ᠳᠧᠦ ᠳ᠋ᠤᠤ ᠴᠢᠶᠣᠤ ᠪᠠᠯᠭᠠᠰᠤ ᠬᠠᠩᠭᠢᠨ ᠬᠤᠶᠢᠲᠤ ᠬᠤᠰᠢᠭᠤᠨ ᠤ 2024 ᠣᠨ ᠤ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠶᠢ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/19
      ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠤᠬᠠᠮᠰᠠᠷ ᠢ ᠦᠨᠡᠨ ᠬᠦ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠰᠠᠶᠢᠨ ᠳᠤᠷ᠎ᠠ ᠠᠴᠠ ᠪᠠᠨ ᠳᠠᠭᠠᠳᠬᠠᠯ ᠳᠤ ᠣᠷᠣᠯᠴᠠᠬᠤ ᠨᠣᠷᠮ᠎ᠠ ᠶᠢ ᠳᠡᠭᠡᠭᠰᠢᠯᠡᠭᠦᠯᠦᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ ᠶᠢᠨ ᠲᠥᠯᠥᠭᠡ᠂ 9 ᠰᠠᠷ᠎ᠠ ᠶᠢᠨ 18 ᠤ ᠡᠳᠦᠷ ᠳᠧᠦ ᠳ᠋ᠤᠤ ᠴᠢᠶᠣᠤ ᠪᠠᠯᠭᠠᠰᠤᠨ ᠳᠤ ᠬᠠᠩᠭᠢᠨ ᠬᠤᠶᠢᠲᠤ ᠬᠤᠰᠢᠭᠤᠨ ᠤ 2024 ᠣᠨ ᠤ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠶᠢ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠠᠵᠢᠯᠯᠠᠭ᠎ᠠ ᠥᠷᠨᠢᠭᠦᠯᠵᠦ᠂ ᠬᠤᠷᠠᠯ ᠠᠴᠠ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠸᠠᠩ ᠯᠢ ᠭᠠᠩ᠂ ᠡᠮ ᠡᠮᠨᠡᠯᠭᠡ ᠶᠢᠨ ᠳᠠᠭᠠᠳᠬᠠᠯ ᠤᠨ ᠦᠶ᠋ᠯᠡᠴᠢᠯᠡᠭᠡᠨ ᠤ ᠲᠥᠪ ᠤᠨ ᠡᠷᠬᠢᠯᠡᠭᠴᠢ ᠮᠤᠩ ᠸᠧᠶ᠂ ᠰᠢᠨᠬᠤᠸᠠ ᠳᠠᠭᠠᠳᠬᠠᠯ ᠤᠨ ᠳᠠᠭᠠᠭᠠᠮᠠᠯ ᠮᠠ ᠵᠢᠶᠠᠨ ᠵᠢᠶᠦ᠋ᠨ ᠢ ᠤᠷᠢᠵᠤ ᠬᠤᠷᠠᠯ ᠳᠤ ᠣᠷᠣᠯᠴᠠᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠭᠦᠸᠧ ᠱᠤᠸᠠᠢ ᠬᠤᠷᠠᠯ ᠡᠷᠭᠢᠯᠡᠵᠦ᠂ ᠪᠥᠬᠦ ᠪᠠᠯᠭᠠᠰᠤᠨ ᠤ ᠤᠳᠤᠷᠢᠳᠬᠤ ᠺᠠᠳ᠋ᠷ᠂ ᠲᠣᠰᠬᠤᠨ ᠤ ᠱᠦᠵᠢ᠂ ᠳᠡᠳ᠋ ᠱᠦᠵᠢ᠂ ᠲᠣᠰᠬᠤᠨ ᠳᠤ ᠰᠠᠭᠤᠬᠤ ᠠᠵᠢᠯᠯᠠᠬᠤ ᠠᠩᠭᠢ ᠬᠤᠷᠠᠯ ᠳᠤ ᠣᠷᠣᠯᠴᠠᠵᠠᠶ᠃
W020230919391973264116.png
      ᠬᠤᠷᠠᠯ ᠳᠡᠭᠡᠷ᠎ᠡ᠂ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠦᠶ᠋ᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠵᠥᠩ ᠰᠢᠶᠤᠤ ᠸᠧᠶ 2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ᠂ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠵᠢᠨᠰᠢᠨᠬᠤᠸᠠ ᠳᠠᠭᠠᠳᠬᠠᠯ ᠤᠨ ᠳᠠᠭᠠᠭᠠᠮᠠᠯ ᠮᠠ ᠵᠢᠶᠠᠨ ᠵᠢᠶᠦ᠋ᠨ 2024 ᠣᠨ ᠤ ᠦᠨᠳᠦᠰᠦᠨ ᠵᠦᠶ᠋ᠯ ᠢ ᠪᠠᠲᠤᠯᠠᠬᠤ ᠮᠠᠲ᠋ᠧᠷᠢᠶᠠᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠵᠢᠴᠢ 2023 ᠣᠨ ᠤ ᠦᠨᠳᠦᠰᠦᠨ ᠵᠦᠶ᠋ᠯ ᠢ ᠪᠠᠲᠤᠯᠠᠬᠤ ᠲᠥᠯᠥᠪᠦᠷᠢ ᠶᠢᠨ ᠬᠡᠷᠡᠭ ᠤᠨ ᠵᠢᠱᠢᠶ᠎ᠡ ᠶᠢ ᠨᠠᠷᠢᠨ ᠲᠠᠨᠢᠯᠴᠠᠭᠤᠯᠪᠠ᠃ ᠨᠠᠷᠢᠨ ᠬᠢᠨᠠᠮᠠᠭᠠᠶ ᠰᠤᠷᠤᠯᠴᠠᠬᠤ ᠪᠠᠷ ᠳᠡᠮᠵᠢᠨ᠂ ᠪᠠᠯᠭᠠᠰᠤ ᠲᠣᠰᠬᠤᠨ ᠤ ᠤᠳᠤᠷᠢᠳᠬᠤ ᠺᠠᠳ᠋ᠷᠴᠤᠳ ᠡᠮ ᠡᠮᠨᠡᠯᠭᠡ ᠶᠢᠨ ᠳᠠᠭᠠᠳᠬᠠᠯ᠂ ᠦᠨᠳᠦᠰᠦᠨ ᠵᠦᠶ᠋ᠯ ᠢ ᠪᠠᠲᠤᠯᠠᠬᠤ ᠬᠠᠮᠤᠭ ᠤᠨ ᠰᠢᠨ᠎ᠡ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ᠂ ᠡᠮ ᠡᠮᠨᠡᠯᠭᠡ ᠶᠢᠨ ᠳᠠᠭᠠᠳᠬᠠᠯ ᠤᠨ ᠠᠵᠢᠯ ᠤᠨ ᠠᠷᠠᠳ ᠲᠤ ᠠᠰᠢᠭ ᠬᠦᠷᠲᠡᠭᠡᠬᠦ ᠴᠢᠬᠤᠯᠠ ᠠᠷᠭ᠎ᠠ ᠬᠡᠮᠵᠢᠶ᠎ᠡ ᠵᠢᠴᠢ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠡᠶᠢᠲᠡᠯᠢᠭ ᠵᠢᠱᠢᠶ᠎ᠡ ᠶᠢ ᠴᠠᠭ ᠲᠤᠬᠠᠶ ᠳᠤᠨᠢ ᠣᠶᠢᠯᠠᠭᠠᠭᠰᠠᠨ ᠪᠠᠶᠢᠨ᠎ᠠ᠃
W020230919391973308221.png
      ᠬᠤᠷᠠᠯ ᠤᠨ ᠳᠠᠷᠠᠭ᠎ᠠ᠂ ᠪᠠᠯᠭᠠᠰᠤ ᠲᠣᠰᠬᠤᠨ ᠤ ᠺᠠᠳ᠋ᠷ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠪᠣᠯᠤᠨ ᠰᠢᠨᠬᠤᠸᠠ ᠳᠠᠭᠠᠳᠬᠠᠯ ᠤᠨ ᠺᠠᠳ᠋ᠷᠴᠤᠳ ᠠᠵᠢᠯᠯᠠᠬᠤ ᠳᠤᠭᠤᠶᠢᠯᠠᠩ ᠪᠠᠶᠢᠭᠤᠯᠵᠤ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠰᠢᠯᠭᠠᠬᠤ ᠡᠷᠦᠬᠡ ᠶᠢᠨ ᠬᠡᠷ ᠲᠤ ᠭᠦᠨᠵᠡᠭᠡᠶᠢᠷᠡᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠣᠯᠠᠨ ᠲᠦᠮᠡᠨ ᠳᠤ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠭᠰᠠᠨ ᠴᠠᠭ᠂ ᠰᠦᠢᠳᠭᠡᠯ ᠲᠤᠰᠢᠶᠠᠬᠤ ᠪᠠᠷᠢᠮᠵᠢᠶ᠎ᠠ᠂ ᠰᠦᠢᠳᠭᠡᠯ ᠲᠤᠰᠢᠶᠠᠬᠤ ᠠᠷᠭ᠎ᠠ ᠮᠠᠶ᠋ᠢᠭ ᠢ ᠴᠠᠭ ᠲᠤᠬᠠᠶ ᠳᠤᠨᠢ ᠣᠶᠢᠯᠠᠭᠠᠭᠤᠯᠬᠤ ᠶᠢᠨ ᠬᠠᠮᠲᠤ ᠤᠳᠠᠭᠠᠨ ᠴᠢᠨᠠᠷᠲᠠᠶ ᠡᠪᠡᠳᠴᠢᠨ ᠤ ᠪᠠᠶᠢᠳᠠᠯ ᠤᠨ ᠲᠤᠬᠠᠶ ᠪᠠᠶᠢᠳᠠᠯ ᠢ ᠣᠶᠢᠯᠠᠭᠠᠭᠤᠯᠪᠠ᠃
W020230919391973324260.png
      ᠵᠠᠯᠭᠠᠭᠠᠳ᠂ ᠳᠧᠦ ᠳ᠋ᠤᠤ ᠴᠢᠶᠣᠤ ᠪᠠᠯᠭᠠᠰᠤ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠠᠵᠢᠯᠯᠠᠭ᠎ᠠ ᠶᠢᠨ ᠲᠥᠰᠦᠯ ᠤᠨ ᠱᠠᠭᠠᠷᠳᠠᠯᠭ᠎ᠠ ᠶᠣᠰᠣᠭᠠᠷ᠂ ᠪᠥᠬᠦ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠶᠢ ᠪᠥᠬᠦ ᠲᠠᠯ᠎ᠠ ᠪᠠᠷ᠂ ᠣᠯᠠᠨ ᠲᠠᠯ᠎ᠠ ᠠᠴᠠ ᠭᠦᠨᠵᠡᠭᠡᠶ ᠥᠷᠨᠢᠭᠦᠯᠦᠨ᠎ᠡ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠣᠯᠠᠨ ᠠᠷᠭ᠎ᠠ ᠵᠠᠮ᠂ ᠣᠯᠠᠨ ᠬᠡᠯᠪᠡᠷᠢ ᠪᠠᠷ ᠤᠬᠠᠭᠤᠯᠵᠤ᠂ ᠦᠨᠡᠨ ᠬᠦ ︽ᠣᠯᠠᠨ ᠲᠦᠮᠡᠨ ᠤ ᠳᠡᠷᠭᠡᠳᠡ ᠬᠦᠷᠴᠦ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ ᠲᠥᠭᠡᠷᠢᠭᠳᠡᠯ ᠢ ᠨᠢ ᠳᠡᠶᠢᠯᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠮᠡᠳᠡᠭᠡ ᠵᠠᠩᠭᠢ ᠶᠢᠨ ᠪᠠᠬᠢᠯᠡᠯᠲᠡ ᠶᠢ ᠰᠠᠭᠠᠳ ᠥᠬᠡᠶ ᠨᠡᠪᠲᠡᠷᠡᠭᠦᠯᠵᠦ︾᠂ ᠣᠯᠠᠨ ᠲᠦᠮᠡᠨ ᠳᠤ ᠨᠢᠳᠦᠨ ᠳᠤ ᠦᠵᠡᠭᠳᠡᠵᠦ᠂ ᠣᠶᠢᠯᠠᠭᠠᠵᠤ᠂ ᠬᠡᠷᠡᠭᠯᠡᠵᠦ ᠳᠡᠶᠢᠯᠬᠦ ᠪᠣᠯᠭᠠᠵᠤ᠂ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠨᠣᠷᠮ᠎ᠠ ᠶᠢ ᠪᠥᠬᠦ ᠬᠦᠴᠦᠨ ᠢᠶᠠᠷ ᠢᠶᠠᠨ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠶ᠃
 
ᠢᠷᠡᠯᠲᠡ᠄ ᠲᠣᠰ ᠰᠣᠯᠵᠢᠶ᠎ᠡ