᠢ ᠪᠠᠯᠭᠠᠰᠤ ᠨᠠᠮᠤᠷ ᠤᠨ ᠤᠰᠤᠯᠠᠯᠲᠠ ᠶᠢᠨ ᠠᠮᠤ ᠪᠤᠳᠠᠭ᠎ᠠ ᠶᠢ ᠪᠠᠲᠤᠯᠠᠬᠤ ᠠᠵᠢᠯ ᠤᠨ ᠬᠤᠷᠠᠯ ᠬᠤᠷᠠᠯᠳᠤᠭᠤᠯᠵᠤ᠂ ᠨᠠᠮ ᠤᠨ ᠬᠤᠷᠢ᠊ ᠡᠶ᠎ᠡ ᠶᠢᠨ ᠱᠦᠵᠢ ᠯᠢ ᠭᠦᠸᠧ ᠫᠢᠩ ᠰᠠᠭᠤᠵᠤ᠂ ᠮᠠᠨ ᠬᠤᠢ ᠪᠠᠯᠭᠠᠰᠤᠨ ᠤ ᠪᠦᠬᠦ ᠺᠠᠳ᠋ᠷ᠂ ᠲᠣᠰᠬᠤᠨ ᠤ ᠬᠤᠶᠠᠷ ᠵᠥᠪᠯᠡᠯ ᠤᠨ ᠪᠦᠷᠢᠯᠳᠦᠬᠦᠨ᠂ ᠡᠯ᠎ᠡ ᠤᠰᠤ ᠠᠷᠪᠢᠯᠠᠬᠤ ᠤᠰᠤᠯᠠᠯᠲᠠ ᠶᠢᠨ ᠬᠤᠷᠰᠢᠶ᠎ᠠ ᠶᠢᠨ ᠬᠠᠤᠯᠢ ᠶᠢᠨ ᠡᠷᠬᠡᠲᠡᠨ ᠬᠤᠷᠠᠯ ᠳᠤ ᠣᠷᠣᠯᠴᠠᠪᠠ᠃
W020230915361309930543.png
      ᠬᠤᠷᠠᠯ ᠠᠴᠠ ︽ᠬᠠᠩᠭᠢᠨ ᠬᠤᠶᠢᠲᠤ ᠬᠤᠰᠢᠭᠤᠨ ᠤ 2023 ᠣᠨ ᠤ ᠨᠠᠮᠤᠷ ᠤᠨ ᠤᠰᠤᠯᠠᠯᠲᠠ ᠶᠢᠨ ᠠᠮᠤ ᠪᠤᠳᠠᠭᠠᠨ ᠤ ᠪᠠᠲᠤᠯᠠᠪᠤᠷᠢ ᠶᠢᠨ ᠠᠵᠢᠯ ᠤᠨ ᠲᠥᠰᠦᠯ︾ ᠤᠨ ᠪᠢᠴᠢᠭ ᠮᠠᠲᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠡᠨᠡ ᠵᠢᠯ ᠤᠨ ᠮᠠᠨ ᠤ ᠪᠠᠯᠭᠠᠰᠤᠨ ᠤ ᠨᠠᠮᠤᠷ ᠤᠨ ᠤᠰᠤᠯᠠᠯᠲᠠ ᠶᠢᠨ ᠠᠵᠢᠯ ᠳᠤ ᠲᠤᠯᠭᠠᠷᠠᠵᠤ ᠪᠠᠶᠢᠭ᠎ᠠ ᠤᠷᠤᠰᠬᠠᠯ ᠤᠨ ᠬᠡᠮᠵᠢ᠊ ᠡᠶ᠎ᠡ ᠬᠦᠷᠦᠯᠴᠡᠬᠦ ᠦᠭᠡᠢ ᠪᠠᠶᠢᠭ᠎ᠠ ᠪᠣᠳᠠᠲᠠᠢ ᠬᠦᠴᠢᠷᠳᠡᠯ ᠳᠤ ᠴᠢᠭᠯᠡᠭᠦᠯᠦᠨ᠂ ᠨᠠᠮ ᠤᠨ ᠬᠤᠷᠢᠶᠠᠨ ᠤ ᠱᠦᠵᠢ ᠯᠢ ᠭᠦᠸᠧ ᠫᠢᠩ ᠴᠢᠬᠤᠯᠠᠴᠢᠯᠠᠭᠰᠠᠨ ᠨᠢ᠂ ᠡᠯ᠎ᠡ ᠲᠣᠰᠬᠤᠨ ᠤ ᠬᠢᠨ ᠨᠠᠮᠤᠷ ᠤᠨ ᠤᠰᠤᠯᠠᠯᠲᠠ ᠶᠢᠨ ᠪᠠᠶᠢᠳᠠᠯ ᠢ ᠰᠡᠷᠭᠡᠭ ᠢᠶᠠᠷ ᠲᠠᠨᠢᠵᠤ᠂ ᠲᠤᠯᠭᠠᠮ᠎ᠠ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠤᠷᠢᠳᠴᠢᠯᠠᠨ ᠰᠠᠶᠢᠲᠤᠷ ᠲᠤᠬᠢᠷᠠᠭᠤᠯᠤᠨ ᠪᠠᠶᠢᠷᠢᠯᠠᠭᠤᠯᠬᠤ ᠬᠡᠷᠡᠭᠲᠡᠢ ᠭᠡᠪᠡ᠃ ᠨᠢᠭᠡ ᠳᠤ᠂ ᠤᠰᠤᠨ ᠰᠤᠪᠠᠭ ᠤᠨ ᠠᠮᠤᠷ ᠲᠦᠪᠰᠢᠨ ᠢ ᠪᠠᠲᠤᠯᠠᠵᠤ᠂ ᠮᠠᠨ ᠤ ᠪᠠᠯᠭᠠᠰᠤ ᠶᠢᠨ ᠬᠢᠨ ᠡᠯ᠎ᠡ ᠲᠣᠰᠬᠤᠨ᠂ ᠬᠤᠷᠰᠢᠶ᠎ᠠ ᠶᠢ ᠵᠣᠬᠢᠶᠠᠨ ᠪᠠᠶᠢᠭᠤᠯᠵᠤ ᠤᠰᠤ ᠳᠠᠮᠵᠢᠭᠤᠯᠬᠤ ᠶᠢ ᠨᠥᠯᠥᠭᠡᠯᠡᠬᠦ ᠡᠯ᠎ᠡ ᠱᠠᠲᠤᠨ ᠤ ᠤᠰᠤᠨ ᠰᠤᠪᠠᠭ ᠢ ᠴᠢᠩᠭ᠎ᠠ ᠪᠠᠶᠢᠴᠠᠭᠠᠵᠤ᠂ ᠠᠰᠠᠭᠤᠳᠠᠯ ᠲᠠᠢ ᠤᠰᠤᠨ ᠰᠤᠪᠠᠭ ᠢ ᠲᠦᠢᠯᠪᠤᠷᠢᠲᠠᠢ ᠴᠡᠪᠡᠷᠯᠡᠵᠦ᠂ ᠲᠠᠷᠢᠶᠠᠨ ᠭᠠᠵᠠᠷ ᠤᠨ ᠤᠰᠤ ᠲᠠᠲᠠᠬᠤ ᠨᠥᠬᠦᠴᠡᠯ ᠢ ᠰᠠᠶᠢᠵᠢᠷᠠᠭᠤᠯᠤᠨ᠎ᠠ︔ ᠬᠤᠶᠠᠷ ᠲᠤ ᠤᠰᠤᠯᠠᠯᠲᠠ ᠶᠢᠨ ᠰᠤᠪᠠᠭ ᠢ ᠣᠷᠣᠨᠵᠢᠭᠤᠯᠬᠤ᠃ ᠰᠢᠯᠤᠭᠤᠨ ᠰᠤᠪᠠᠭ ᠢᠶᠠᠷ ᠨᠢᠭᠡᠴᠢ ᠪᠣᠯᠭᠠᠵᠤ᠂ ᠠᠮᠤ ᠪᠤᠳᠠᠭ᠎ᠠ ᠲᠠᠷᠢᠬᠤ ᠰᠠᠨᠠᠮᠵᠢ ᠶᠢ ᠴᠢᠳᠠᠬᠤ ᠶᠢᠨ ᠳᠣᠲᠣᠷ᠎ᠠ ᠪᠠᠭ᠎ᠠ ᠬᠡᠮᠵᠢᠶᠡᠨ ᠤ ᠬᠡᠳᠦᠨ ᠰᠢᠯᠤᠭᠤᠨ ᠰᠤᠪᠠᠭ ᠲᠤ ᠲᠥᠪᠯᠡᠷᠡᠭᠦᠯᠵᠦ᠂ ᠭᠤᠭᠤᠵᠢᠵᠤ ᠭᠤᠭᠤᠵᠢᠬᠤ ᠵᠠᠮ ᠰᠤᠪᠠᠭ ᠤᠨ ᠬᠤᠬᠢᠷᠠᠯ ᠢ ᠪᠠᠭᠠᠰᠬᠠᠬᠤ ᠬᠡᠷᠡᠭᠲᠡᠶ᠃ ᠭᠤᠷᠪᠠ ᠳᠤ ᠨᠢᠭᠡᠳᠦᠯᠲᠡᠶ ᠲᠥᠯᠥᠪᠯᠡᠨ ᠳᠠᠷᠢᠬᠤ ᠪᠦᠲᠦᠴᠡ ᠶᠢ ᠴᠢᠩᠭᠠᠳᠬᠠᠵᠤ᠂ ᠣᠶᠢᠷ᠎ᠠ ᠶᠢᠨ ᠵᠢᠯ ᠤᠨ ᠳᠠᠷᠢᠬᠤ ᠪᠦᠲᠦᠴᠡ ᠲᠠᠢ ᠤᠶᠠᠯᠳᠤᠭᠤᠯᠤᠨ ᠢᠷᠡᠬᠦ ᠵᠢᠯ ᠤᠨ ᠳᠠᠷᠢᠬᠤ ᠪᠦᠲᠦᠴᠡ ᠶᠢ ᠵᠣᠬᠢᠰᠲᠠᠶ ᠳᠣᠭᠢᠷᠠᠭᠤᠯᠵᠤ᠂ ᠠᠮᠤ ᠪᠤᠳᠠᠭ᠎ᠠ ᠳᠠᠷᠢᠬᠤ ᠭᠠᠵᠠᠷ ᠢ ᠴᠢᠳᠠᠬᠤ ᠶᠢᠨ ᠬᠢᠷᠢ ᠪᠠᠷ ᠲᠥᠪᠯᠡᠷᠡᠭᠦᠯᠦᠨ ᠵᠠᠯᠭᠠᠯᠳᠤᠭᠤᠯᠵᠤ᠂ ᠨᠠᠮᠤᠷ ᠤᠨ ᠤᠰᠤᠯᠠᠯᠲᠠ ᠶᠢᠨ ᠪᠤᠰᠤ ᠰᠢᠭᠤᠳ ᠰᠤᠪᠠᠭ ᠤᠨ ᠳᠣᠲᠣᠷ᠎ᠠ ᠲᠠᠷᠠᠬᠠᠶ ᠳᠠᠷᠢᠵᠤ ᠪᠠᠶᠢᠭ᠎ᠠ ᠭᠠᠵᠠᠷ ᠢ ᠡᠩ ᠤᠨ ᠪᠠᠶᠢᠳᠠᠯ ᠳᠤ ᠨᠠᠮᠤᠷ ᠤᠨ ᠤᠰᠤᠯᠠᠯᠲᠠ ᠳᠤ ᠣᠷᠣᠭᠤᠯᠬᠤ ᠥᠬᠡᠶ ᠪᠠᠶᠢᠬᠤ ᠬᠡᠷᠡᠭᠲᠡᠶ᠃ ᠲᠦᠷᠪᠡ ᠳᠤ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠡᠯ᠎ᠡ ᠰᠤᠪᠠᠭ ᠤᠨ ᠤᠰᠤ ᠬᠡᠷᠡᠭᠯᠡᠬᠦ ᠬᠤᠷᠰᠢᠶ᠎ᠠ ᠨᠢ ᠤᠰᠤᠯᠠᠬᠤ ᠶᠢ ᠳᠠᠭᠠᠭᠠᠴᠢᠯᠠᠬᠤ ᠳᠤᠭᠤᠶᠢᠯᠠᠩ ᠲᠠᠢ ᠵᠣᠯᠭᠠᠯᠳᠤᠭᠤᠯᠤᠨ ᠬᠠᠷᠢᠯᠴᠠᠬᠤ ᠪᠠᠨ ᠴᠢᠩᠭᠠᠳᠬᠠᠵᠤ᠂ ︽ᠨᠢᠭᠡ ᠬᠦᠷᠵᠡ︾ ᠪᠠᠷ ᠲᠠᠷᠢᠶ᠎ᠠ ᠤᠰᠤᠯᠠᠬᠤ ᠶᠢ ᠬᠡᠷᠡᠭᠵᠢᠭᠦᠯᠵᠦ᠂ ᠬᠤᠷᠰᠢᠶ᠎ᠠ ᠶᠢᠨ ᠬᠠᠷᠢᠭᠤᠴᠠᠯᠭᠠᠲᠠᠨ ᠠᠴᠠ ᠰᠤᠪᠠᠭ ᠤᠨ ᠤᠰᠤᠯᠠᠯᠲᠠ ᠶᠢᠨ ᠭᠠᠵᠠᠷ ᠤᠨ ᠲᠣᠰᠬᠤᠨ ᠢ ᠵᠢᠯᠣᠭᠤᠳᠤᠨ ᠨᠠᠮᠤᠷ ᠤᠨ ᠤᠰᠤᠯᠠᠯᠲᠠ ᠶᠢᠨ ᠬᠤᠷᠠᠯ ᠬᠤᠷᠠᠯᠳᠤᠭᠤᠯᠵᠤ᠂ ᠲᠠᠷᠢᠶᠠᠴᠢᠳ ᠤᠨ ᠲᠥᠯᠥᠪᠯᠡᠭᠡ ᠲᠠᠢ᠂ ᠡᠮᠬᠢ ᠵᠢᠷᠤᠮ ᠲᠠᠢ ᠪᠠᠷ ᠤᠰᠤ ᠬᠡᠷᠡᠭᠯᠡᠬᠦ ᠶᠢ ᠢᠳᠡᠪᠬᠢᠲᠡᠶ ᠪᠠᠷ ᠬᠥᠲᠥᠯᠥᠨ ᠵᠢᠯᠣᠭᠤᠳᠬᠤ ᠬᠡᠷᠡᠭᠲᠡᠶ᠃
W020230915361309962166.png
      ᠵᠡᠪᠰᠡᠭᠲᠦ ᠬᠦᠴᠦᠨ ᠤ ᠶᠠᠮᠤᠨ ᠤ ᠰᠠᠶᠢᠳ ᠫᠠᠨ ᠶᠠᠩ ᠪᠣᠳᠠᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃
ᠢᠷᠡᠯᠲᠡ᠄ ᠲᠣᠰ ᠰᠣᠯᠵᠢᠶ᠎ᠡ