ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠥᠪᠥᠷ ᠮᠣᠩᠭᠤᠯ ᠤᠨ ᠴᠤᠤᠯ ᠭᠤᠣᠯ ᠢ | ᠲᠠᠲᠠᠵᠤ ᠯᠢᠶᠣᠤ ᠾᠧ ᠭᠤᠣᠯ ᠳᠤ ᠲᠤᠰᠠᠯᠠᠬᠤ ᠢᠨᠵᠧᠨᠧᠷᠢᠩ ᠤᠨ ᠥᠨᠳᠡᠭᠡᠨ ᠤᠰᠤᠨ ᠠᠰᠢᠭᠯᠠᠯᠲᠠ ᠶᠢᠨ ᠬᠦᠢᠰᠦ ︵ᠤᠰᠤᠨ ᠳᠤ ᠵᠢᠪᠦᠭᠰᠡᠨ ᠣᠷᠣᠨ︶ ᠶᠢᠨ | ᠬᠠᠷ᠎ᠠ ᠬᠥᠷᠥᠰᠥᠲᠦ ᠲᠠᠷᠢᠶᠠᠨ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢ ᠬᠠᠭᠤᠯᠵᠤ ᠲᠦᠷ ᠬᠠᠳᠠᠭᠠᠯᠠᠬᠤ ᠲᠥᠰᠥᠯ ᠢ ᠰᠢᠯᠭᠠᠨ ᠬᠦᠯᠢᠶᠡᠨ ᠠᠪᠬᠤ ᠳᠤ ᠬᠢᠷᠢ | ᠲᠡᠩᠴᠡᠪᠡ᠃ | ᠣᠶᠢᠯᠠᠭᠠᠭᠰᠠᠨ ᠢᠶᠠᠷ᠂ ︽14 • 5︾ ᠶᠢᠨ ᠬᠥᠭᠵᠢᠯᠲᠡ ᠶᠢᠨ ᠵᠠᠩᠭᠢᠯᠠᠭ᠎ᠠ ᠶᠢᠨ ᠬᠤᠭᠤᠴᠠᠭᠠᠨ ᠳᠤ᠂ ᠥᠪᠥᠷ ᠮᠣᠩᠭᠤᠯ ᠬᠠᠷ᠎ᠠ ᠬᠥᠷᠥᠰᠥ ᠶᠢ ᠬᠠᠮᠠᠭᠠᠯᠠᠨ | ᠠᠰᠢᠭᠯᠠᠬᠤ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠤᠨ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ᠂ ᠬᠠᠷ᠎ᠠ ᠬᠥᠷᠥᠰᠦᠨ ᠤ ᠡᠬᠢ | ᠪᠠᠶᠠᠯᠢᠭ ᠤᠨ ᠦᠷᠭᠦᠯᠵᠢᠯᠡᠬᠦ᠋ᠢᠴᠡ ᠠᠰᠢᠭᠯᠠᠯᠲᠠ ᠶᠢ ᠠᠬᠢᠭᠤᠯᠬᠤ᠂ ᠲᠠᠷᠢᠶᠠᠨ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠪᠠᠷ ᠭᠤᠣᠯ | ᠬᠠᠷᠠᠯᠲᠠ ᠪᠣᠯᠭᠠᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠡᠰᠡᠭᠴᠢᠯᠡᠨ ᠵᠠᠰᠠᠵᠤ᠂ ᠬᠠᠮᠠᠭᠠᠯᠠᠬᠤ ᠶᠢᠨ ᠳᠠᠭᠠᠤ ᠠᠰᠢᠭᠯᠠᠬᠤ᠂ ᠠᠰᠢᠭᠯᠠᠬᠤ ᠶᠢᠨ | ᠳᠠᠭᠠᠤ ᠬᠠᠮᠠᠭᠠᠯᠠᠬᠤ ᠶᠢ ᠬᠦᠴᠦᠯᠡᠨ ᠪᠡᠶᠡᠯᠡᠭᠦᠯᠵᠦ᠂ ᠥᠪᠥᠷ ᠮᠣᠩᠭᠤᠯ ᠤᠨ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠤᠯᠠᠮ ᠪᠠᠬᠢᠵᠢᠭᠦᠯᠵᠦ᠂ ︽ | ᠳᠤᠮᠳᠠᠳᠤ ᠤᠯᠤᠰ ᠤᠨ ᠪᠤᠳᠠᠭᠠᠨ ᠠᠶᠠᠭ᠎ᠠ︾ ᠳᠤ ︽ᠠᠷᠤ ᠭᠠᠵᠠᠷ ᠤᠨ ᠠᠮᠤ︾ ᠨᠡᠮᠡᠷᠢᠯᠡᠪᠡ᠃ | ᠥᠪᠥᠷ ᠮᠣᠩᠭᠤᠯ ᠤᠨ ᠴᠤᠤᠯ ᠭᠤᠣᠯ ᠢ ᠲᠠᠲᠠᠵᠤ ᠯᠢᠶᠣᠤ ᠾᠧ ᠭᠤᠣᠯ ᠳᠤ ᠲᠤᠰᠠᠯᠠᠬᠤ ᠢᠨᠵᠧᠨᠧᠷᠢᠩ ᠤᠨ ᠥᠨᠳᠡᠭᠡᠨ ᠤᠰᠤᠨ ᠠᠰᠢᠭᠯᠠᠯᠲᠠ ᠶᠢᠨ ᠬᠦᠢᠰᠦ | ︵ᠤᠰᠤᠨ ᠳᠤ ᠵᠢᠪᠦᠭᠰᠡᠨ ᠣᠷᠣᠨ︶ ᠶᠢᠨ ᠬᠠᠷ᠎ᠠ ᠬᠥᠷᠥᠰᠥᠲᠦ ᠲᠠᠷᠢᠶᠠᠨ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢ ᠬᠠᠭᠤᠯᠵᠤ ᠲᠦᠷ ᠬᠠᠳᠠᠭᠠᠯᠠᠬᠤ ᠲᠥᠰᠥᠯ ᠨᠢ | ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠳᠤ ᠪᠠᠶᠢᠷᠢᠯᠠᠵᠦ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠬᠠᠷ᠎ᠠ ᠬᠥᠷᠥᠰᠥ ᠶᠢ ᠬᠠᠮᠠᠭᠠᠯᠠᠬᠤ ᠬᠠᠤᠯᠢ︾ ᠶᠢ ᠦᠨᠳᠦᠰᠦᠯᠡᠨ ᠲᠣᠭᠲᠠᠭᠠᠭᠰᠠᠨ ᠬᠠᠷ᠎ᠠ ᠬᠥᠷᠥᠰᠥ ᠶᠢ ᠬᠠᠮᠠᠭᠠᠯᠠᠬᠤ ᠲᠥᠰᠥᠯ ᠪᠠᠶᠢᠵᠦ᠂ | ᠬᠠᠭᠤᠯᠤᠭᠰᠠᠨ ᠲᠠᠯᠠᠪᠠᠶ ᠨᠢ 638.5 ᠾᠧᠺᠲ᠋ᠠᠷ᠂ ᠰᠢᠷᠣᠢ ᠶᠢᠨ ᠶᠡᠷᠦᠩᠬᠡᠢ ᠬᠡᠮᠵᠢᠶ᠎ᠡ ᠨᠢ 141.23 ᠲᠦᠮᠡᠨ ᠺᠦᠪ ᠮᠧᠳ᠋ᠷ᠂ ᠢᠨᠵᠧᠨᠧᠷᠢᠩ ᠤᠨ | ᠪᠠᠷᠤᠭᠴᠠᠭᠠᠯᠠᠭᠰᠠᠨ ᠪᠡᠯᠡ ᠣᠷᠣᠭᠤᠯᠤᠯᠲᠠ ᠨᠢ 1.15 ᠳ᠋ᠦᠩᠰᠢᠭᠤᠷ ᠲᠥᠭᠦᠷᠢᠭ ᠪᠠᠶᠢᠵᠤ᠂ ᠭᠤᠣᠯᠳᠠᠭᠤ ᠥᠨᠳᠡᠭᠡᠨ ᠤᠰᠤᠨ ᠴᠥᠭᠦᠷᠥᠮ ᠤᠨ ᠬᠡᠰᠡᠭ ᠲᠠᠬᠢ | ᠵᠠᠯᠠᠶᠢᠳ ᠬᠤᠰᠢᠭᠤᠨ ᠤ 8 ᠵᠠᠰᠠᠭ ᠵᠠᠬᠢᠷᠭᠠᠨ ᠤ ᠲᠣᠰᠬᠤᠨ ᠢ ᠬᠠᠮᠤᠷᠴᠤ᠂ ᠴᠤᠤᠯ ᠭᠤᠣᠯ ᠢ ᠲᠠᠲᠠᠵᠤ ᠯᠢᠶᠣᠤ ᠾᠧ ᠭᠤᠣᠯ ᠳᠤ ᠲᠤᠰᠠᠯᠠᠬᠤ ᠺᠣᠮᠫᠠᠨᠢ ᠠᠴᠠ | ᠵᠣᠬᠢᠶᠠᠨ ᠪᠠᠶᠢᠭᠤᠯᠤᠨ ᠬᠡᠷᠡᠭᠵᠢᠭᠦᠯᠵᠠᠢ᠃ | |