ᠮᠠᠨ ᠬᠤᠢ ᠪᠠᠯᠭᠠᠰᠤ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/5
      ᠭᠠᠵᠢᠭᠤ ᠨᠣᠮᠯᠠᠯ ᠢ ᠡᠰᠡᠷᠭᠦᠴᠡᠬᠦ ᠬᠠᠤᠯᠢ ᠪᠠᠷ ᠵᠠᠰᠠᠬᠤ ᠤᠬᠠᠭᠤᠯᠭ᠎ᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠺᠠᠳ᠋ᠷ ᠠᠵᠢᠯᠲᠠᠨ ᠠᠵᠢᠯᠴᠢᠨ ᠤ ᠭᠠᠵᠢᠭᠤ ᠪᠤᠷᠤᠭᠤ ᠶᠢ ᠲᠠᠨᠢᠬᠤ᠂ ᠭᠠᠵᠢᠭᠤ ᠪᠤᠷᠤᠭᠤ ᠶᠢ ᠰᠡᠷᠭᠡᠶᠢᠯᠡᠬᠦ᠂ ᠭᠠᠵᠢᠭᠤ ᠪᠤᠷᠤᠭᠤ ᠶᠢ ᠡᠰᠡᠷᠭᠦᠴᠡᠬᠦ ᠤᠬᠠᠮᠰᠠᠷ ᠢ ᠳᠡᠭᠡᠭᠰᠢᠯᠡᠭᠦᠯᠦᠨ᠂ ᠢᠳᠡᠪᠬᠢᠲᠡᠶ ᠪᠠᠷ ᠥᠭᠡᠳᠡᠯᠡᠨ ᠳᠠᠪᠰᠢᠬᠤ ᠡᠷᠡᠭᠦᠯ ᠰᠠᠷᠠᠭᠤᠯ ᠡᠶ᠎ᠡ ᠵᠣᠬᠢᠴᠠᠯ ᠲᠠᠢ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 9 ᠰᠠᠷ᠎ᠠ ᠶᠢᠨ 4 ᠤ ᠡᠳᠦᠷ ᠮᠠᠨ ᠤ ᠪᠠᠯᠭᠠᠰᠤ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠥᠷᠨᠢᠭᠦᠯᠪᠡ᠃
W020230905410523553071.png
      ᠠᠵᠢᠯᠲᠠᠳ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠨᠢᠭᠤᠷᠳᠠᠨ ᠲᠠᠶᠢᠯᠪᠤᠷᠢᠯᠠᠬᠤ᠂ ᠠᠰᠠᠭᠤᠨ ᠯᠠᠪᠯᠠᠬᠤ ᠳᠤ ᠬᠠᠷᠢᠭᠤᠯᠲᠠ ᠥᠭᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠺᠠᠳ᠋ᠷ ᠤᠯᠠᠨ ᠲᠦᠮᠡᠨ ᠳᠤ ᠭᠠᠵᠢᠭᠤ ᠨᠣᠮᠯᠠᠯ ᠤᠨ ᠲᠦᠷᠦᠯ ᠵᠦᠢᠯ᠂ ᠮᠥᠨ ᠴᠢᠨᠠᠷ᠂ ᠣᠨᠴᠠᠯᠢᠭ ᠪᠠ ᠬᠤᠣᠷ ᠬᠥᠨᠥᠭᠡᠯ ᠢ ᠲᠠᠶᠢᠯᠪᠤᠷᠢᠯᠠᠨ ᠥᠭᠴᠦ᠂ ᠺᠠᠳ᠋ᠷ ᠤᠯᠠᠨ ᠲᠦᠮᠡᠨ ᠳᠤ ᠭᠠᠵᠢᠭᠤ ᠨᠣᠮᠯᠠᠯ ᠤᠨ ᠠᠵᠢᠯᠯᠠᠭ᠎ᠠ ᠶᠢ ᠢᠯᠭᠠᠨ ᠲᠠᠨᠢᠬᠤ ᠶᠢ ᠰᠤᠷᠴᠤ᠂ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠠᠴᠠ ᠤᠬᠠᠮᠰᠠᠷ ᠠᠴᠠ ᠪᠠᠨ ᠰᠠᠯᠵᠤ᠂ ᠭᠠᠵᠢᠭᠤ ᠨᠣᠮᠯᠠᠯ ᠢ ᠡᠰᠡᠷᠭᠦᠴᠡᠬᠦ ᠤᠬᠠᠮᠰᠠᠷ ᠪᠠ ᠴᠢᠳᠠᠪᠤᠷᠢ ᠪᠠᠨ ᠨᠡᠮᠡᠭᠳᠡᠭᠦᠯᠬᠦ ᠶᠢ ᠰᠠᠨᠠᠭᠤᠯᠪᠠ᠃
      ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠺᠠᠳ᠋ᠷ ᠣᠯᠠᠨ ᠲᠦᠮᠡᠨ ᠤ ᠭᠠᠵᠢᠭᠤ ᠨᠣᠮᠯᠠᠯ ᠢ ᠡᠰᠡᠷᠭᠦᠴᠡᠬᠦ ᠤᠬᠠᠮᠰᠠᠷ ᠪᠠ ᠴᠢᠳᠠᠪᠤᠷᠢ ᠶᠢ ᠨᠡᠮᠡᠭᠳᠡᠭᠦᠯᠵᠡᠶ᠃ ᠳᠠᠷᠠᠭᠠᠴᠢ ᠶᠢᠨ ᠠᠯᠬᠤᠮ ᠳᠤ᠂ ᠮᠠᠨ ᠬᠤᠢ ᠪᠠᠯᠭᠠᠰᠤ ᠶᠢᠨ ᠬᠢᠨ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢ ᠤᠯᠠᠮ ᠴᠢᠨᠠᠭᠰᠢᠳᠠ ᠴᠢᠩᠭᠠᠳᠬᠠᠵᠤ᠂ ᠥᠷᠭᠡᠨ ᠤᠯᠠᠨ ᠲᠦᠮᠡᠨ ᠤ ᠭᠠᠵᠢᠭᠤ ᠨᠣᠮᠯᠠᠯ ᠢ ᠲᠠᠨᠢᠬᠤ᠂ ᠭᠠᠵᠢᠭᠤ ᠪᠤᠷᠤᠭᠤ ᠶᠢ ᠰᠡᠷᠭᠡᠶᠢᠯᠡᠬᠦ᠂ ᠭᠠᠵᠢᠭᠤ ᠪᠤᠷᠤᠭᠤ ᠶᠢ ᠡᠰᠡᠷᠭᠦᠴᠡᠬᠦ᠂ ᠭᠠᠵᠢᠭᠤ ᠨᠣᠮᠯᠠᠯ ᠢ ᠡᠰᠡᠷᠭᠦᠴᠡᠬᠦ ᠤᠬᠠᠮᠰᠠᠷ ᠪᠣᠯᠤᠨ ᠴᠢᠳᠠᠪᠤᠷᠢ ᠶᠢ ᠳᠡᠭᠡᠭᠰᠢᠯᠡᠭᠦᠯᠵᠦ᠂ ︽ᠰᠢᠨᠵᠢᠯᠡᠬᠦ ᠤᠬᠠᠭᠠᠨ ᠢ ᠡᠷᠬᠢᠮᠯᠡᠬᠦ᠂ ᠭᠡᠷ ᠪᠦᠯᠢ ᠶᠢ ᠬᠠᠶᠢᠷᠠᠯᠠᠬᠤ᠂ ᠠᠮᠢ ᠨᠠᠰᠤ ᠪᠠᠨ ᠨᠠᠨᠳᠢᠩᠨᠠᠬᠤ᠂ ᠭᠠᠵᠢᠭᠤ ᠨᠣᠮᠯᠠᠯ ᠢ ᠡᠰᠡᠷᠭᠦᠴᠡᠬᠦ︾ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠠᠮᠤᠷ ᠠᠮᠤᠭᠤᠯᠠᠩ ᠪᠢᠳᠡᠨ ᠤ ᠲᠥᠯᠥᠭᠡ ᠬᠦᠴᠦᠨ ᠴᠢᠳᠠᠯ ᠢᠶᠠᠨ ᠡᠷᠭᠦᠨ᠎ᠡ︕
ᠢᠷᠡᠯᠲᠡ᠄ ᠲᠣᠰ ᠰᠣᠯᠵᠢᠶ᠎ᠡ