ᠬᠠᠩᠭᠢᠨ ᠬᠤᠶᠢᠲᠤ ᠬᠤᠰᠢᠭᠤ᠄ ᠨᠠᠮ ᠤᠨ ᠪᠠᠶᠢᠭᠤᠯᠤᠯᠲᠠ ᠪᠠᠷ ᠬᠠᠮᠲᠤᠷᠠᠯ ᠬᠦᠴᠦᠨ ᠢ ᠨᠢᠭᠲᠠᠷᠠᠭᠤᠯᠵᠤ / ᠰᠢᠨᠵᠢᠯᠡᠭᠡ ᠮᠡᠷᠭᠡᠵᠢᠯ ᠢᠶᠠᠷ ᠲᠠᠷᠢᠶᠠᠯᠠᠩ ᠢ ᠲᠤᠰᠠᠯᠠᠨ ᠬᠥᠭᠵᠢᠯᠲᠡ ᠶᠢ ᠠᠬᠢᠭᠤᠯᠤᠶ᠎ᠠ
ᠨᠡᠶᠢᠲᠡᠯᠡᠭᠰᠡᠨ ᠴᠠᠭ᠄
2024/10/8
      ᠬᠠᠩᠭᠢᠨ ᠬᠤᠶᠢᠲᠤ ᠬᠤᠰᠢᠭᠤᠨ ᠳᠤ᠂ ᠬᠤᠷᠢᠨ ᠵᠢᠯ ᠤᠨ ᠲᠤᠷᠰᠢ ᠨᠢᠭᠡᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠲᠡᠷᠭᠡ ᠶᠠᠳᠠᠷᠠᠯ ᠵᠦᠳᠡᠷᠡᠯ ᠢ ᠬᠠᠶᠢᠬᠤᠷᠤᠯ ᠦᠭᠡᠢ ᠪᠠᠷ ᠬᠥᠳᠡᠭᠡ ᠲᠣᠰᠬᠤᠨ ᠳᠤ ᠰᠦᠯᠵᠢᠯᠳᠦᠵᠦ᠂ ᠠᠷᠠᠳ ᠤᠯᠠᠨ ᠳᠤ ︽ᠰᠢᠨᠵᠢᠯᠡᠬᠦ ᠤᠬᠠᠭᠠᠨ ᠮᠡᠷᠭᠡᠵᠢᠯ 110︾ ᠬᠡᠮᠡᠭᠳᠡᠪᠡ᠃ ᠮᠠᠰᠢᠨ ᠲᠡᠷᠭᠡᠨ ᠳᠡᠭᠡᠷ᠎ᠡ ᠲᠠᠷᠢᠶᠠᠯᠠᠩ᠂ ᠮᠠᠯ ᠠᠵᠤ ᠠᠬᠤᠶ᠂ ᠵᠢᠭᠠᠰᠤᠨ ᠠᠵᠤ ᠠᠬᠤᠶ ᠵᠡᠷᠭᠡ ᠬᠦᠷᠢᠶᠡᠨ ᠤ ᠲᠤᠰᠬᠠᠶ ᠮᠡᠷᠭᠡᠵᠢᠯ ᠤᠨ ᠦᠶ᠋ᠯᠡᠴᠢᠯᠡᠭᠡᠨ ᠤ ᠠᠩᠭᠢ ᠶᠢ ᠦᠷᠭᠦᠯᠵᠢ ᠠᠴᠢᠶᠠᠯᠠᠵᠤ᠂ ᠲᠠᠳᠠ ᠬᠥᠳᠡᠭᠡ ᠲᠣᠰᠬᠤᠨ ᠮᠠᠯᠵᠢᠯ ᠤᠨ ᠲᠠᠯᠠᠪᠠᠶ᠂ ᠲᠠᠷᠢᠶᠠᠨ ᠭᠠᠵᠠᠷ ᠢᠶᠠᠷ ᠶᠠᠪᠤᠵᠤ᠂ ᠮᠠᠯᠴᠢᠨ ᠲᠠᠷᠢᠶᠠᠴᠢᠨ ᠳᠤ ᠦᠨ᠎ᠡ ᠲᠥᠯᠥᠪᠦᠷᠢ ᠥᠬᠡᠶ ᠪᠠᠷ ᠮᠡᠷᠭᠡᠵᠢᠯ ᠤᠨ ᠪᠣᠯᠪᠠᠰᠤᠷᠠᠯ᠂ ᠵᠢᠯᠣᠭᠤᠳᠣᠯᠭ᠎ᠠ ᠪᠠ ᠦᠶ᠋ᠯᠡᠴᠢᠯᠡᠭᠡ ᠬᠠᠩᠭᠠᠵᠤ ᠪᠣᠶ᠃      ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ 110 ᠮᠥᠨ ᠦᠦ︖ ᠮᠢᠨᠦ ᠲᠠᠷᠢᠭᠰᠠᠨ ᠳᠠᠭᠢᠨᠢ ᠶᠢᠨ ᠵᠢᠮᠢᠰ ᠤᠨ ᠨᠠᠪᠴᠢ ᠬᠠᠷᠠᠯᠠᠴᠢᠬᠠᠵᠠᠶ᠂ ᠲᠤᠰᠬᠠᠶ ᠮᠡᠷᠭᠡᠵᠢᠯᠲᠡᠨ ᠵᠠᠯᠠᠵᠤ ᠦᠵᠡᠭᠦᠯᠵᠦ ᠪᠣᠯᠤᠨ᠎ᠠ ᠤᠤ᠃ ᠬᠠᠩᠭᠢᠨ ᠬᠤᠶᠢᠲᠤ ᠬᠤᠰᠢᠭᠤᠨ ᠤ ᠡᠯ ᠳ᠋ᠤᠤ ᠴᠢᠶᠣᠤ ᠪᠠᠯᠭᠠᠰᠤᠨ ᠤ ᠲᠠᠷᠢᠮᠠᠯ ᠤᠨ ᠲᠣᠮᠣ ᠡᠷᠦᠬᠡ ᠴᠧᠨ ᠴᠢᠶᠠᠨ ᠨᠢᠶᠠᠨ ᠬᠢᠵᠢᠭ ᠡᠪᠡᠳᠴᠢᠨ ᠢ ᠣᠯᠵᠤ ᠮᠡᠳᠡᠭᠰᠡᠨ ᠤ ᠳᠠᠷᠠᠭ᠎ᠠ᠂ ᠲᠡᠷᠡ ᠳᠠᠷᠤᠶ ᠳᠤᠨᠢ ᠬᠡᠷᠡᠭᠴᠡᠭᠡ ᠱᠠᠭᠠᠷᠳᠠᠯᠭ᠎ᠠ ᠶᠢ ︽ᠰᠢᠨᠵᠢᠯᠡᠬᠦ ᠤᠬᠠᠭᠠᠨ ᠮᠡᠷᠭᠡᠵᠢᠯ 110 ︾ ᠳᠤ ᠮᠡᠳᠡᠭᠳᠡᠪᠡ᠂ ᠦᠶ᠋ᠯᠡᠴᠢᠯᠡᠭᠡᠨ ᠤ ᠪᠦᠯᠬᠦᠮ ᠨᠢ ᠲᠠᠷᠢᠶᠠᠯᠠᠩ ᠤᠨ ᠮᠡᠷᠭᠡᠵᠢᠯ ᠤᠨ ᠲᠤᠰᠬᠠᠶ ᠮᠡᠷᠭᠡᠵᠢᠯᠲᠡᠨ ᠯᠢᠦ ᠠᠨ ᠪᠢᠩ ᠢ ᠲᠣᠰ ᠡᠳᠦᠷ ᠲᠡᠭᠡᠨ ᠲᠡᠭᠦᠨ ᠤ ᠬᠡᠷ ᠲᠤᠨᠢ ᠣᠴᠢᠭᠤᠯᠵᠤ᠂ ︽ᠣᠷᠣᠶ ᠶᠢᠨ ᠬᠢᠵᠢᠭ ᠡᠪᠡᠳᠴᠢᠨ ᠭᠡᠵᠦ ᠲᠣᠭᠲᠠᠭᠠᠪᠠᠯ᠂ ᠳᠠᠷᠤᠶ ᠲᠦᠷᠭᠡᠨ ᠰᠠᠯᠬᠢ ᠨᠡᠪᠲᠡᠷᠡᠭᠦᠯᠵᠦ᠂ ᠲᠡᠩᠴᠡᠭᠦᠷᠢᠲᠡᠶ ᠪᠣᠷᠲᠣᠭᠤᠷ ᠣᠷᠣᠭᠤᠯᠵᠤ᠂ ᠮᠠᠨᠠᠨᠲᠤᠭᠤᠯᠤᠨ ᠰᠡᠷᠭᠡᠶᠢᠯᠡᠨ ᠵᠠᠰᠠᠨ᠎ᠠ᠃︾ ᠭᠡᠵᠦ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠤ ᠳᠠᠷᠠᠭ᠎ᠠ ᠯᠢᠦ ᠠᠨ ᠪᠢᠩ ᠲᠤᠬᠠᠢ ᠶᠢᠨ ᠲᠠᠯᠠᠪᠠᠢ ᠳᠤ ᠰᠢᠢᠳᠪᠦᠷᠢᠯᠡᠬᠦ ᠲᠥᠰᠦᠯ ᠭᠠᠷᠭᠠᠪᠠ᠃ ︽ᠡᠨᠡ ᠴᠢᠨᠢ ᠦᠨᠡᠬᠡᠷ ᠨᠠᠳᠠᠳᠤ ᠨᠢᠭᠡ ᠶᠡᠭᠡ ᠠᠰᠠᠭᠤᠳᠠᠯ ᠰᠢᠢᠳᠪᠦᠷᠢᠯᠡᠵᠦ ᠥᠭᠴᠡᠢ᠃ ᠠᠵᠠ ᠪᠠᠷ ᠣᠯᠵᠤ ᠮᠡᠳᠡᠭᠰᠡᠨ ᠨᠢ ᠡᠷᠲᠡ᠂ ᠠᠷᠭ᠎ᠠ ᠬᠡᠮᠵᠢᠶ᠎ᠡ ᠨᠢ ᠵᠣᠬᠢᠰᠲᠠᠶ᠂ ᠦᠭᠡᠢ ᠪᠣᠯ ᠯᠠᠪᠲᠠᠶ ᠭᠠᠷᠤᠯᠲᠠ ᠬᠠᠰᠤᠭᠳᠠᠨ᠎ᠠ᠂ ᠪᠠᠰᠠ ᠬᠤᠷᠢᠶᠠᠯᠲᠠ ᠦᠭᠡᠢ ᠪᠣᠯᠵᠤ ᠮᠡᠳᠡᠨ᠎ᠡ᠃ ᠲᠤᠰᠬᠠᠶ ᠮᠡᠷᠭᠡᠵᠢᠯᠲᠡᠨ ᠬᠠᠵᠠᠭᠤ ᠳᠤ ᠪᠠᠢᠨ᠎ᠠ᠂ ᠲᠠᠷᠢᠶ᠎ᠠ ᠲᠠᠷᠢᠬᠤ ᠳᠤ ᠢᠲᠡᠭᠡᠯ ᠲᠠᠢ᠃︾ ᠭᠡᠵᠦ ᠴᠧᠨ ᠴᠢᠶᠠᠨ ᠨᠢᠶᠠᠨ ᠴᠢᠬᠢ ᠶᠢᠨ ᠠᠮᠢᠵᠢᠷᠠᠯ ᠠᠭᠠᠵᠢᠮ ᠢᠶᠠᠷ ᠰᠡᠷᠭᠦᠵᠦ ᠪᠠᠶᠢᠭ᠎ᠠ ᠶᠢ ᠬᠠᠷᠠᠭᠠᠳ᠂ ᠰᠠᠨᠠᠭ᠎ᠠ ᠠᠮᠠᠷᠠᠨ ᠮᠠᠭᠲᠠᠨ ᠰᠠᠶᠢᠰᠢᠶᠠᠪᠠ᠃      ᠣᠶᠢᠷ᠎ᠠ ᠶᠢᠨ ᠵᠢᠯ ᠤᠳ ᠲᠤ᠂ ︽ᠰᠢᠨᠵᠢᠯᠡᠬᠦ ᠤᠬᠠᠭᠠᠨ ᠮᠡᠷᠭᠡᠵᠢᠯ 110︾ ᠨᠢ ᠨᠡᠶᠢᠲᠡ 29 ᠲᠦᠮᠡᠨ ᠺᠢᠯᠣᠮᠧᠲᠷ ᠠᠶᠠᠯᠠᠵᠤ᠂ ᠬᠥᠳᠡᠭᠡ ᠪᠠᠭᠤᠵᠤ 1600 ᠭᠠᠷᠤᠶ ᠤᠳᠠᠭ᠎ᠠ ᠦᠶ᠋ᠯᠡᠴᠢᠯᠡᠵᠦ᠂ 1 . 3 ᠲᠦᠮᠡ ᠭᠠᠷᠤᠶ ᠤᠳᠠᠭ᠎ᠠ ᠳ᠋ᠢᠶᠠᠩᠬᠤᠸᠠ ᠪᠠᠷ ᠠᠰᠠᠭᠤᠨ ᠯᠠᠪᠯᠠᠬᠤ ᠶᠢ ᠭᠥᠯᠢᠶᠡᠨ ᠠᠪᠴᠤ᠂ 1500 ᠭᠠᠷᠤᠶ ᠬᠦᠴᠢᠷ ᠲᠦᠪᠡᠭᠲᠡᠶ ᠠᠰᠠᠭᠤᠳᠠᠯ ᠢ ᠰᠢᠶ᠋ᠳᠪᠦᠷᠢᠯᠡᠵᠦ᠂ 300 ᠭᠠᠷᠤᠶ ᠤᠳᠠᠭ᠎ᠠ ᠲᠥᠪᠯᠡᠷᠡᠭᠦᠯᠦᠨ ᠪᠠ ᠲᠤᠬᠠᠶ ᠶᠢᠨ ᠲᠠᠯᠠᠪᠤᠷ ᠲᠤ ᠪᠣᠯᠪᠠᠰᠤᠷᠠᠭᠤᠯᠵᠤ᠂ 3 ᠲᠦᠮᠡ ᠭᠠᠷᠤᠶ ᠮᠠᠯᠴᠢᠨ ᠲᠠᠷᠢᠶᠠᠴᠢᠨ ᠢ ᠪᠣᠯᠪᠠᠰᠤᠷᠠᠭᠤᠯᠵᠤ᠂ ᠤᠷᠢᠳ ᠬᠤᠵᠢᠳ ︽ᠬᠦᠯᠡᠮᠵᠢ ᠶᠢᠨ ᠲᠥᠪᠡᠳ ᠬᠠᠰᠢ ᠳᠠᠷᠢᠬᠤ ᠮᠡᠷᠭᠡᠵᠢᠯ︾᠂ ︽ᠬᠦᠯᠡᠮᠵᠢ ᠶᠢᠨ ᠠᠮᠲᠠᠲᠤ ᠬᠡᠮᠬᠡ ᠳᠠᠷᠢᠬᠤ ᠮᠡᠷᠭᠡᠵᠢᠯ︾᠂ ︽ᠬᠦᠯᠡᠮᠵᠢ ᠶᠢᠨ ᠥᠷᠭᠡᠰᠦᠲᠦ ᠬᠡᠮᠬᠡ ᠳᠠᠷᠢᠬᠤ ᠮᠡᠷᠭᠡᠵᠢᠯ︾ ᠵᠡᠷᠭᠡ ᠮᠡᠷᠭᠡᠵᠢᠯ ᠤᠨ ᠭᠠᠷ ᠳᠡᠪᠲᠡᠷ ᠢ 10 ᠳᠡᠪᠲᠡᠷ ᠨᠠᠶᠢᠷᠠᠭᠤᠯᠤᠨ ᠪᠢᠴᠢᠵᠦ᠂ 3 ᠲᠦᠮᠡᠨ ᠳᠡᠪᠲᠡᠷ ᠲᠠᠷᠬᠠᠭᠠᠪᠠ᠃ ︽ᠰᠢᠨᠵᠢᠯᠡᠬᠦ ᠤᠬᠠᠭᠠᠨ ᠮᠡᠷᠭᠡᠵᠢᠯ 110︾ ᠨᠢ ᠲᠡᠷᠢᠭᠦᠨ ᠤ ᠮᠡᠷᠭᠡᠵᠢᠯ ᠪᠠ ᠦᠢᠯᠡᠴᠢᠯᠡᠭᠡ ᠶᠢ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠠᠪᠴᠢᠷᠠᠭᠰᠠᠨ ᠢᠶᠠᠷ ᠪᠠᠷᠠᠬᠤ ᠦᠭᠡᠢ ᠨᠡᠩ ᠴᠤ ᠨᠠᠮ ᠤᠨ ᠬᠠᠶᠢᠷ᠎ᠠ ᠬᠠᠯᠠᠮᠵᠢ ᠶᠢ ᠲᠦᠭ ᠲᠦᠮᠡᠨ ᠠᠶᠢᠯ ᠡᠷᠦᠬᠡ ᠳᠤ ᠬᠦᠷᠭᠡᠭᠰᠡᠨ ᠪᠠᠶᠢᠨ᠎ᠠ᠃      ︽ᠣᠯᠠᠨ ᠵᠢᠯ ᠤᠨ ᠠᠵᠢᠯᠯᠠᠭᠠᠨ ᠤ ᠬᠥᠭᠵᠢᠯᠲᠡ ᠪᠠᠷ ᠳᠡᠮᠵᠢᠨ᠂ ︿ᠰᠢᠨᠵᠢᠯᠡᠬᠦ ᠤᠬᠠᠭᠠᠨ ᠮᠡᠷᠭᠡᠵᠢᠯ 110﹀ ᠨᠢ ᠨᠢᠭᠡᠨᠲᠡ ᠨᠠᠷᠠᠲᠤ ᠲᠡᠮᠳᠡᠭ ᠤᠨ ᠦᠶ᠋ᠯᠡᠳᠦᠯ ᠢ ᠪᠦᠷᠢᠯᠳᠦᠭᠦᠯᠵᠦ᠂ ᠮᠠᠯᠴᠢᠨ ᠲᠠᠷᠢᠶᠠᠴᠢᠨ ᠤ ᠢᠲᠡᠭᠡᠯ ᠢ ᠶᠡᠬᠡᠳᠡ ᠣᠯᠵᠤ᠂ ᠲᠠᠷᠢᠶᠠᠯᠠᠩ ᠮᠠᠯ ᠠᠵᠤ ᠠᠬᠤᠶ ᠶᠢᠨ ᠦᠶ᠋ᠯᠡᠳᠪᠦᠷᠢᠯᠡᠯ ᠳᠤᠮᠳᠠ ᠠᠰᠠᠭᠤᠳᠠᠯ ᠲᠤᠯᠭᠠᠷᠠᠪᠠᠯ ᠣᠯᠠᠨ ᠢᠶᠠᠷ ᠢᠶᠠᠨ ᠳᠠᠷᠤᠶ ︿ᠰᠢᠨᠵᠢᠯᠡᠬᠦ ᠤᠬᠠᠭᠠᠨ ᠮᠡᠷᠭᠡᠵᠢᠯ 110﹀ ᠢ ᠪᠤᠳᠤᠵᠤ ᠣᠯᠳᠠᠭ᠃ ᠮᠠᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ︽ᠨᠠᠮ ᠤᠨ ᠪᠠᠶᠢᠭᠤᠯᠤᠯᠲᠠ ᠪᠠᠷ ᠬᠠᠮᠲᠤᠷᠠᠯ ᠤᠨ ᠬᠦᠴᠦᠨ ᠢ ᠬᠥᠲᠥᠯᠦᠨ ᠳᠠᠭᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠢ ᠬᠠᠪᠰᠤᠷᠤᠨ ᠬᠥᠭᠵᠢᠯᠲᠡ ᠶᠢ ᠠᠬᠢᠭᠤᠯᠬᠤ︾ ᠠᠵᠢᠯ ᠤᠨ ᠣᠨᠣᠯᠵᠢᠬᠤᠨ ᠢ ᠢᠮᠠᠭᠲᠠ ᠪᠠᠷᠢᠮᠲᠠᠯᠠᠵᠤ᠂ ᠮᠠᠯᠴᠢᠨ ᠲᠠᠷᠢᠶᠠᠴᠢᠨ ᠤ ᠳᠤᠷᠠᠳᠤᠭᠰᠠᠨ ᠠᠰᠠᠭᠤᠳᠠᠯ ᠳᠤ ︽ᠠᠰᠠᠭᠤᠯᠲᠠ ᠪᠠᠶᠢᠪᠠᠯ ᠬᠠᠷᠢᠭᠤᠯᠵᠤ᠂ ᠪᠠᠴᠢᠮ ᠪᠠᠶᠢᠳᠠᠯ ᠳᠤᠤᠷ᠎ᠠ ᠵᠠᠪᠠᠯ ᠠᠪᠤᠷᠬᠠᠤ᠂ ᠴᠠᠭ ᠲᠤᠬᠠᠶ ᠳᠤᠨᠢ ᠲᠦᠷᠭᠡᠨ ᠦᠶ᠋ᠯᠡᠴᠢᠯᠡᠬᠦ᠂ ᠰᠠᠨᠠᠭᠠᠴᠢᠯᠠᠭ᠎ᠠ ᠠᠴᠠ ᠪᠠᠨ ᠦᠶ᠋ᠯᠡᠴᠢᠯᠡᠬᠦ︾ ᠳᠥᠷᠪᠡᠨ ᠵᠠᠷᠴᠢᠮ ᠢ ᠪᠠᠷᠢᠮᠲᠠᠯᠠᠵᠤ᠂ ᠮᠠᠯᠴᠢᠨ ᠲᠠᠷᠢᠶᠠᠴᠢᠨ ᠢ ᠬᠠᠪᠰᠤᠷᠤᠨ ᠦᠶ᠋ᠯᠡᠳᠪᠦᠷᠢᠯᠡᠯ ᠤᠨ ᠳᠤᠮᠳᠠ ᠲᠤᠰᠠᠯᠠᠮᠵᠢ ᠭᠤᠶᠤᠬᠤ ᠭᠠᠵᠠᠷ ᠥᠬᠡᠶ ᠪᠠᠶᠢᠭ᠎ᠠ ᠬᠦᠴᠢᠷ ᠠᠰᠠᠭᠤᠳᠠᠯ ᠢ ᠰᠢᠶ᠋ᠳᠪᠦᠷᠢᠯᠡᠪᠡ᠃ ᠬᠠᠩᠭᠢᠨ ᠬᠤᠶᠢᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠱᠤᠤ ᠾᠧᠩ ᠬᠡᠯᠡᠪᠡ᠃       ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ 110︾ ᠤᠨ ᠦᠶ᠋ᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢᠨ ᠲᠥᠯᠥᠭᠡ᠂ ᠬᠠᠩᠭᠢᠨ ᠬᠤᠶᠢᠲᠤ ᠬᠤᠰᠢᠭᠤ ᠦᠶ᠋ᠯᠡᠳᠪᠦᠷᠢᠯᠡᠬᠦ ᠠᠴᠠ ᠡᠮᠦᠨᠡᠬᠢ ᠳᠠᠷᠢᠵᠤ ᠲᠡᠵᠢᠭᠡᠬᠦ ᠮᠡᠳᠡᠭᠡ ᠵᠠᠩᠭᠢ ᠶᠢ ᠳᠠᠮᠵᠢᠭᠤᠯᠬᠤ᠂ ᠦᠶ᠋ᠯᠡᠳᠪᠦᠷᠢᠯᠡᠬᠦ ᠳᠤᠮᠳᠠ ᠲᠤᠬᠠᠶ ᠶᠢᠨ ᠲᠠᠯᠠᠪᠤᠷ ᠲᠤ ᠪᠤᠶᠤ ᠰᠦᠯᠵᠢᠶᠡᠨ ᠳᠡᠭᠡᠷ᠎ᠡ ᠵᠢᠯᠣᠭᠤᠳᠬᠤ᠂ ᠦᠶ᠋ᠯᠡᠳᠪᠦᠷᠢᠯᠡᠭᠰᠡᠨ ᠤ ᠳᠠᠷᠠᠭ᠎ᠠ ᠪᠣᠷᠣᠯᠠᠭᠤᠯᠬᠤ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠦᠶ᠋ᠯᠡᠴᠢᠯᠡᠭᠡᠨ ᠤ ᠵᠠᠭᠪᠤᠷ ᠢ ᠢᠳᠡᠪᠬᠢᠲᠡᠶ ᠬᠡᠷᠡᠭᠵᠢᠭᠦᠯᠵᠦ᠂ ᠪᠥᠬᠦ ᠦᠶᠡᠯᠡᠯ ᠤᠨ ᠬᠤᠭᠤᠴᠠᠭᠠᠨ ᠳᠤ ᠬᠦᠴᠦᠯᠡᠨ ᠪᠥᠬᠦ ᠲᠠᠯ᠎ᠠ ᠪᠠᠷ ᠬᠢᠨᠠᠨ ᠬᠠᠮᠢᠶᠠᠷᠬᠤ ᠶᠢ ᠦᠨᠡᠨ ᠬᠦ ᠪᠡᠶᠡᠯᠡᠭᠦᠯᠪᠡ᠃      ᠡᠷᠳᠡᠨᠢ ᠰᠢᠰᠢ᠂ ᠰᠢᠷ᠎ᠠ ᠪᠤᠷᠴᠠᠭ ᠵᠡᠷᠭᠡ ᠨᠠᠮᠤᠷ ᠤᠨ ᠠᠮᠤ ᠪᠤᠳᠠᠭᠠᠨ ᠤ ᠲᠠᠷᠢᠮᠠᠯ ᠤᠨ ᠡᠭᠡᠳᠡᠩ ᠤᠨ ᠪᠣᠯᠪᠠᠰᠤᠷᠠᠬᠤ ᠬᠤᠭᠤᠴᠠᠭ᠎ᠠ ᠪᠣᠯ ᠪᠠᠰᠠ ᠴᠤ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠨᠠᠮᠤᠷ ᠤᠨ ᠲᠠᠷᠢᠮᠠᠯ ᠡᠯᠪᠡᠭ ᠬᠤᠷᠢᠶᠠᠯᠲᠠ ᠣᠯᠵᠤ ᠡᠯᠪᠡᠭ ᠬᠤᠷᠢᠶᠠᠯᠲᠠ ᠤᠯᠬᠤ ᠶᠢ ᠪᠠᠲᠤᠯᠠᠬᠤ ᠶᠢᠨ ᠲᠥᠯᠥᠭᠡ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ 110︾ ᠤᠨ ᠦᠶ᠋ᠯᠡᠴᠢᠯᠡᠭᠡᠨ ᠤ ᠠᠩᠭᠢ ᠶᠢᠨ ᠡᠷᠳᠡᠨᠢ ᠰᠢᠰᠢ ᠶᠢᠨ ᠲᠤᠰᠬᠠᠶ ᠮᠡᠷᠭᠡᠵᠢᠯᠲᠡᠨ᠂ ᠨᠠᠮ ᠤᠨ ᠭᠡᠰᠢᠭᠦᠨ ᠰᠠᠶᠢᠨ ᠳᠤᠷ᠎ᠠ ᠶᠢᠨ ᠠᠵᠢᠯᠯᠠᠭᠴᠢ ᠯᠢ ᠵᠢᠶᠧ ᠲᠣᠰᠬᠤᠨ ᠤ ᠠᠷᠠᠳ ᠤᠨ ᠡᠷᠳᠡᠨᠢ ᠰᠢᠰᠢ ᠶᠢᠨ ᠲᠠᠷᠢᠶᠠᠨ ᠳᠤ ᠢᠷᠡᠵᠦ᠂ ︽ᠨᠢᠭᠡ ᠰᠦᠷᠴᠢᠪᠡᠯ ᠢᠯᠡᠭᠦᠦ ᠠᠬᠢᠭᠤᠯᠬᠤ︾ ᠠᠵᠢᠯ ᠳᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠮᠡᠷᠭᠡᠵᠢᠯ ᠤᠨ ᠵᠢᠯᠣᠭᠤᠳᠣᠯᠭ᠎ᠠ ᠬᠢᠪᠠ᠃ ︽ᠨᠢᠭᠡ ᠰᠦᠷᠴᠢᠯᠲᠡ ᠪᠠᠷ ᠣᠯᠠᠨ ᠠᠬᠢᠭᠤᠯᠬᠤ︾ ᠭᠡᠳᠡᠭ ᠨᠢ ᠳᠠᠷᠤᠶ ᠰᠢᠨᠵᠢᠯᠡᠬᠦ ᠤᠬᠠᠭᠠᠨᠴᠢ ᠪᠠᠷ ᠨᠠᠪᠴᠢᠨ ᠤ ᠪᠣᠷᠳᠤᠭᠤᠷ᠂ ᠲᠣᠬᠢᠷᠠᠭᠤᠯᠬᠤ ᠡᠮ ᠪᠠ ᠡᠯ᠎ᠡ ᠵᠦᠶ᠋ᠯ ᠤᠨ ᠡᠮ ᠢ ᠨᠢᠭᠡ ᠯᠡ ᠤᠳᠠᠭ᠎ᠠ ᠬᠤᠯᠢᠵᠤ᠂ ᠤᠷᠭᠤᠮᠠᠯ ᠢ ᠬᠠᠮᠠᠭᠠᠯᠠᠬᠤ ᠵᠢᠯᠣᠭᠤᠴᠢ ᠥᠬᠡᠶ ᠨᠢᠰᠬᠡᠯ ᠢᠶᠠᠷ ᠵᠢᠭᠳᠡ ᠰᠦᠷᠴᠢᠵᠦ᠂ ᠨᠢᠭᠡ ᠰᠦᠷᠴᠢᠯᠲᠡ ᠪᠠᠷ ᠣᠯᠠᠨ ᠦᠶ᠋ᠯᠡᠳᠦᠯ ᠦᠵᠡᠭᠦᠯᠬᠦ ᠶᠢ ᠪᠡᠶᠡᠯᠡᠭᠦᠯᠦᠨ᠂ ᠤᠷᠭᠤᠮᠠᠯ ᠤᠨ ᠲᠣᠭᠲᠠᠭᠤᠨ ᠣᠷᠳᠣ ᠪᠠ ᠮᠥᠬᠦᠯᠢᠭ ᠤᠨ ᠬᠦᠨᠳᠦ ᠶᠢᠨ ᠨᠡᠮᠡᠭᠳᠡᠬᠦ ᠶᠢ ᠠᠬᠢᠭᠤᠯᠤᠨ᠎ᠠ᠃ ᠯᠢ ᠵᠢᠶᠧ ᠲᠠᠨᠢᠯᠴᠠᠭᠤᠯᠵᠤ ᠣᠯᠤᠭᠰᠠᠨ ᠨᠢ᠃ ᠡᠨᠡ ᠬᠤᠭᠤᠴᠠᠭᠠᠨ ᠳᠤ᠂ ᠯᠢ ᠵᠢᠶᠧ ᠨᠢᠰᠦᠭᠴᠢ ᠳᠤ ︽ᠨᠢᠭᠡ ᠰᠦᠷᠴᠢᠯᠲᠡ ᠪᠠᠷ ᠣᠯᠠᠨ ᠶᠠᠪᠤᠳᠠᠯ ᠢ ᠠᠬᠢᠭᠤᠯᠬᠤ︾ ᠮᠡᠷᠭᠡᠵᠢᠯ ᠤᠨ ᠭᠤᠤᠯᠳᠠᠯᠭ᠎ᠠ ᠶᠢ ᠲᠠᠶᠢᠯᠪᠤᠷᠢᠯᠠᠭᠰᠠᠭᠠᠷ ᠢᠷᠡᠭᠰᠡᠨ ᠪᠥᠭᠡᠳ ᠲᠣᠭᠲᠠᠭᠰᠠᠨ ᠴᠠᠭ ᠥᠬᠡᠶ ᠪᠠᠷ ᠲᠤᠭ᠎ᠠ ᠪᠠᠷᠢᠮᠲᠠ ᠪᠠᠷ ᠡᠯ᠎ᠡ ᠨᠢᠰᠬᠡᠯ ᠤᠨ ᠰᠡᠷᠭᠡᠶᠢᠯᠡᠯᠲᠡ ᠶᠢᠨ ᠳᠤᠭᠤᠶᠢᠯᠠᠩ ᠤᠨ ᠵᠢᠯᠣᠭᠤᠴᠢ ᠥᠬᠡᠶ ᠨᠢᠰᠬᠡᠯ ᠤᠨ ᠠᠵᠢᠯ ᠤᠨ ᠪᠠᠶᠢᠳᠠᠯ ᠳᠤ ᠬᠢᠨᠠᠯᠲᠠ ᠲᠠᠯᠪᠢᠵᠤ᠂ ᠲᠤᠬᠠᠶ ᠶᠢᠨ ᠲᠠᠯᠠᠪᠠᠶ ᠶᠢᠨ ᠠᠵᠢᠯ ᠤᠨ ᠡᠭᠦᠷᠭᠡ ᠶᠢᠨ ᠲᠤᠭ᠎ᠠ ᠪᠠᠷᠢᠮᠲᠠ ᠪᠠ ᠠᠶᠠᠯᠠᠯ ᠤᠨ ᠮᠥᠷ ᠤᠨ ᠵᠢᠷᠤᠭ ᠢ ᠴᠤᠭᠯᠠᠭᠤᠯᠵᠤ᠂ ᠬᠤᠷᠢᠶᠠᠩᠭᠤᠶᠢᠯᠠᠨ ᠲᠠᠩᠰᠠ ᠡᠪᠬᠡᠮᠡᠯ ᠳᠤ ᠣᠷᠣᠭᠤᠯᠤᠨ ᠬᠠᠳᠠᠭᠠᠯᠠᠵᠤ᠂ ᠳᠣᠲᠣᠭᠠᠳᠤ ᠠᠵᠢᠯ ᠤᠨ ᠮᠠᠲ᠋ᠧᠷᠢᠶᠠᠯ ᠢ ᠪᠦᠷᠢᠯᠳᠦᠭᠦᠯᠪᠡ᠃      ︽ᠰᠢᠨᠵᠢᠯᠡᠬᠦ ᠤᠬᠠᠭᠠᠨ ᠮᠡᠷᠭᠡᠵᠢᠯ 110︾ ᠨᠢ ᠲᠡᠷᠢᠭᠦᠨ ᠤ ᠮᠡᠷᠭᠡᠵᠢᠯ ᠢ ᠳᠡᠯᠭᠡᠷᠡᠭᠦᠯᠬᠦ ᠪᠠ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠬᠤ ᠪᠠᠷ ᠳᠠᠮᠵᠢᠭᠤᠯᠤᠨ᠂ ᠲᠠᠷᠢᠶᠠᠴᠢᠨ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠰᠡᠳᠬᠢᠯ ᠤᠨ ᠬᠥᠭᠦᠷᠭᠡ ᠶᠢ ᠪᠤᠰᠬᠠᠵᠤ᠂ ᠬᠥᠳᠡᠭᠡ ᠲᠣᠰᠬᠤᠨ ᠤ ᠮᠡᠳᠡᠭᠡ ᠵᠠᠩᠭᠢᠵᠢᠯᠲᠠ ᠶᠢᠨ ᠠᠯᠬᠤᠴᠠ ᠶᠢ ᠲᠦᠯᠬᠢᠨ ᠠᠬᠢᠭᠤᠯᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠲᠦᠷᠭᠡᠳᠬᠡᠨ᠂ ᠲᠠᠷᠢᠶᠠᠯᠠᠩ ᠤᠨ ᠦᠢᠯᠡᠳᠪᠦᠷᠢᠯᠡᠯ ᠤᠨ ᠥᠪᠡᠷ ᠤᠨ ᠦᠷᠳᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠦᠭᠰᠡᠨ ᠪᠠᠶᠢᠨ᠎ᠠ᠃      ︽ᠰᠢᠨᠵᠢᠯᠡᠬᠦ ᠤᠬᠠᠭᠠᠨ ᠮᠡᠷᠭᠡᠵᠢᠯ ᠤᠨ 110 ᠮᠡᠷᠭᠡᠵᠢᠯ ᠤᠨ ᠦᠶ᠋ᠯᠡᠴᠢᠯᠡᠭᠡᠨ ᠤ ᠠᠩᠭᠢ ᠪᠣᠯᠤᠨ ᠠᠵᠤ ᠠᠬᠤᠶᠢᠯᠠᠯ ᠤᠨ ᠬᠠᠮᠲᠤ ᠪᠠᠷ ᠰᠤᠳᠤᠯᠤᠨ ᠨᠡᠭᠡᠭᠡᠵᠦ ᠳᠡᠯᠭᠡᠷᠡᠭᠦᠯᠦᠭᠰᠡᠨ ᠤᠰᠤ ᠪᠣᠷᠲᠣᠭᠤᠷ ᠢ ᠨᠢᠭᠡ ᠴᠤᠭᠴᠠᠵᠢᠭᠤᠯᠤᠨ ᠤᠰᠤᠯᠠᠬᠤ ᠰᠢᠯᠵᠢᠮᠡᠯ ᠲᠥᠬᠦᠭᠡᠷᠦᠮᠵᠢ ᠶᠢ ᠬᠡᠷᠡᠭᠯᠡᠭᠰᠡᠨ ᠠᠴᠠ ᠮᠠᠨ ᠤ ᠬᠤᠷᠰᠢᠶ᠎ᠠ ᠶᠢᠨ ᠤᠰᠤ ᠪᠣᠷᠲᠣᠭᠤᠷ ᠢ ᠨᠢᠭᠡ ᠴᠤᠭᠴᠠᠵᠢᠭᠤᠯᠤᠭᠰᠠᠨ ᠲᠠᠯᠠᠪᠠᠶ ᠵᠢᠯ ᠳᠠᠷᠠᠭᠠᠯᠠᠨ ᠨᠡᠮᠡᠭᠳᠡᠪᠡ᠃ ᠥᠩᠭᠡᠷᠡᠭᠰᠡᠨ ᠳᠤ ᠶᠡᠭᠡ ᠲᠠᠷᠢᠶ᠎ᠠ ᠡᠷᠳᠡᠨᠢ ᠰᠢᠰᠢ ᠳᠠᠷᠢᠬᠤ ᠳᠤ ᠪᠦᠷ ᠶᠡᠭᠡ ᠤᠰᠤ ᠶᠡᠭᠡ ᠪᠣᠷᠲᠣᠭᠤᠷ ᠳᠠᠷᠢᠳᠠᠭ᠂ ᠭᠡᠪᠡᠴᠦ ᠲᠣᠰ ᠲᠥᠬᠦᠭᠡᠷᠦᠮᠵᠢ ᠶᠢ ᠬᠡᠷᠡᠭᠯᠡᠭᠰᠡᠨ ᠤ ᠳᠠᠷᠠᠭ᠎ᠠ᠂ ︽ᠬᠠᠭᠤᠷᠠᠶ ᠪᠠᠷ ᠳᠠᠷᠢᠵᠤ ᠴᠢᠭᠢᠭᠲᠦᠭᠦᠯᠬᠦ ᠳᠤ ᠨᠠᠮᠤᠷ ᠤᠰᠤᠯᠠᠬᠤ ᠴᠢᠬᠤᠯᠠ ᠥᠬᠡᠶ︾ ᠮᠡᠷᠭᠡᠵᠢᠯ ᠢ ᠬᠡᠷᠡᠭᠯᠡᠵᠦ᠂ ᠪᠥᠬᠦ ᠦᠷᠡᠵᠢᠯ ᠤᠨ ᠬᠤᠭᠤᠴᠠᠭᠠᠨ ᠳᠤ ᠡᠮᠦᠨᠡᠬᠢ ᠲᠠᠢ ᠬᠠᠷᠢᠴᠠᠭᠤᠯᠪᠠᠯ ᠤᠰᠤ ᠠᠷᠪᠢᠯᠠᠵᠤ᠂ 30 % ᠠᠴᠠ ᠳᠡᠭᠡᠭᠰᠢ ᠪᠣᠷᠲᠣᠭᠤᠷ ᠠᠷᠪᠢᠯᠠᠵᠤ᠂ 80 % ᠣᠷᠴᠢᠮ ᠠᠷᠪᠢᠯᠠᠵᠤ᠂ ᠮᠥ ᠪᠦᠷᠢ ᠳᠤ ᠴᠥᠮ ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ 360 ᠲᠥᠭᠦᠷᠢᠭ ᠢ ᠪᠡᠶᠡᠯᠡᠭᠦᠯᠵᠦ ᠪᠣᠯᠤᠨ᠎ᠠ᠃︾ ᠭᠡᠵᠦ ᠳᠧᠦ ᠳ᠋ᠤᠤ ᠴᠢᠶᠣᠤ ᠪᠠᠯᠭᠠᠰᠤᠨ ᠤ ᠬᠠᠲᠤᠨ ᠭᠤᠤᠯ ᠲᠣᠰᠬᠤᠨ ᠤ ᠨᠠᠮ ᠤᠨ ᠡᠭᠦᠷ ᠤᠨ ᠱᠦᠵᠢ᠂ ᠴᠦᠨ ᠮᠢᠨ ᠬᠤᠷᠰᠢᠶ᠎ᠠ ᠶᠢᠨ ᠬᠠᠷᠢᠭᠤᠴᠠᠯᠭᠠᠲᠠᠨ ᠡᠤ ᠶᠦᠩ ᠴᠦᠨ ᠬᠡᠯᠡᠪᠡ᠃      ᠲᠠᠷᠠᠭᠠᠴᠢ ᠶᠢᠨ ᠠᠯᠬᠤᠮ ᠳᠤ᠂ ᠬᠠᠩᠭᠢᠨ ᠬᠤᠶᠢᠲᠤ ᠬᠤᠰᠢᠭᠤ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ + ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠶ᠋ᠯᠡᠴᠢᠯᠡᠭᠡ︾ ᠶᠢ ᠦᠷᠭᠦᠯᠵᠢᠯᠡᠨ ᠴᠢᠩᠭᠠᠳᠬᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠲᠠᠰᠤᠷᠠᠯᠲᠠ ᠥᠬᠡᠶ ᠰᠦᠪᠡᠭᠴᠢᠯᠡᠨ ᠳ᠋ᠦᠩᠨᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠶ᠋ᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠡᠳᠡᠭᠡ ᠵᠠᠩᠭᠢ ᠶᠢᠨ ᠮᠠᠯᠴᠢᠨ ᠲᠠᠷᠢᠶᠠᠴᠢᠨ ᠳᠤ ᠦᠶ᠋ᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠶ ᠮᠡᠷᠭᠡᠵᠢᠯᠲᠡᠨ ᠢ ᠪᠠᠶᠢᠩᠭᠤ ᠬᠥᠳᠡᠭᠡ ᠪᠠᠭᠤᠯᠭᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠴᠢᠶᠡᠯ ᠤᠨ ᠲᠠᠩᠬᠢᠮ ᠢ ᠣᠯᠠᠨ ᠡᠰᠢᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠡᠳᠡᠭᠡ ᠵᠠᠩᠭᠢ ᠶᠢ ᠪᠦᠷᠢᠨ ᠪᠥᠷᠬᠦᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠶ᠋ᠯᠡᠴᠢᠯᠡᠭᠡ ᠶᠢ ᠥᠴᠦᠬᠡᠨ ᠴᠦ ᠵᠠᠶ ᠥᠬᠡᠶ ᠪᠠᠶᠢᠯᠭᠠᠬᠤ ᠶᠢ ᠪᠡᠶᠡᠯᠡᠭᠦᠯᠵᠦ᠂ ᠬᠠᠩᠭᠢᠨ ᠬᠤᠶᠢᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠤᠨ᠎ᠠ᠃
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ