ᠰᠢ ᠶᠢᠨ ᠫᠢᠩ ᠹᠦᠵᠢᠶᠠᠨ ᠤ ᠵᠠᠩ ᠵᠧᠦ ᠬᠤᠲᠠ ᠳᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/10/16
      15 ᠤ ᠡᠳᠦᠷ ᠤᠨ ᠦᠳᠡ ᠶᠢᠨ ᠬᠤᠶᠢᠨ᠎ᠠ᠂ ᠶᠡᠷᠦᠩᠬᠡᠢ ᠱᠦᠵᠢ ᠰᠢ ᠶᠢᠨ ᠫᠢᠩ ᠹᠦᠵᠢᠶᠠᠨ ᠮᠤᠵᠢ ᠶᠢᠨ ᠵᠠᠩ ᠵᠧᠦ ᠬᠤᠲᠠ ᠶᠢᠨ ᠳ᠋ᠦᠩᠱᠠᠨ ᠰᠢᠶᠠᠨ ᠤ ᠴᠧᠨ ᠴᠧᠩ ᠪᠠᠯᠭᠠᠰᠤᠨ ᠤ ᠣᠣ ᠵᠢᠶᠣᠣ ᠲᠣᠰᠬᠤᠨ᠂ ᠭᠦ᠋ ᠸᠧᠨ ᠴᠠᠩ ᠤᠨ ᠳᠤᠷᠠᠰᠬᠠᠯ ᠤᠨ ᠣᠷᠳᠣᠨ ᠪᠠ ᠭᠤᠸᠠᠨ ᠳ᠋ᠢ ᠰᠣᠶᠣᠯ ᠤᠨ ᠠᠵᠤ ᠦᠢᠯᠡᠰ ᠤᠨ ᠬᠦᠷᠢᠶᠡᠯᠡᠩ ᠢ ᠰᠢᠨᠵᠢᠯᠡᠨ ᠪᠠᠶᠢᠴᠠᠭᠠᠵᠤ᠂ ᠲᠤᠬᠠᠶ ᠶᠢᠨ ᠭᠠᠵᠠᠷ ᠤᠨ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠭᠰᠠᠨ᠂ ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠭᠰᠠᠨ ᠪᠠ ᠰᠣᠶᠣᠯ ᠤᠨ ᠥᠪ ᠢ ᠬᠠᠮᠠᠭᠠᠯᠠᠬᠤ ᠶᠢ ᠴᠢᠩᠭᠠᠳᠬᠠᠭᠰᠠᠨ ᠵᠡᠷᠭᠡ ᠪᠠᠶᠢᠳᠠᠯ ᠢ ᠣᠶᠢᠯᠠᠭᠠᠪᠠ᠃       ︵ᠰᠤᠷᠪᠤᠯᠵᠢᠯᠠᠭᠴᠢ᠄ ᠵᠠᠩ ᠰᠢᠶᠣᠣ ᠰᠥᠩ᠂ ᠵᠦ ᠵᠢᠢ ᠴᠠᠢ︔ ᠰᠡᠭᠦᠳᠡᠷᠯᠡᠭᠴᠢ᠄ ᠵᠢᠦᠢ ᠫᠧᠩ᠂ ᠰᠢᠶᠧ ᠬᠤᠸᠠᠨ ᡂᠢ᠂ ᠶᠠᠨ ᠶᠠᠨ᠂ ᠱᠧᠨ ᠬᠤᠩ︶
3.jpg
8.jpg
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ ᠮᠥᠩᠭᠤᠯ ᠰᠦᠯᠵᠢᠶ᠎ᠡ