ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠵᠦ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠤᠨ | ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠬᠢᠨᠠᠨ ᠪᠠᠶᠢᠴᠠᠭᠠᠬᠤ ᠪᠠᠷ ᠳᠡᠮᠵᠢᠨ᠂ 2024 ᠣᠨ ᠤ 1 ᠰᠠᠷ᠎ᠠ ᠶᠢᠨ 11 ᠤ ᠡᠳᠦᠷ ᠮᠠᠨ ᠤ ᠬᠤᠪᠢᠶᠠᠷᠢ | ᠲᠣᠪᠴᠢᠶ᠎ᠠ ᠠᠴᠠ ︽ᠥᠪᠥᠷ ᠮᠣᠩᠭᠤᠯ ᠤᠨ ᠯᠦ ᠮᠢᠨ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠵᠢᠯ ᠳᠤ 300 ᠲᠦᠮᠡᠨ ᠮᠧᠳ᠋ᠷ ᠰᠢᠨ᠎ᠡ | ᠡᠨᠧᠷᠭᠢ ᠶᠢᠨ ᠬᠡᠷᠡᠯ ᠴᠡᠨᠡᠭ ᠤᠨ ᠬᠤᠭᠤᠯᠠᠶ ᠶᠢᠨ ᠪᠠᠭᠠᠨ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠤᠨ | ᠮᠡᠳᠡᠭᠦᠯᠦᠯᠲᠡ ᠶᠢᠨ ᠬᠦᠰᠦᠨᠦᠭᠲᠦ︾ ᠪᠠ ︽ᠬᠠᠩᠭᠢᠨ ᠬᠤᠶᠢᠲᠤ ᠬᠤᠰᠢᠭᠤᠨ ᠤ ᠯᠢᠶᠠᠨ ᠢᠦᠶ ᠳᠠᠬᠢᠯᠲᠠ ᠡᠬᠢ ᠪᠠᠶᠠᠯᠢᠭ ᠤᠨ ᠬᠢᠵᠠᠭᠠᠷᠲᠤ ᠺᠣᠮᠫᠠᠨᠢ ᠶᠢᠨ 4 ᠲᠦᠮᠡᠨ | ᠲᠣᠨ ᠬᠠᠶᠠᠭᠳᠠᠮᠠᠯ ᠰᠦᠯᠢᠶᠣᠣ ᠶᠢ ᠶᠡᠷᠦᠩᠬᠡᠶᠢᠯᠡᠨ ᠠᠰᠢᠭᠯᠠᠵᠤ ᠥᠭᠡᠷᠡᠴᠢᠯᠡᠬᠦ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠤᠨ ᠮᠡᠳᠡᠭᠦᠯᠦᠯᠲᠡ ᠶᠢᠨ | ᠬᠦᠰᠦᠨᠦᠭᠲᠦ︾ ᠳᠤ ᠬᠢᠨᠠᠨ ᠵᠥᠪᠰᠢᠶᠡᠷᠡᠬᠦ ᠰᠠᠨᠠᠯ ᠭᠠᠷᠭᠠᠬᠤ ᠪᠠᠷ ᠲᠥᠯᠥᠪᠯᠡᠵᠦ ᠪᠣᠶ᠃ ᠲᠣᠰ ᠤᠳᠠᠭᠠᠨ ᠤ ᠬᠢᠨᠠᠨ ᠪᠠᠶᠢᠴᠠᠭᠠᠬᠤ ᠠᠵᠢᠯ ᠤᠨ ᠲᠥᠪ ᠴᠢᠩᠭ᠎ᠠ ᠴᠢᠨᠠᠷ | ᠪᠠ ᠲᠥᠪ ᠭᠤᠤᠯᠴᠢ ᠴᠢᠨᠠᠷ ᠢ ᠪᠠᠲᠤᠯᠠᠬᠤ ᠶᠢᠨ ᠲᠥᠯᠥᠭᠡ᠂ ᠣᠲᠣ ᠬᠢᠨᠠᠨ ᠵᠥᠪᠰᠢᠶᠡᠷᠡᠬᠦ ᠰᠠᠨᠠᠯ ᠭᠠᠷᠭᠠᠬᠤ ᠪᠠᠷ ᠪᠠᠶᠢᠭ᠎ᠠ ᠣᠷᠴᠢᠨ ᠲᠣᠭᠤᠷᠢᠨ ᠤ ᠨᠥᠯᠥᠭᠡ ᠶᠢ | ᠦᠨᠡᠯᠡᠬᠦ ᠪᠢᠴᠢᠭ ᠮᠠᠲ᠋ᠧᠷᠢᠶᠠᠯ ᠤᠨ ᠦᠨᠳᠦᠰᠦᠨ ᠪᠠᠶᠢᠳᠠᠯ ᠢ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 2024 ᠣᠨ ᠤ 1 ᠰᠠᠷ᠎ᠠ ᠶᠢᠨ 11 ᠤ | ᠡᠳᠦᠷ ᠠᠴᠠ 1 ᠰᠠᠷ᠎ᠠ ᠶᠢᠨ 17 ᠤ ᠡᠳᠦᠷ ︵5 ᠠᠵᠢᠯᠯᠠᠬᠤ ᠡᠳᠦᠷ︶ ᠪᠣᠯᠤᠨ᠎ᠠ᠃ | ᠭᠡᠷᠡᠴᠢᠯᠡᠭᠡ ᠰᠣᠨᠣᠰᠬᠤ ᠡᠷᠬᠡ ᠶᠢᠨ ᠮᠡᠳᠡᠭᠳᠡᠯ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ | ᠶᠢ ᠦᠨᠳᠦᠰᠦᠯᠡᠨ᠂ ᠵᠠᠷᠯᠠᠨ ᠨᠡᠶᠢᠲᠡᠯᠡᠬᠦ ᠠᠴᠠ ᠡᠬᠢᠯᠡᠨ 5 ᠠᠵᠢᠯᠯᠠᠬᠤ ᠡᠳᠦᠷ ᠤᠨ ᠳᠣᠲᠣᠷ᠎ᠠ ᠭᠤᠶᠤᠴᠢᠯᠠᠭᠴᠢ᠂ ᠠᠰᠢᠭ ᠬᠤᠤᠷ ᠤᠨ ᠬᠠᠷᠢᠴᠠᠭ᠎ᠠ ᠲᠠᠢ ᠬᠥᠮᠦᠨ ᠨᠢ | ᠳᠣᠤᠷᠠᠬᠢ ᠮᠡᠲᠦ ᠪᠠᠶᠢᠭᠤᠯᠬᠤ ᠪᠠᠷ ᠪᠠᠶᠢᠭ᠎ᠠ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠦᠨᠡᠯᠡᠭᠰᠡᠨ | ᠪᠢᠴᠢᠭ ᠮᠠᠲ᠋ᠧᠷᠢᠶᠠᠯ ᠢ ᠬᠢᠨᠠᠨ ᠵᠥᠪᠰᠢᠶᠡᠷᠡᠭᠰᠡᠨ ᠰᠠᠨᠠᠯ ᠳᠤ ᠭᠡᠷᠡᠴᠢᠯᠡᠭᠡ ᠰᠣᠨᠣᠰᠬᠤ ᠪᠠᠷ ᠱᠠᠭᠠᠷᠳᠠᠵᠤ ᠪᠣᠯᠤᠨ᠎ᠠ᠃ | ᠬᠠᠷᠢᠯᠴᠠᠬᠤ ᠤᠲᠠᠰᠤ᠄ 0478 - 6630760 | ᠹᠠᠺᠰ᠄ 0478 - 6623868 | ᠬᠠᠶ᠋ᠢᠭ᠄ ᠪᠠᠶᠠᠨᠨᠠᠭᠤᠷ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠬᠠᠩᠭᠢᠨ ᠬᠤᠶᠢᠲᠤ ᠬᠤᠰᠢᠭᠤᠨ ᠤ ᠬᠤᠪᠢᠶᠠᠷᠢ ᠲᠣᠪᠴᠢᠶ᠎ᠠ | ︵ᠢ ᠶᠤᠸᠠᠨ ᠤᠰᠤᠨ ᠤ ᠶᠠᠪᠤᠳᠠᠯ ᠤᠨ ᠺᠣᠮᠫᠠᠨᠢ ᠶᠢᠨ ᠭᠤᠷᠪᠠᠳᠤᠭᠠᠷ ᠳᠠᠪᠬᠤᠷ︶ | ᠰᠢᠤᠳᠠᠨ ᠨᠣᠮᠧᠷ᠄ 015400 | ᠪᠠᠶᠠᠨᠨᠠᠭᠤᠷ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠬᠠᠩᠭᠢᠨ ᠬᠤᠶᠢᠲᠤ ᠬᠤᠰᠢᠭᠤᠨ ᠤ ᠬᠤᠪᠢᠶᠠᠷᠢ ᠲᠣᠪᠴᠢᠶ᠎ᠠ | | | | 2024 ᠣᠨ ᠤ 1 ᠰᠠᠷ᠎ᠠ ᠶᠢᠨ 11 ᠤ ᠡᠳᠦᠷ | | | http://www.hjhq.gov.cn/zwgk/tzgg/202401/t20240111_581361.html |