ᠱᠠ ᠬᠠᠶ ᠨᠠᠭᠤᠷ ᠤᠨ ᠠᠮᠢ ᠠᠬᠤᠶ ᠶᠢᠨ ᠵᠢᠭᠤᠯᠴᠢᠯᠠᠯ ᠤᠨ ᠣᠷᠣᠨ
ᠨᠡᠶᠢᠲᠡᠯᠡᠭᠰᠡᠨ ᠴᠠᠭ᠄
2024/11/12
      ᠱᠠ ᠬᠠᠢ ᠨᠠᠭᠤᠷ ᠤᠨ ᠠᠮᠢ ᠠᠬᠤᠢ ᠶᠢᠨ ᠵᠤᠭᠠᠴᠠᠯ ᠤᠨ ᠭᠠᠵᠠᠷ ᠥᠪᠡᠷᠮᠢᠴᠡ ᠨᠠᠭᠤᠷ ᠡᠯᠡᠰᠦ ᠬᠠᠷᠢᠯᠴᠠᠨ ᠲᠦᠰᠢᠭᠯᠡᠭᠰᠡᠨ ᠦᠵᠡᠮᠵᠢ ᠲᠠᠢ ᠶᠤᠮ᠃ ᠨᠠᠭᠤᠷ ᠤᠨ ᠤᠰᠤ ᠴᠡᠯᠮᠡᠭ ᠲᠤᠩᠭᠠᠯᠠᠭ᠂ ᠡᠷᠭᠢᠨ ᠲᠣᠭᠤᠷᠢᠨ ᠨᠡᠯᠦᠭᠡᠷ ᠶᠡᠭᠡ ᠡᠯᠡᠰᠦᠨ ᠳᠠᠯᠠᠢ ᠲᠠᠢ᠃ ᠠᠳᠡ ᠤᠰᠤᠨ ᠳᠡᠭᠡᠷᠡᠬᠢ ᠵᠤᠭ᠎ᠠ ᠴᠡᠩᠭᠡᠯ ᠤᠨ ᠲᠥᠷᠥᠯ ᠵᠦᠢᠯ ᠬᠢᠵᠦ ᠪᠣᠯᠣᠨ᠎ᠠ᠂ ᠵᠢᠱᠢᠶᠡᠯᠡᠪᠡᠯ ᠤᠩᠭᠤᠴᠠ ᠰᠡᠯᠢᠬᠦ᠂ ᠤᠰᠤᠨ ᠳᠡᠭᠡᠷᠡᠬᠢ ᠮᠣᠲ᠋ᠣᠷᠲᠤ ᠤᠩᠭᠤᠴᠠ ᠵᠡᠷᠭᠡ᠃ ᠡᠭᠦᠨ ᠤ ᠬᠠᠮᠲᠤ᠂ ᠨᠠᠭᠤᠷ ᠤᠨ ᠬᠥᠪᠡᠭᠡᠨ ᠤ ᠡᠯᠡᠰᠦᠨ ᠲᠠᠩ ᠳᠡᠭᠡᠷ᠎ᠡ ᠰᠡᠯᠡᠭᠦᠴᠡᠨ ᠠᠯᠬᠤᠵᠤ᠂ ᠨᠡᠷᠡᠨ ᠤ ᠭᠡᠷᠡᠯ ᠡᠯᠡᠰᠦᠨ ᠲᠠᠩ ᠤᠨ ᠠᠶᠠᠨ ᠶᠢ ᠡᠳ᠋ᠯᠡᠵᠦ ᠪᠣᠯᠤᠨ᠎ᠠ᠃ ᠨᠠᠭᠤᠷ ᠤᠨ ᠵᠢᠭᠠᠰᠤ ᠠᠩᠨᠠᠬᠤ ᠡᠬᠢ ᠪᠠᠶᠠᠯᠢᠭ ᠪᠣᠯ ᠮᠥᠨ ᠴᠦ ᠵᠢᠭᠠᠰᠤ ᠭᠥᠬᠢᠳᠡᠬᠦ ᠳᠤ ᠪᠠᠭ᠋ᠠᠲᠠᠶ ᠬᠥᠮᠦᠨ ᠤ ᠬᠦᠳᠡᠯᠭᠡᠭᠡᠨ ᠪᠣᠯᠭᠠᠵᠤ ᠪᠣᠯᠣᠨ᠎ᠠ᠃       ᠵᠢᠭᠤᠯᠴᠢᠯᠠᠯ ᠤᠨ ᠣᠷᠣᠨ ᠨᠢ ᠤᠯᠠᠨᠪᠦ᠋ᠬᠡ ᠶᠢᠨ ᠡᠯᠡᠰᠦᠨ ᠴᠦᠯ ᠤᠨ ᠬᠠᠮᠤᠭ ᠤᠨ ᠵᠡᠭᠦᠨ ᠦᠵᠦᠭᠦᠷ ᠲᠤ ᠪᠠᠶᠢᠷᠢᠯᠠᠵᠤ᠂ ᠤᠮᠠᠷᠠᠲᠤ ᠰᠦᠷ ᠵᠢᠪᠬᠤᠯᠠᠩᠲᠤ ᠮᠤᠨᠢ ᠠᠭᠤᠯᠠ ᠳᠤ ᠲᠦᠰᠢᠭᠯᠡᠨ᠂ ᠡᠮᠦᠨᠡᠰᠢ ᠰᠦᠷ ᠳᠠᠯᠠᠶᠢᠴᠠᠲᠠᠶ ᠬᠠᠲᠤᠨ ᠭᠤᠤᠯ ᠲᠠᠢ ᠵᠠᠯᠭᠠᠯᠳᠤᠵᠤ᠂ ᠪᠠᠷᠠᠭᠤᠨᠰᠢ ᠨᠡᠯᠦᠭᠡᠷ ᠶᠡᠭᠡ ᠬᠦᠪᠡᠭᠡ ᠬᠢᠵᠠᠭᠠᠷ ᠲᠠᠢ ᠡᠯᠡᠰᠦᠨ ᠴᠥᠯ ᠢ ᠵᠠᠯᠭᠠᠵᠤ᠂ ᠵᠡᠭᠦᠨ ᠲᠠᠯ᠎ᠠ ᠨᠢ ᠦᠵᠡᠰᠬᠦᠯᠡᠩᠲᠦ ᠰᠠᠶᠢᠬᠠᠨ ᠦᠨᠢᠷ ᠪᠠᠶᠠᠯᠢᠭ ᠲᠠᠯ᠎ᠠ ᠭᠠᠵᠠᠷ᠂ ᠡᠯᠡᠰᠦᠨ ᠴᠦᠯ ᠤᠨ ᠰᠣᠶᠣᠯ᠂ ᠲᠠᠷᠢᠶᠠᠯᠠᠬᠤ ᠰᠣᠶᠣᠯ ᠂ ᠲᠠᠯ᠎ᠠ ᠨᠤᠲᠤᠭ ᠤᠨ ᠰᠣᠶᠣᠯ ᠢ ᠨᠢᠭᠡ ᠴᠣᠭᠴᠠᠵᠢᠭᠤᠯᠤᠭᠰᠠᠨ ᠪᠠᠶᠢᠳᠠᠭ᠃   
 
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ