ᠳᠧᠦ ᠳ᠋ᠤᠤ ᠴᠢᠶᠣᠤ ᠪᠠᠯᠭᠠᠰᠤ᠄ ᠨᠠᠮ ᠤᠨ ᠪᠠᠶᠢᠭᠤᠯᠤᠯᠲᠠ ᠪᠠᠷ ᠰᠢᠶᠠᠩ ᠤᠨ ᠰᠢᠶᠠᠨ ᠢ ᠬᠥᠲᠥᠯᠥᠨ ᠳᠠᠭᠠᠭᠤᠯᠵᠤ ᠲᠣᠰᠬᠤᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠵᠠᠮ ᠢ ᠬᠠᠶᠢᠨ ᠰᠦᠪᠡᠭᠴᠢᠯᠡᠪᠡ
ᠨᠡᠶᠢᠲᠡᠯᠡᠭᠰᠡᠨ ᠴᠠᠭ᠄
2024/1/11
      ᠡᠨᠡ ᠵᠢᠯ᠂ ᠳᠧᠦ ᠳ᠋ᠤᠤ ᠴᠢᠶᠣᠤ ᠪᠠᠯᠭᠠᠰᠤ ᠶᠢᠨ ᠬᠢᠨ ᠨᠠᠮ ᠤᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ ᠪᠠᠷ ᠭᠠᠷᠳᠠᠴᠠ ᠪᠣᠯᠭᠠᠵᠤ᠂ ︽ᠨᠤᠲᠤᠭ ᠤᠨ ᠮᠥᠷᠥᠭᠡᠳᠦᠯ︾ ᠢᠶᠠᠷ ᠬᠤᠯᠪᠣᠭᠠᠰᠤ ᠪᠣᠯᠭᠠᠵᠤ᠂ ᠴᠢᠳᠠᠪᠤᠷᠢᠲᠠᠨ ᠢ ᠣᠷᠣᠭᠤᠯᠤᠨ ᠤᠶᠤᠨ ᠤᠬᠠᠭᠠᠨ ᠢ ᠲᠥᠪᠯᠡᠷᠡᠭᠦᠯᠵᠦ᠂ ᠨᠤᠲᠤᠭ ᠤᠨ ᠮᠡᠷᠭᠡᠳ ᠤᠨ ᠪᠤᠴᠠᠵᠤ ᠢᠷᠡᠬᠦ ᠢᠨᠵᠧᠨᠧᠷᠢᠩ ᠢ ᠥᠷᠨᠢᠭᠦᠯᠵᠦ᠂ ᠨᠠᠮ ᠤᠨ ᠡᠭᠦᠷ ᠤᠨ ᠳᠠᠭᠠᠭᠤᠯᠤᠨ ᠡᠷᠬᠢᠯᠡᠭᠰᠡᠨ ᠬᠤᠷᠰᠢᠶ᠎ᠠ ᠪᠣᠯᠤᠨ ᠠᠵᠤ ᠠᠬᠤᠶᠢᠯᠠᠯ᠂ ᠲᠠᠷᠢᠶᠠᠴᠢᠨ ᠡᠷᠦᠬᠡ ᠶᠢ ᠵᠣᠯᠭᠠᠭᠤᠯᠬᠤ ᠲᠠᠪᠴᠠᠩ ᠢ ᠪᠠᠶᠢᠭᠤᠯᠵᠤ᠂ ᠨᠢᠭᠡ ᠪᠦᠯᠦᠭ ᠨᠤᠲᠤᠭ ᠤᠨ ᠮᠡᠷᠭᠡᠳ ᠤᠨ ᠣᠨᠴᠠᠯᠢᠭ ᠲᠠᠢ ᠬᠠᠮᠲᠤ ᠪᠠᠷ ᠴᠢᠨᠡᠭᠡᠯᠢᠭᠵᠢᠬᠦ ᠦᠢᠯᠡᠳᠦᠯᠭᠡ ᠶᠢᠨ ᠦᠷ᠎ᠡ ᠪᠦᠲᠦᠭᠡᠯ ᠢ ᠡᠭᠦᠳᠴᠦ᠂ ᠬᠠᠮᠲᠤ ᠶᠢᠨ ᠣᠷᠣᠯᠭ᠎ᠠ ᠶᠢ ᠨᠡᠮᠡᠭᠳᠡᠭᠦᠯᠬᠦ᠂ ᠲᠣᠰᠬᠤᠨ ᠤ ᠠᠷᠠᠳ ᠠᠰᠢᠭ ᠤᠯᠬᠤ᠂ ᠠᠵᠤ ᠠᠬᠤᠶᠢᠯᠠᠯ ᠤᠨ ᠠᠰᠢᠭ ᠤᠯᠬᠤ ᠭᠤᠷᠪᠠᠨ ᠠᠰᠢᠭ ᠬᠦᠷᠳᠡᠬᠦ ᠬᠠᠷᠠᠯᠲᠠ ᠶᠢ ᠪᠡᠶᠡᠯᠡᠭᠦᠯᠵᠦ᠂ ᠲᠣᠰᠬᠤᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠵᠠᠮ ᠢ ᠨᠡᠭᠡᠭᠡᠵᠡᠢ᠃
W020240111381848006487.png
      ᠰᠢᠨ᠎ᠡ ᠵᠢᠯ ᠤᠨ ᠡᠬᠢᠨ ᠳᠤ᠂ ᠳᠧᠦ ᠳ᠋ᠤᠤ ᠴᠢᠶᠣᠤ ᠪᠠᠯᠭᠠᠰᠤᠨ ᠤ ᠯᠢᠶᠠᠨ ᠹᠧᠩ ᠲᠣᠰᠬᠤᠨ ᠳᠤ᠂ ᠬᠦᠷ ᠬᠥᠭᠵᠢᠶᠡᠨ ᠲᠠᠢ ᠨᠠᠮ ᠤᠨ ᠡᠭᠦᠷ ᠠᠴᠠ ᠬᠤᠷᠰᠢᠶ᠎ᠠ ᠶᠢ ᠳᠠᠭᠠᠭᠤᠯᠤᠨ ᠡᠷᠬᠢᠯᠡᠵᠦ ᠠᠰᠢᠭ ᠬᠤᠪᠢᠶᠠᠬᠤ ᠶᠡᠭᠡ ᠬᠤᠷᠠᠯ ᠶᠠᠭ ᠶᠠᠪᠤᠭᠳᠠᠵᠤ ᠪᠤᠢ᠂ ᠲᠣᠰᠬᠤᠨ ᠤ ᠠᠷᠠᠳ ᠪᠠᠶᠠᠷ ᠬᠦᠷ ᠲᠠᠢ ᠪᠠᠷ ᠡᠯᠪᠡᠭ ᠬᠤᠷᠢᠶᠠᠯᠲᠠ ᠶᠢᠨ ᠴᠠᠭ ᠮᠥᠴᠡ ᠶᠢ ᠬᠠᠮᠲᠤᠪᠠᠷ ᠡᠳ᠋ᠯᠡᠪᠡ᠃ ᠬᠤᠷᠰᠢᠶ᠎ᠠ ᠶᠢᠨ ᠪᠦᠷᠢᠯᠳᠦᠬᠦᠨ ᠠᠰᠢᠭ ᠬᠤᠪᠢᠶᠠᠷᠢᠯᠠᠭᠰᠠᠨ ᠨᠠᠷᠢᠨ ᠬᠠᠭᠤᠳᠠᠰᠤ ᠳᠡᠭᠡᠷ᠎ᠡ ᠭᠠᠷ ᠤᠨ ᠥᠰᠥᠭ ᠵᠢᠷᠤᠵᠤ᠂ ᠠᠰᠢᠭ ᠬᠤᠪᠢᠶᠠᠭᠰᠠᠨ ᠪᠡᠯᠡᠨ ᠵᠣᠭᠤᠰ ᠠᠪᠴᠤ᠂ ᠨᠠᠮ ᠤᠨ ᠡᠭᠦᠷ ᠤᠨ ᠳᠠᠭᠠᠭᠤᠯᠤᠨ ᠡᠷᠬᠢᠯᠡᠭᠰᠡᠨ ᠬᠤᠷᠰᠢᠶ᠎ᠠ ᠶᠢᠨ ᠲᠡᠳᠡᠨ ᠳᠤ ᠠᠪᠴᠢᠷᠠᠵᠤ ᠥᠭᠭᠦᠭᠰᠡᠨ ᠠᠰᠢᠭ ᠣᠷᠣᠯᠭ᠎ᠠ ᠶᠢ ᠠᠯᠠᠭ᠎ᠠ ᠲᠠᠰᠢᠪᠠ᠃      ᠳᠧᠦ ᠳ᠋ᠤᠤ ᠴᠢᠶᠣᠤ ᠪᠠᠯᠭᠠᠰᠤᠨ ᠤ ᠯᠢᠶᠠᠨ ᠹᠧᠩ ᠲᠣᠰᠬᠤᠨ ᠤ ᠰᠦ ᠶᠢᠨ ᠳ᠋ᠧ      ᠥᠨᠥᠳᠦᠷ ᠤᠨ ᠬᠤᠷᠰᠢᠶ᠎ᠠ ᠠᠴᠠ ᠠᠰᠢᠭ ᠬᠤᠪᠢᠶᠠᠬᠤ ᠬᠤᠷᠠᠯ ᠬᠢᠵᠡᠶ᠂ ᠪᠢ 9 ᠲᠦᠮᠡᠨ ᠲᠦᠭᠦᠷᠢᠭ ᠬᠤᠪᠢᠶᠠᠵᠤ᠂ ᠮᠠᠰᠢ ᠪᠠᠶᠠᠷᠯᠠᠵᠤ ᠪᠠᠶᠢᠨ᠎ᠠ᠃ ᠭᠠᠵᠠᠷ ᠰᠢᠷᠣᠶ ᠶᠢᠨ ᠡᠷᠭᠢᠯᠲᠡ 46 ᠮᠥ ᠪᠠᠶᠢᠵᠤ᠂ ᠡᠷᠭᠢᠯᠲᠡ ᠶᠢᠨ ᠵᠠᠷᠤᠳᠠᠯ 41000 ᠲᠥᠭᠦᠷᠢᠭ ᠪᠠᠶᠢᠵᠤ᠂ ᠬᠤᠷᠰᠢᠶ᠎ᠠ ᠳᠤ ᠬᠥᠯᠥᠰᠥᠨ ᠠᠵᠢᠯ ᠬᠢᠵᠦ᠂ ᠪᠠᠰᠠ 3 ᠲᠦᠮᠡᠨ ᠲᠥᠭᠦᠷᠢᠭ ᠣᠯᠵᠠᠶ᠂ ᠢᠩᠭᠢᠵᠦ ᠪᠣᠳᠣᠵᠤ ᠠᠪᠤᠭᠠᠳ ᠨᠢᠭᠡ ᠵᠢᠯ ᠳᠤ 16 ᠲᠦᠮᠡᠨ ᠲᠥᠭᠦᠷᠢᠭ ᠣᠯᠵᠤ᠂ ᠠᠮᠢᠳᠤᠷᠠᠯ ᠦᠨᠡᠬᠡᠷ ᠵᠢᠯ ᠠᠴᠠ ᠵᠢᠯ ᠰᠠᠶᠢᠨ ᠪᠣᠯᠵᠠᠶ᠃
W020240111381848033825.png
 ᠲᠣᠰᠬᠤᠨ ᠤ ᠠᠷᠠᠳ ᠤᠨ ᠵᠣᠯ ᠵᠢᠷᠭᠠᠯᠲᠤ ᠠᠮᠢᠳᠤᠷᠠᠯ ᠤᠨ ᠠᠷᠤ ᠳᠤ᠂ ᠨᠢᠭᠡᠨ ᠰᠠᠯᠠᠭ᠎ᠠ ᠰᠢᠯᠭᠠᠷᠠᠭᠰᠠᠨ ᠨᠠᠮ ᠤᠨ ᠡᠭᠦᠷ ᠤᠨ ᠪᠠᠭ ᠠᠴᠠ ᠢᠷᠡᠯᠲᠡ ᠲᠠᠢ᠂ ᠯᠢᠶᠠᠨ ᠹᠧᠩ ᠲᠣᠰᠬᠤᠨ ᠤ ᠨᠠᠮ ᠤᠨ ᠡᠭᠦᠷ ᠠᠴᠠ ᠨᠤᠲᠤᠭ ᠤᠨ ᠴᠢᠳᠠᠪᠤᠷᠢᠲᠠᠨ ᠸᠠᠩ ᠸᠧᠨ ᠢ ᠨᠤᠲᠤᠭ ᠲᠠᠭᠠᠨ ᠪᠤᠴᠠᠵᠤ ᠦᠢᠯᠡᠰ ᠪᠤᠰᠬᠠᠵᠤ᠂ ᠠᠵᠤ ᠠᠬᠤᠶᠢᠯᠠᠯ ᠤᠨ ᠰᠢᠨ᠎ᠡ ᠬᠡᠯᠪᠡᠷᠢ ᠶᠢᠨ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠪᠠᠷᠢᠯᠭ᠎ᠠ ᠶᠢᠨ ᠮᠠᠲ᠋ᠧᠷᠢᠶᠠᠯ ᠪᠣᠯᠤᠨ ᠬᠥᠳᠡᠭᠡ ᠲᠣᠰᠬᠤᠨ ᠤ ᠬᠠᠶᠠᠭᠳᠠᠮᠠᠯ ᠪᠣᠳᠠᠰ ᠢ ᠪᠣᠯᠪᠠᠰᠤᠷᠠᠭᠤᠯᠬᠤ ᠲᠦᠷᠦᠯ ᠵᠦᠢᠯ ᠳᠤ ᠲᠦᠰᠢᠭᠯᠡᠨ᠂ ︽ᠲᠣᠰᠬᠤᠨ ᠤ ᠬᠠᠮᠲᠤ ᠪᠠᠷ ᠢᠶᠠᠨ ᠬᠤᠪᠢ ᠣᠷᠣᠭᠤᠯᠤᠭᠰᠠᠨ ᠲᠣᠰᠬᠤᠨ ᠤ ᠠᠷᠠᠳ ᠤᠨ ᠬᠤᠪᠢ ᠣᠷᠣᠭᠤᠯᠤᠭᠰᠠᠨ ᠠᠵᠤ ᠠᠬᠤᠶᠢᠯᠠᠯ ᠪᠡᠯᠡ ᠭᠠᠷᠭᠠᠬᠤ︾ ᠠᠷᠭ᠎ᠠ ᠬᠡᠯᠪᠡᠷᠢ ᠪᠠᠷ ᠨᠠᠮ ᠤᠨ ᠡᠭᠦᠷ ᠠᠴᠠ ᠳᠠᠭᠠᠭᠤᠯᠤᠨ ᠬᠤᠷᠰᠢᠶ᠎ᠠ᠂ ᠭᠤᠣᠯ ᠪᠣᠯᠬᠤ ᠦᠢᠯᠡᠳᠪᠦᠷᠢᠯᠡᠯ ᠤᠨ ᠳᠤᠰᠤᠯᠭᠠᠨ ᠤᠰᠤᠯᠠᠬᠤ ᠬᠤᠭᠤᠯᠠᠢ ᠵᠡᠷᠭᠡ ᠶᠢ ᠪᠠᠶᠢᠭᠤᠯᠵᠤ᠂ ᠨᠢᠭᠡᠳᠦᠭᠡᠷ ᠵᠢᠯ ᠳᠤ 100% ᠶᠢᠨ ᠬᠠᠷᠢᠴᠠᠯ ᠢᠶᠠᠷ ᠬᠤᠪᠢᠶᠠᠷᠢᠯᠠᠪᠠ᠃      ᠳᠧᠦ ᠳ᠋ᠤᠤ ᠴᠢᠶᠣᠤ ᠪᠠᠯᠭᠠᠰᠤᠨ ᠤ ᠯᠢᠶᠠᠨ ᠹᠧᠩ ᠲᠣᠰᠬᠤᠨ ᠤ ᠨᠠᠮ ᠤᠨ ᠡᠭᠦᠷ ᠤᠨ ᠱᠦᠵᠢ ᠾᠧ ᡁᠢ ᠢ      ᠨᠠᠮ ᠤᠨ ᠡᠭᠦᠷ ᠢᠶᠠᠷ ᠳᠠᠮᠵᠢᠨ ᠬᠤᠷᠰᠢᠶ᠎ᠠ ᠶᠢ ᠳᠠᠭᠠᠭᠤᠯᠤᠨ ᠡᠷᠬᠢᠯᠡᠵᠦ᠂ ᠯᠢᠶᠠᠨ ᠹᠧᠩ ᠲᠣᠰᠬᠤᠨ ᠤ ᠨᠠᠮ ᠤᠨ ᠡᠭᠦᠷ 15 ᠲᠦᠮᠡᠨ ᠲᠥᠭᠦᠷᠢᠭ ᠬᠤᠪᠢ ᠣᠷᠣᠭᠤᠯᠪᠠ᠂ ᠥᠨᠥᠳᠦᠷ ᠪᠢᠳᠡᠨ ᠳᠤ 15 ᠲᠦᠮᠡᠨ ᠲᠥᠭᠦᠷᠢᠭ ᠤᠨ ᠠᠰᠢᠭ ᠬᠤᠪᠢᠶᠠᠷᠢᠯᠠᠵᠤ᠂ ᠲᠣᠰᠬᠤᠨ ᠤ ᠠᠷᠠᠳ ᠬᠤᠪᠢ ᠣᠷᠣᠭᠤᠯᠤᠭᠰᠠᠨ ᠨᠢ 40 ᠡᠷᠦᠬᠡ᠂ ᠠᠰᠢᠭ ᠬᠤᠪᠢᠶᠠᠷᠢᠯᠠᠭᠰᠠᠨ ᠨᠢ 270 ᠲᠦᠮᠡᠨ ᠲᠥᠭᠦᠷᠢᠭ ᠪᠣᠯᠤᠨ᠎ᠠ᠂ ᠥᠨᠥᠳᠦᠷ ᠬᠤᠪᠢ ᠣᠷᠣᠭᠤᠯᠤᠭᠴᠢ ᠶᠢᠨ ᠶᠡᠭᠡ ᠬᠤᠷᠠᠯ ᠬᠤᠷᠠᠯᠳᠤᠭᠤᠯᠵᠤ᠂ ᠪᠢᠳᠡ ᠴᠥᠮ ᠪᠡᠯᠡᠨ ᠵᠣᠭᠤᠰ ᠢ ᠭᠠᠷᠳᠠᠭᠤᠯᠪᠠ᠂ ᠢᠩᠭᠢᠪᠡᠯ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠲᠠᠷᠢᠶᠠᠴᠢᠳ ᠲᠤ ᠮᠠᠰᠢ ᠰᠠᠶᠢᠨ ᠣᠷᠣᠯᠭ᠎ᠠ ᠣᠯᠭᠤᠵᠤ᠂ ᠨᠤᠲᠤᠭ ᠤᠨ ᠡᠷᠳᠡᠮᠲᠡᠨ ᠴᠢᠳᠠᠪᠤᠷᠢᠲᠠᠨ ᠪᠦᠬᠦ ᠲᠣᠰᠬᠤᠨ ᠤ ᠠᠵᠤ ᠠᠬᠤᠢ ᠶᠢᠨ ᠬᠥᠭᠵᠢᠯᠲᠡ ᠳᠤ ᠦᠨᠡᠬᠡᠷ ᠴᠢᠬᠤᠯᠠ ᠠᠬᠢᠭᠤᠯᠬᠤ ᠦᠢᠯᠡᠳᠦᠯ ᠦᠵᠡᠭᠦᠯᠵᠡᠶ᠃      ᠶᠠᠭ ᠾᠧ ᡁᠢ ᠢ ᠶᠢᠨ ᠬᠡᠯᠡᠭᠰᠡᠨ ᠦᠭᠡᠨ ᠳᠤ᠂ ᠨᠤᠲᠤᠭ ᠤᠨ ᠴᠢᠳᠠᠪᠤᠷᠢᠲᠠᠨ ᠸᠠᠩ ᠸᠧᠨ ᠢ ᠶᠢᠨ ᠳᠡᠮᠵᠢᠯᠭᠡ ᠳᠣᠣᠷ᠎ᠠ᠂ ᠲᠣᠰᠬᠤᠨ ᠤ ᠠᠷᠠᠳ ᠪᠣᠯᠤᠨ ᠲᠣᠰᠬᠤᠨ ᠤ ᠬᠠᠮᠲᠤ ᠶᠢᠨ ᠠᠵᠤ ᠠᠬᠤᠢ ᠬᠤᠣᠰ ᠣᠷᠣᠯᠭ᠎ᠠ ᠶᠢ ᠪᠡᠶᠡᠯᠡᠭᠦᠯᠪᠡ᠃ ᠣᠳᠣᠬᠠᠨ ᠳᠤ᠂ ᠬᠤᠷᠰᠢᠶ᠎ᠠ ᠶᠢᠨ ᠪᠦᠷᠢᠯᠳᠦᠬᠦᠨ ᠤ ︽ᠵᠣᠭᠤᠰᠣᠨ ᠤᠭᠤᠲᠠ︾ ᠤᠯᠠᠮ ᠠᠴᠠ ᠤᠯᠠᠮ ᠬᠡᠩᠬᠡᠷᠡᠵᠦ᠂ ᠯᠢᠶᠠᠨ ᠹᠧᠩ ᠲᠣᠰᠬᠤᠨ ᠤ ᠬᠠᠮᠲᠤ ᠶᠢᠨ ᠠᠵᠤ ᠠᠬᠤᠶ ᠴᠤ 60 ᠲᠦᠮᠡᠨ ᠲᠥᠭᠦᠷᠢᠭ ᠢ ᠳᠠᠪᠠᠭᠰᠠᠨ ᠪᠠᠶᠢᠨ᠎ᠠ᠃ ᠸᠠᠩ ᠸᠧᠨ ᠢ ᠪᠠᠰᠠ ᠨᠠᠮ ᠤᠨ ᠡᠭᠦᠷ ᠤᠨ ᠳᠠᠭᠠᠭᠤᠯᠤᠨ ᠡᠷᠬᠢᠯᠡᠭᠰᠡᠨ ᠬᠤᠷᠰᠢᠶ᠎ᠠ ᠶᠢᠨ ᠲᠦᠷᠦᠯ ᠵᠦᠢᠯ ᠤᠨ ᠣᠷᠣᠯᠭ᠎ᠠ ᠶᠢᠨ ᠰᠠᠭᠤᠷᠢᠨ ᠳᠡᠭᠡᠷ᠎ᠡ 43 ᠣᠷᠣᠨ ᠰᠠᠭᠤᠴᠠ ᠶᠢᠨ ᠨᠡᠭᠦᠳᠡᠯ ᠠᠷᠠᠳ ᠤᠨ ᠰᠢᠨ᠎ᠡ ᠲᠣᠰᠬᠤᠨ ᠢ ᠪᠠᠶᠢᠭᠤᠯᠵᠤ᠂ ᠣᠷᠣᠨ ᠰᠠᠭᠤᠴᠠ ᠪᠦᠷᠢ ᠳᠤ 20 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠣᠳᠣᠬᠠᠨ ᠳᠤ ᠲᠣᠭᠤᠰᠬᠠᠨ ᠭᠡᠷ ᠲᠤ ᠰᠠᠭᠤᠬᠤ ᠲᠠᠷᠢᠶᠠᠴᠢᠨ ᠡᠷᠦᠬᠡ ᠥᠪᠡᠷᠲᠡᠭᠡᠨ 6 ᠲᠦᠮᠡᠨ ᠲᠥᠭᠦᠷᠢᠭ᠂ ᠰᠢᠪᠠᠷ ᠪᠠᠶᠢᠰᠢᠩ ᠳᠤ ᠰᠠᠭᠤᠬᠤ ᠲᠠᠷᠢᠶᠠᠴᠢᠨ ᠡᠷᠦᠬᠡ ᠥᠪᠡᠷᠲᠡᠭᠡᠨ 8 ᠲᠦᠮᠡᠨ ᠲᠥᠭᠦᠷᠢᠭ ᠴᠤᠭᠯᠠᠭᠤᠯᠵᠤ᠂ ᠥᠪᠡᠷ ᠢᠶᠠᠨ ᠴᠤᠭᠯᠠᠭᠤᠯᠤᠭᠰᠠᠨ ᠪᠡᠯᠡ ᠮᠥᠩᠭᠦ ᠨᠢ ᠠᠰᠢᠭ ᠬᠤᠪᠢᠶᠠᠬᠤ ᠪᠡᠯᠡ ᠮᠥᠩᠭᠦ ᠠᠴᠠ ᠢᠷᠡᠯᠳᠡ ᠲᠠᠢ ᠪᠠᠶᠢᠵᠤ᠂ ᠵᠣᠬᠢᠬᠤ ᠠᠴᠢ ᠬᠤᠯᠪᠣᠭᠳᠠᠯ ᠳᠤᠨᠢ ᠲᠣᠰᠬᠤᠨ ᠤ ᠠᠷᠠᠳ ᠪᠣᠯ ᠰᠦᠢᠳᠬᠡᠯ ᠬᠤᠷᠢᠶᠠᠬᠤ ᠦᠭᠡᠢ ᠪᠠᠷ ᠰᠢᠨ᠎ᠡ ᠭᠡᠷ ᠲᠤ ᠰᠠᠭᠤᠵᠤ᠂ ᠲᠣᠰᠬᠤᠨ ᠤ ᠠᠷᠠᠳ ᠤᠨ ᠠᠮᠢᠳᠤᠷᠠᠯ ᠶᠠᠪᠤᠬᠤ ᠳᠤᠳᠤᠮ ᠰᠠᠶᠢᠵᠢᠷᠠᠵᠤ ᠪᠠᠶᠢᠨ᠎ᠠ᠃      ᠳᠧᠦ ᠳ᠋ᠤᠤ ᠴᠢᠶᠣᠤ ᠪᠠᠯᠭᠠᠰᠤᠨ ᠤ ᠰᠢᠶᠠᠩ ᠤᠨ ᠡᠷᠳᠡᠮᠲᠡᠨ ᠴᠢᠳᠠᠪᠤᠷᠢᠲᠠᠨ ᠸᠠᠩ ᠸᠧᠨ ᠢ      ᠪᠢ ᠪᠣᠯ ᠭᠠᠵᠠᠷ ᠰᠢᠷᠣᠢ ᠡᠯᠪᠡᠭ ᠳᠧᠦ ᠳ᠋ᠤᠤ ᠴᠢᠶᠣᠤ ᠪᠠᠯᠭᠠᠰᠤᠨ ᠤ ᠯᠢᠶᠠᠨ ᠹᠧᠩ ᠲᠣᠰᠬᠤᠨ ᠤ ᠬᠥᠮᠦᠨ᠂ ᠲᠣᠰᠬᠤᠨ ᠤ ᠠᠷᠠᠳ ᠢ ᠳᠠᠭᠠᠭᠤᠯᠤᠨ ᠪᠠᠶᠠᠵᠢᠨ ᠴᠢᠨᠡᠭᠡᠯᠢᠭᠵᠢᠬᠦ ᠶᠢ ᠮᠠᠰᠢ ᠬᠦᠰᠡᠵᠦ ᠪᠠᠶᠢᠨ᠎ᠠ᠂ ᠢᠯᠠᠩᠭᠤᠶ᠎ᠠ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠠᠮᠲᠤ ᠪᠠᠷ ᠴᠢᠨᠡᠭᠡᠯᠢᠭᠵᠢᠬᠦ ᠵᠠᠮ ᠢᠶᠠᠷ ᠵᠠᠮᠨᠠᠭᠤᠯᠤᠨ᠎ᠠ᠂ ᠮᠢᠨᠦ ᠪᠤᠳᠤᠯ ᠢ ᠨᠡᠩ ᠪᠠᠲᠤᠳᠬᠠᠵᠤ᠂ ᠪᠠᠰᠠ ᠪᠠᠯᠭᠠᠰᠤᠨ ᠤ ᠪᠠ ᠲᠣᠰᠬᠤᠨ ᠤ ᠬᠥᠮᠦᠨ ᠤ ᠬᠦᠴᠦᠨ᠂ ᠪᠣᠳᠠᠰ ᠤᠨ ᠬᠦᠴᠦᠨ ᠵᠢᠴᠢ ᠲᠦᠷᠦ ᠶᠢᠨ ᠪᠤᠳᠤᠯᠭ᠎ᠠ ᠶᠢᠨ ᠡᠯ᠎ᠡ ᠲᠠᠯ᠎ᠠ ᠶᠢᠨ ᠬᠡᠯᠪᠠᠶᠢᠯᠲᠡ ᠪᠠ ᠳᠡᠮᠵᠢᠯᠭᠡ ᠶᠢ ᠣᠯᠵᠠᠢ᠃ ᠪᠢ 2000 ᠮᠦ ᠭᠠᠵᠠᠷ ᠰᠢᠷᠣᠶ ᠶᠢ ᠡᠷᠭᠢᠯᠳᠦᠭᠦᠯᠵᠦ᠂ ᠲᠠᠷᠢᠶᠠᠴᠢᠳ ᠲᠤ ᠣᠷᠣᠯᠭ᠎ᠠ ᠶᠢ ᠲᠣᠭᠲᠠᠪᠤᠷᠢᠵᠢᠭᠤᠯᠬᠤ ᠪᠠ ᠬᠥᠯᠥᠰᠥᠨ ᠠᠵᠢᠯ ᠬᠢᠵᠦ ᠠᠵᠢᠯ ᠣᠯᠬᠤ ᠲᠣᠬᠢᠶᠠᠯ ᠬᠠᠩᠭᠠᠨ᠎ᠠ᠂ ᠳᠠᠬᠢᠭᠠᠳ ᠨᠡᠭᠦᠳᠡᠯ ᠠᠷᠠᠳ ᠤᠨ ᠰᠢᠨ᠎ᠡ ᠲᠣᠰᠬᠤᠨ᠂ ᠨᠠᠮ ᠤᠨ ᠡᠭᠦᠷ ᠬᠤᠷᠰᠢᠶ᠎ᠠ ᠶᠢ ᠲᠥᠯᠥᠪᠵᠢᠭᠦᠯᠦᠨ ᠪᠠᠶᠢᠭᠤᠯᠬᠤ ᠪᠠᠷ ᠳᠠᠮᠵᠢᠭᠤᠯᠤᠨ᠂ ᠲᠣᠰᠬᠤᠨ ᠤ ᠠᠷᠠᠳ ᠲᠤ ᠨᠡᠯᠢᠶᠡᠳ ᠰᠠᠶᠢᠨ ᠣᠷᠣᠯᠭ᠎ᠠ ᠣᠯᠭᠤᠵᠤ᠂ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠬᠡᠯᠡᠵᠦ ᠪᠣᠯᠤᠨ᠎ᠠ᠂ ᠲᠠᠷᠢᠶᠠᠴᠢᠳ ᠪᠠᠶᠠᠵᠢᠨ ᠴᠢᠨᠡᠭᠡᠯᠢᠭᠵᠢᠬᠦ ᠵᠠᠮ ᠢ ᠨᠢᠭᠡᠨᠲᠡ ᠨᠡᠭᠡᠭᠡᠵᠡᠶ᠃
W020240111381848090495.png
      ᠯᠢᠶᠠᠨ ᠹᠧᠩ ᠲᠣᠰᠬᠤᠨ ᠤ ᠬᠥᠭᠵᠢᠯᠲᠡ ᠪᠣᠯ ᠳᠧᠦ ᠳ᠋ᠤᠤ ᠴᠢᠶᠣᠤ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠬᠤᠷᠢᠶᠠᠩᠭᠤᠢ ᠳᠦᠷᠰᠦ ᠪᠣᠯᠤᠨ᠎ᠠ᠃ ᠣᠶᠢᠷ᠎ᠠ ᠶᠢᠨ ᠵᠢᠯ ᠠᠴᠠ᠂ ᠳᠧᠦ ᠳ᠋ᠤᠤ ᠴᠢᠶᠣᠤ ᠪᠠᠯᠭᠠᠰᠤ ᠵᠣᠬᠢᠶᠠᠨ ᠪᠠᠶᠢᠭᠤᠯᠵᠤ ᠬᠥᠲᠥᠯᠥᠨ ᠳᠠᠭᠠᠭᠤᠯᠬᠤ᠂ ᠴᠢᠳᠠᠪᠤᠷᠢ ᠲᠠᠢ ᠳᠠᠶᠢᠴᠢᠯᠠᠬᠤ᠂ ᠤᠯᠠᠨ ᠲᠦᠮᠡᠨ ᠣᠷᠣᠯᠴᠠᠬᠤ᠂ ᠤᠯᠠᠨ ᠠᠷᠭ᠎ᠠ ᠵᠠᠮ᠂ ᠤᠯᠠᠨ ᠡᠰᠢᠴᠢᠯᠡᠭᠰᠡᠨ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠰᠢᠨ᠎ᠡ ᠵᠠᠮ ᠢ ᠬᠠᠶᠢᠨ ᠰᠦᠪᠡᠭᠴᠢᠯᠡᠬᠦ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠭᠠᠵᠠᠷ ᠰᠢᠷᠣᠶ᠂ ᠬᠥᠳᠡᠯᠮᠦᠷᠢ ᠬᠦᠴᠦ᠂ ᠬᠦᠷᠦᠩᠭᠡ᠂ ᠮᠡᠷᠭᠡᠵᠢᠯ ᠵᠡᠷᠭᠡ ᠦᠢᠯᠡᠳᠪᠦᠷᠢᠯᠡᠯ ᠤᠨ ᠡᠯᠧᠮᠧᠨ᠋ᠲ ᠤᠨ ᠡᠬᠢ ᠪᠠᠶᠠᠯᠢᠭ ᠢ ᠲᠠᠰᠤᠷᠠᠯᠳᠠ ᠦᠭᠡᠢ ᠨᠡᠶᠢᠳᠬᠡᠵᠦ᠂ ᠬᠥᠳᠡᠭᠡ ᠲᠣᠰᠬᠤᠨ ᠤ ᠬᠠᠮᠲᠤ ᠶᠢᠨ ᠠᠰᠢᠭ ᠣᠷᠣᠯᠭ᠎ᠠ ᠪᠣᠯᠤᠨ ᠲᠠᠷᠢᠶᠠᠴᠢᠳ ᠤᠨ ᠬᠠᠮᠲᠤ ᠪᠠᠷ ᠪᠠᠶᠠᠵᠢᠬᠤ ᠳᠣᠲᠣᠭᠠᠳᠤ ᠬᠥᠳᠡᠯᠭᠡᠬᠦ ᠬᠦᠴᠦᠨ ᠢ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠳᠠᠭᠠᠭᠤᠯᠬᠤ ᠪᠠᠶᠠᠵᠢᠯ ᠤᠨ ᠵᠠᠮ ᠢ ᠨᠡᠭᠡᠭᠡᠪᠡ᠃
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ