ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠪᠥᠬᠦ | ᠪᠠᠯᠭᠠᠰᠤᠨ ᠤ ᠦᠨᠳᠦᠰᠦᠲᠡᠨ ᠤ ᠪᠦᠯᠬᠦᠮᠳᠡᠯ ᠢ ᠠᠬᠢᠭᠤᠯᠤᠨ᠂ ᠪᠥᠬᠦ ᠪᠠᠯᠭᠠᠰᠤᠨ ᠤ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠶᠢᠨ ᠲᠥᠯᠥᠭᠡ ᠡᠯ ᠳ᠋ᠤᠤ ᠴᠢᠶᠣᠤ ᠪᠠᠯᠭᠠᠰᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠡᠯ᠎ᠡ ᠵᠦᠢᠯ ᠤᠨ ᠠᠵᠢᠯ ᠢ ᠭᠦᠨᠵᠡᠭᠡᠶ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠢ ᠣᠯᠠᠨ ᠲᠦᠮᠡᠨ | ᠨᠢᠭᠡᠪᠦᠷᠢ ᠶᠢᠨ ᠰᠡᠳᠬᠢᠯ ᠳᠤ ᠦᠨᠳᠦᠰᠦᠯᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠢᠨ᠎ᠡ ᠬᠥᠭᠵᠢᠯᠲᠡ ᠶᠢ ᠪᠡᠶᠡᠯᠡᠭᠦᠯᠬᠦ ᠶᠢ | ᠠᠬᠢᠭᠤᠯᠪᠠ᠃ ᠨᠢᠭᠡ ᠳᠤ ᠪᠠᠶᠠᠯᠢᠭ ᠰᠠᠶᠢᠬᠠᠨ ᠠᠵᠢᠯᠯᠠᠭ᠎ᠠ ᠥᠷᠨᠢᠭᠦᠯᠦᠨ᠎ᠡ᠃ ᠡᠯ ᠳ᠋ᠤᠤ ᠴᠢᠶᠣᠤ ᠪᠠᠯᠭᠠᠰᠤ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ | ᠬᠤᠷᠢᠶᠠᠯᠲᠠ ᠶᠢᠨ ᠪᠠᠶᠠᠷ ᠢᠶᠠᠷ ᠠᠵᠠ ᠲᠣᠬᠢᠶᠠᠯ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠷ᠎ᠠ ᠶᠢᠨ ᠠᠵᠢᠯᠯᠠᠭ᠎ᠠ ᠶᠢ ᠥᠷᠨᠢᠭᠦᠯᠪᠡ᠃ ᠡᠯᠪᠡᠭ | ᠬᠤᠷᠢᠶᠠᠯᠲᠠ ᠶᠢᠨ ᠪᠠᠶᠠᠷ ᠤᠨ ᠠᠵᠢᠯᠯᠠᠭ᠎ᠠ ᠳᠤᠮᠳᠠ᠂ ᠡᠯ ᠳ᠋ᠤᠤ ᠴᠢᠶᠣᠤ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠳᠡᠯᠭᠡᠨ ᠦᠵᠡᠭᠦᠯᠬᠦ ᠲᠠᠪᠴᠠᠩ ᠢ ᠣᠨᠴᠠᠭᠠᠶᠢᠯᠠᠨ ᠪᠠᠶᠢᠭᠤᠯᠵᠤ᠂ ᠤᠬᠠᠭᠤᠯᠭ᠎ᠠ ᠶᠢᠨ ᠬᠡᠢ ᠬᠤᠭᠤᠰᠣᠨ ᠵᠦᠢᠯ ᠢ ᠪᠠᠶᠢᠷᠢᠯᠠᠭᠤᠯᠵᠤ᠂ ᠥᠷᠭᠡᠨ ᠤᠯᠠᠨ | ᠲᠦᠮᠡᠨ ᠢ ᠡᠯᠪᠡᠭ ᠬᠤᠷᠢᠶᠠᠯᠲᠠ ᠶᠢᠨ ᠪᠠᠶᠠᠷ ᠤᠨ ᠠᠵᠢᠯᠯᠠᠭ᠎ᠠ ᠳᠤ ᠣᠷᠣᠯᠴᠠᠬᠤ ᠦᠶ᠎ᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠬᠠᠮᠢᠶ᠎ᠠ ᠪᠦᠬᠦᠢ ᠮᠡᠳᠡᠯᠭᠡ ᠶᠢ ᠣᠶᠢᠯᠠᠭᠠᠵᠤ᠂ ᠪᠦᠬᠦ ᠪᠠᠯᠭᠠᠰᠤᠨ ᠤ ᠠᠷᠠᠳ ᠲᠦᠮᠡᠨ ᠤ ᠦᠨᠳᠦᠰᠦᠲᠡᠨ ᠤ ᠪᠦᠯᠬᠦᠮᠳᠡᠯ ᠤᠨ ᠲᠤᠬᠠᠢ | ᠣᠶᠢᠯᠠᠭᠠᠯᠲᠠ᠂ ᠮᠡᠳᠡᠷᠡᠮᠵᠢ ᠶᠢᠨ ᠨᠤᠷᠮ᠎ᠠ ᠶᠢ ᠳᠡᠭᠡᠭᠰᠢᠯᠡᠭᠦᠯᠵᠦ ᠪᠣᠯᠤᠨ᠎ᠠ᠃ ᠡᠯᠪᠡᠭ ᠬᠤᠷᠢᠶᠠᠯᠲᠠ ᠶᠢᠨ ᠪᠠᠶᠠᠷ ᠳᠡᠭᠡᠷ᠎ᠡ᠂ ᠬᠡᠰᠡᠭ ᠲᠣᠰᠬᠤᠨ ᠳᠤ ᠪᠠᠰᠠ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠡᠳᠦᠪ ᠪᠣᠯᠭᠠᠭᠰᠠᠨ ᠭᠠᠷ ᠤᠷᠠᠯᠠᠯ ᠤᠨ ᠱᠤᠭᠤᠮᠠᠯ ᠢ | ᠳᠡᠯᠭᠡᠨ ᠦᠵᠡᠭᠦᠯᠵᠦ᠂ ᠤᠯᠠᠮᠵᠢᠯᠠᠯᠲᠤ ᠰᠣᠶᠣᠯ ᠢ ᠦᠨᠳᠦᠰᠦᠲᠡᠨ ᠤ ᠪᠦᠯᠬᠦᠮᠳᠡᠯ ᠯᠦᠭᠡ ᠣᠷᠭᠠᠨᠢᠭ ᠢᠶᠠᠷ ᠠᠭᠤᠰᠤᠯᠴᠠᠭᠤᠯᠵᠤ᠂ ᠠᠵᠢᠯᠯᠠᠭ᠎ᠠ ᠶᠢᠨ ᠦᠨ᠎ᠡ ᠦᠷᠳᠡᠭ ᠢ | ᠦᠨᠡᠨ ᠬᠦ ᠳᠡᠭᠡᠭᠰᠢᠯᠡᠭᠦᠯᠪᠡ᠃ | | | | | | | | | ᠬᠤᠶᠠᠷ ᠲᠤ᠂ ᠣᠯᠠᠨ ᠠᠷᠭ᠎ᠠ ᠵᠠᠮ ᠢᠶᠠᠷ ᠤᠬᠠᠭᠤᠯᠬᠤ ᠠᠷᠭ᠎ᠠ ᠬᠡᠯᠪᠡᠷᠢ ᠶᠢ ᠠᠬᠢᠭᠤᠯᠤᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠷ᠎ᠠ ᠶᠢᠨ | ᠠᠵᠢᠯᠯᠠᠭ᠎ᠠ ᠶᠢᠨ ᠥᠷᠨᠢᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠡᠯ ᠳ᠋ᠤᠤ ᠴᠢᠶᠣᠤ ᠪᠠᠯᠭᠠᠰᠤ ᠣᠯᠠᠨ ᠵᠦᠢᠯ ᠤᠨ ᠠᠷᠭ᠎ᠠ ᠪᠠᠷᠢᠯ ᠢ | ᠠᠰᠢᠭᠯᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ | ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠨᠣᠯ ᠤᠨ ᠮᠡᠳᠡᠯᠭᠡ ᠶᠢᠨ ᠤᠬᠠᠭᠤᠯᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠰᠦᠯᠵᠢᠶᠡᠨ ᠳᠡᠭᠡᠷ᠎ᠡ | ᠪᠠᠯᠭᠠᠰᠤᠨ ᠤ ᠣᠨᠣᠯ ᠤᠨ ᠤᠬᠠᠭᠤᠯᠤᠨ ᠲᠠᠶᠢᠯᠪᠤᠷᠢᠯᠠᠭᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠣᠨᠣᠯ ᠤᠨ ᠤᠬᠠᠭᠤᠯᠤᠨ ᠲᠠᠶᠢᠯᠪᠤᠷᠢᠯᠠᠬᠤ ᠸᠢᠳᠢᠣ᠋ ᠰᠢᠩᠭᠡᠭᠡᠵᠦ᠂ ᠰᠦᠯᠵᠢᠶᠡᠨ ᠭᠠᠳᠠᠨ᠎ᠠ ᠡᠯ᠎ᠡ ᠲᠣᠰᠬᠤᠨ ᠤ ᠰᠠᠶᠢᠨ ᠳᠤᠷᠠᠴᠤᠳ ᠡᠷᠦᠬᠡ ᠳᠤ ᠣᠷᠣᠵᠤ | ᠤᠬᠠᠭᠤᠯᠤᠨ᠂ ᠣᠨᠣᠯ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠰᠠᠶᠢᠲᠤᠷ ᠤᠯᠠᠮᠵᠢᠯᠠᠨ᠎ᠠ᠃ ᠡᠭᠦᠨ ᠤ ᠬᠠᠮᠲᠤ᠂ ᠡᠯ ᠳ᠋ᠤᠤ ᠴᠢᠶᠣᠤ ᠪᠠᠯᠭᠠᠰᠤ ᠣᠯᠠᠨ | ᠨᠡᠶᠢᠲᠡ ᠶᠢᠨ ᠳ᠋ᠤᠭᠠᠷ᠂ ᠴᠤᠤᠷᠢ᠊ ᠡᠶ᠎ᠡ ᠳ᠋ᠤᠭᠠᠷ ᠵᠡᠷᠭᠡ ᠰᠦᠯᠵᠢᠶᠡᠨ ᠳᠡᠭᠡᠷᠡᠬᠢ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢ ᠭᠦᠶ᠋ᠴᠡᠳ ᠠᠰᠢᠭᠯᠠᠨ᠂ ᠦᠨᠳᠦᠰᠦᠲᠡᠨ ᠤ | ᠪᠦᠯᠬᠦᠮᠳᠡᠯ ᠤᠨ ᠰᠢᠯᠢᠳᠡᠭ ᠣᠨᠣᠯ ᠤᠨ ᠵᠣᠬᠢᠶᠠᠯ ᠪᠠ ᠮᠡᠳᠡᠯᠭᠡ ᠶᠢᠨ ᠡᠮᠬᠢᠳᠬᠡᠯ ᠢ ᠥᠷᠭᠡᠨ ᠢᠶᠠᠷ ᠤᠯᠠᠮᠵᠢᠯᠠᠨ ᠲᠠᠷᠬᠠᠭᠠᠵᠤ᠂ ᠤᠬᠠᠭᠤᠯᠭ᠎ᠠ ᠶᠢᠨ ᠭᠦᠨᠴᠡ ᠪᠠ | ᠥᠷᠭᠡᠴᠡ ᠶᠢ ᠲᠠᠰᠤᠷᠠᠯᠲᠠ ᠥᠬᠡᠶ ᠥᠷᠭᠡᠳᠬᠡᠪᠡ᠃ | | | | | | | | | | ᠭᠤᠷᠪᠠ ᠳᠤ᠂ ᠨᠠᠮ ᠤᠨ ᠭᠡᠰᠢᠭᠦᠨ ᠺᠠᠳ᠋ᠷ ᠤᠨ ᠮᠡᠳᠡᠯᠭᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠨᠠᠮ ᠤᠨ ᠭᠡᠰᠢᠭᠦᠨ ᠪᠣᠯ ᠡᠯ᠎ᠡ ᠵᠦᠢᠯ ᠤᠨ ᠠᠵᠢᠯ | ᠦᠢᠯᠡᠰ ᠤᠨ ᠬᠥᠭᠵᠢᠯᠲᠡ ᠶᠢᠨ ᠬᠤᠰᠢᠭᠤᠴᠢ ᠠᠩᠭᠢ ᠮᠥᠨ᠃ ᠨᠠᠮ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ ᠡᠯ᠎ᠡ ᠵᠦᠢᠯ ᠤᠨ ᠠᠵᠢᠯ ᠦᠢᠯᠡᠰ ᠤᠨ | ᠬᠥᠭᠵᠢᠯᠲᠡ ᠶᠢ ᠬᠥᠲᠥᠯᠥᠨ ᠳᠠᠭᠠᠭᠤᠯᠬᠤ ᠬᠥᠳᠡᠯᠭᠡᠬᠦ ᠬᠦᠴᠦᠨ ᠤ ᠲᠥᠯᠥᠭᠡ᠂ ᠡᠯ ᠳ᠋ᠤᠤ ᠴᠢᠶᠣᠤ ᠪᠠᠯᠭᠠᠰᠤᠨ ᠤ ᠡᠯ᠎ᠡ ᠦᠨᠳᠦᠰᠦᠨ ᠱᠠᠲᠤᠨ ᠤ ᠨᠠᠮ ᠤᠨ ᠡᠭᠦᠷ | ᠥᠷᠭᠡᠨ ᠣᠯᠠᠨ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠮᠡᠳᠡᠯᠭᠡ ᠶᠢ ᠨᠠᠷᠢᠨ ᠬᠢᠨᠠᠮᠠᠭᠠᠶ ᠰᠤᠷᠤᠯᠴᠠᠭᠤᠯᠵᠤ᠂ | ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠣᠯᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠷ᠎ᠠ ᠶᠢᠨ ᠠᠵᠢᠯᠯᠠᠭ᠎ᠠ ᠶᠢ ᠭᠦᠨᠵᠡᠭᠡᠶ | ᠤᠶᠠᠯᠳᠤᠭᠤᠯᠵᠤ᠂ ᠡᠯ᠎ᠡ ᠲᠥᠷᠥᠯ ᠤᠨ ᠦᠨᠳᠦᠰᠦᠲᠡᠨ ᠤ ᠪᠦᠯᠬᠦᠮᠳᠡᠯ ᠤᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠥᠷᠭᠡᠨ ᠣᠯᠠᠨ | ᠨᠠᠮ ᠤᠨ ᠭᠡᠰᠢᠭᠦᠨ ᠺᠠᠳ᠋ᠷ ᠤᠨ ᠦᠨᠳᠦᠰᠦᠲᠡᠨ ᠤ ᠪᠦᠯᠬᠦᠮᠳᠡᠯ ᠤᠨ ᠲᠤᠬᠠᠶ ᠣᠶᠢᠯᠠᠭᠠᠯᠲᠠ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠤᠶᠢᠰᠢᠳᠠ ᠶᠢᠨ | ᠦᠨᠳᠦᠰᠦᠲᠡᠨ ᠤ ᠪᠦᠯᠬᠦᠮᠳᠡᠯ ᠤᠨ ᠦᠶ᠋ᠯᠡᠰ ᠢ ᠡᠮᠬᠢ ᠵᠢᠷᠤᠮ ᠲᠠᠢ ᠠᠬᠢᠭᠤᠯᠬᠤ ᠳᠤ ᠰᠠᠶᠢᠨ ᠰᠠᠭᠤᠷᠢ ᠲᠠᠯᠪᠢᠵᠤ ᠥᠭᠴᠡᠶ᠃ | | | | | | ᠦᠨᠳᠦᠰᠦᠲᠡᠨ ᠤ ᠪᠦᠯᠬᠦᠮᠳᠡᠯ ᠢᠷᠡᠭᠡᠳᠦᠢ ᠶᠢ ᠴᠣᠭᠴᠠᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠥᠭᠵᠢᠯ ᠮᠠᠨᠳᠤᠯ ᠢ ᠠᠬᠢᠭᠤᠯᠤᠨ᠎ᠠ᠃ | ᠲᠠᠷᠠᠭᠠᠴᠢ ᠶᠢᠨ ᠠᠯᠬᠤᠮ ᠳᠤ᠂ ᠡᠯ ᠳ᠋ᠤᠤ ᠴᠢᠶᠣᠤ ᠪᠠᠯᠭᠠᠰᠤ ᠦᠷᠭᠦᠯᠵᠢᠯᠡᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠯ᠎ᠡ ᠵᠦᠢᠯ ᠤᠨ ᠠᠵᠢᠯ ᠢ ᠭᠦᠨᠵᠡᠭᠡᠶ | ᠥᠷᠨᠢᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠶᠠᠰᠤ ᠴᠢᠨᠠᠷ ᠢ | ᠳᠡᠭᠡᠭᠰᠢᠯᠡᠭᠦᠯᠵᠦ᠂ ᠡᠶ᠎ᠡ ᠵᠣᠬᠢᠴᠠᠩᠭᠤᠶ ᠵᠣᠯ ᠵᠢᠷᠭᠠᠯᠲᠤ ᠡᠯ ᠳ᠋ᠤᠤ ᠴᠢᠶᠣᠤ ᠬᠥᠭᠦᠷᠭᠡ ᠶᠢ ᠪᠥᠲᠥᠭᠡᠨ ᠪᠠᠶᠢᠭᠤᠯᠬᠤ ᠶᠢᠨ ᠲᠥᠯᠥᠭᠡ ᠲᠠᠰᠤᠷᠠᠯᠲᠠ ᠥᠬᠡᠶ ᠴᠢᠷᠮᠠᠶᠢᠨ᠎ᠠ᠃ | | |