ᠬᠠᠩᠭᠢᠨ ᠬᠤᠶᠢᠲᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠪᠥᠬᠦ ᠬᠤᠰᠢᠭᠤᠨ ᠤ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠵᠢᠯ ᠤᠨ ᠬᠤᠷᠠᠯ ᠬᠤᠷᠠᠯᠳᠤᠭᠤᠯᠪ᠊
ᠨᠡᠶᠢᠲᠡᠯᠡᠭᠰᠡᠨ ᠴᠠᠭ᠄
2024/11/12
      ᠵᠢᠭᠠᠨ ᠰᠤᠷᠭᠠᠯᠲᠠ ᠶᠢᠨ ᠠᠵᠢᠯ ᠤᠨ ᠳᠤᠮᠳᠠ ᠣᠷᠣᠰᠢᠵᠤ ᠪᠠᠶᠢᠭ᠎ᠠ ᠳᠤᠲᠠᠭᠳᠠᠯ ᠪᠠ ᠬᠦᠷᠦᠯᠴᠡᠬᠦ ᠦᠭᠡᠢ ᠲᠠᠯ᠎ᠠ ᠶᠢ ᠭᠦᠨᠵᠡᠭᠡᠢ ᠡᠷᠢᠬᠦ ᠶᠢᠨ ᠲᠥᠯᠥᠭᠡ᠂ 2024 ᠣᠨ ᠤ 10 ᠰᠠᠷ᠎ᠠ ᠶᠢᠨ 31 ᠤ ᠡᠳᠦᠷ᠂ ᠬᠠᠩᠭᠢᠨ ᠬᠤᠶᠢᠲᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ᠃ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ ᠯᠢᠦ ᠰᠢᠶᠤᠤ ᠶᠠᠨ᠂ ᠬᠠᠮᠢᠶ᠎ᠠ ᠪᠥᠬᠦᠶ ᠲᠠᠰᠤᠭ ᠤᠨ ᠲᠠᠰᠤᠭ ᠵᠢᠴᠢ ᠬᠤᠶᠠᠳᠤᠭᠠᠷ ᠳᠡᠰ ᠤᠨ ᠨᠢᠭᠡᠴᠢ ᠶᠢᠨ ᠬᠠᠷᠢᠭᠤᠴᠠᠯᠭᠠᠲᠠᠨ᠂ ᠳᠤᠮᠳᠠᠳᠤ ᠰᠤᠷᠭᠠᠭᠤᠯᠢ ᠶᠢᠨ ᠪᠥᠬᠦ ᠵᠢᠭᠠᠬᠤ ᠶᠢ ᠰᠤᠳᠤᠯᠤᠭᠴᠢ᠂ ᠵᠢᠴᠢ ᠡᠯ᠎ᠡ ᠳᠤᠮᠳᠠᠳᠤ ᠰᠤᠷᠭᠠᠭᠤᠯᠢ ᠶᠢᠨ ᠵᠠᠬᠢᠷᠤᠯ᠂ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠵᠠᠬᠢᠷᠤᠯ᠂ ᠵᠢᠭᠠᠨ ᠵᠢᠯᠣᠭᠤᠳᠬᠤ ᠡᠷᠬᠢᠯᠡᠭᠴᠢ᠂ ᠰᠤᠷᠭᠠᠨ ᠬᠥᠮᠦᠵᠢᠯ ᠤᠨ ᠲᠠᠰᠤᠭ ᠤᠨ ᠡᠷᠬᠢᠯᠡᠭᠴᠢ ᠵᠡᠷᠭᠡ ᠬᠤᠷᠠᠯ ᠳᠤ ᠣᠷᠣᠯᠴᠠᠵᠤ᠂ ᠰᠤᠷᠭᠠᠨ ᠬᠥᠮᠦᠵᠢᠯ ᠤᠨ ᠲᠠᠰᠤᠭ ᠤᠨ ᠳᠠᠷᠤᠭ᠎ᠠ ᠰᠢᠩ ᠰᠢᠶᠤᠤ ᠬᠤᠶ ᠬᠤᠷᠠᠯ ᠢ ᠡᠷᠭᠢᠯᠡᠪᠡ᠃
22.png
      ᠬᠤᠷᠠᠯ ᠳᠡᠭᠡᠷ᠎ᠡ᠂ ᠡᠯ᠎ᠡ ᠰᠤᠷᠭᠠᠭᠤᠯᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠬᠢ ᠰᠢᠯᠢᠳᠡᠭ ᠠᠷᠭ᠎ᠠ ᠬᠢᠳᠡᠯ ᠪᠣᠯᠤᠨ ᠡᠷᠬᠢᠮ ᠨᠠᠨᠳᠢᠨ ᠲᠤᠷᠰᠢᠯᠭ᠎ᠠ ᠪᠠᠨ ᠢᠳᠡᠪᠬᠢᠲᠡᠢ ᠬᠤᠪᠢᠶᠠᠯᠴᠠᠵᠤ᠂ ᠴᠠᠭ ᠮᠥᠴᠡ ᠶᠢ ᠠᠮᠵᠢᠨ ᠰᠤᠷᠤᠯᠴᠠᠵᠤ ᠬᠦᠴᠢᠷ ᠢ ᠳᠠᠪᠠᠵᠤ ᠭᠠᠷᠬᠤ ᠬᠠᠯᠠᠭᠤᠨ ᠠᠭᠤᠷ ᠠᠮᠢᠰᠬᠤᠯ ᠢ ᠪᠤᠢ ᠪᠣᠯᠭᠠᠵᠤ᠂ ᠪᠦᠬᠦ ᠳᠤᠮᠳᠠᠳᠤ ᠰᠤᠷᠭᠠᠭᠤᠯᠢ ᠶᠢᠨ ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠲᠠᠳ ᠤᠨ ᠪᠣᠳᠠᠲᠠᠢ ᠶᠢ ᠡᠷᠬᠢᠮᠯᠡᠨ ᠲᠡᠮᠡᠴᠡᠬᠦ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠬᠦ ᠡᠷᠴᠢ ᠵᠣᠷᠢᠭ ᠢᠶᠠᠨ ᠬᠥᠪᠴᠢᠯᠡᠬᠦ ᠶᠢ ᠵᠣᠷᠢᠭᠵᠢᠭᠤᠯᠪᠠ᠃       ᠬᠤᠷᠠᠯ ᠠᠴᠠ ᠵᠢᠭᠠᠵᠤ ᠭᠠᠷᠭᠠᠭᠰᠠᠨ ᠨᠢ᠂ 2024 ᠣᠨ ᠳᠤ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠠᠩᠭᠢᠯᠠᠭ᠎ᠠ ᠶᠢᠨ ᠵᠢᠯ ᠪᠣᠯᠤᠭᠰᠠᠨ ᠤ ᠬᠤᠪᠢ ᠳᠤ᠂ ᠡᠯ᠎ᠡ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠠᠵᠠ ᠲᠣᠬᠢᠶᠠᠯ ᠢ ᠠᠮᠵᠢᠨ᠂ ᠵᠠᠮ ᠨᠡᠭᠡᠭᠡᠨ ᠰᠢᠨ᠎ᠡ ᠶᠢ ᠡᠭᠦᠳᠴᠦ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠵᠢᠭᠠᠨ ᠰᠤᠷᠭᠠᠯᠲᠠ ᠶᠢ ᠠᠳᠬᠤᠵᠤ᠂ ᠣᠶᠤᠨ ᠴᠢᠳᠠᠯ ᠢᠶᠠᠨ ᠲᠥᠪᠯᠡᠷᠡᠭᠦᠯᠦᠨ ᠶᠠᠰᠤ ᠴᠢᠨᠠᠷ ᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠴᠤᠭ ᠪᠠᠳᠠᠷᠠᠩᠭᠤᠶ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠵᠢᠭᠠᠨ ᠰᠤᠷᠭᠠᠯᠲᠠ ᠶᠢᠨ ᠰᠤᠳᠤᠯᠭᠠᠨ ᠤ ᠠᠵᠢᠯ ᠢ ᠪᠦᠲᠦᠮᠵᠢᠲᠡᠶ ᠠᠬᠢᠭᠤᠯᠵᠤ᠂ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢ ᠲᠠᠰᠤᠷᠠᠯᠲᠠ ᠥᠬᠡᠶ ᠴᠢᠩᠭᠠᠳᠬᠠᠨ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠥᠬᠦ ᠬᠤᠰᠢᠭᠤᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠠᠮᠵᠢᠯᠲᠠ ᠪᠦᠲᠦᠮᠵᠢ ᠶᠢ ᠢᠯᠡᠳᠲᠡ ᠳᠡᠭᠡᠭᠰᠢᠯᠡᠭᠦᠯᠪᠡ᠃       ᠡᠭᠦᠨ ᠤ ᠬᠠᠮᠲᠤ᠂ ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ ᠵᠢᠭᠠᠨ ᠰᠤᠷᠭᠠᠯᠲᠠ ᠶᠢᠨ ᠠᠵᠢᠯ ᠳᠤ ᠮᠥᠨ ᠬᠦ ᠮᠠᠰᠢ ᠣᠯᠠᠨ ᠬᠦᠴᠢᠷᠳᠡᠯ ᠪᠠ ᠳᠤᠲᠠᠭᠤᠳᠠᠯ ᠣᠷᠣᠰᠢᠵᠤ᠂ ᠪᠤᠰᠤᠳ ᠬᠤᠰᠢᠭᠤ ᠰᠢᠶᠠᠨ ᠲᠠᠢ ᠬᠠᠷᠢᠴᠠᠭᠤᠯᠪᠠᠯ ᠪᠠᠰᠠ ᠬᠦᠷᠦᠯᠴᠡᠬᠦ ᠥᠬᠡᠶ ᠲᠠᠯ᠎ᠠ ᠣᠷᠣᠰᠢᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠯᠭ᠎ᠠ ᠵᠢᠴᠢ ᠠᠷᠠᠳ ᠣᠯᠠᠨ ᠤ ᠬᠦᠰᠡᠯ ᠡᠷᠡᠮᠡᠯᠵᠡᠯ ᠲᠠᠢ ᠪᠠᠰᠠ ᠵᠥᠷᠢᠶ᠎ᠡ ᠲᠠᠢ ᠪᠠᠶᠢᠭᠰᠠᠭᠠᠷ᠃ ᠡᠶᠢᠮᠦ ᠠᠴᠠ ᠬᠠᠷᠢᠭᠤᠴᠠᠯᠭ᠎ᠠ ᠡᠭᠦᠷᠭᠡᠯᠡᠯ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠦᠵᠡᠯ ᠰᠠᠨᠠᠭ᠎ᠠ ᠲᠠᠨᠢᠯᠲᠠ᠂ ᠥᠷᠢᠰᠥᠯᠳᠦᠭᠡᠨ ᠤ ᠤᠬᠠᠮᠰᠠᠷ᠂ ᠰᠢᠨ᠎ᠡ ᠶᠢ ᠡᠭᠦᠳᠬᠦ ᠴᠢᠳᠠᠪᠤᠷᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠲᠥᠷᠥ ᠶᠢᠨ ᠪᠣᠳᠣᠯᠭ᠎ᠠ ᠶᠢᠨ ᠰᠤᠳᠤᠯᠭᠠᠨ᠂ ᠵᠢᠭᠠᠨ ᠰᠤᠳᠤᠯᠬᠤ ᠴᠢᠳᠠᠪᠤᠷᠢ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠶ᠃      ᠡᠴᠦᠰ ᠲᠤ᠂ ᠬᠤᠷᠠᠯ ᠠᠴᠠ ᠡᠯ᠎ᠡ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠨ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠭᠦᠨᠵᠡᠭᠡᠶ ᠠᠵᠢᠯᠯᠠᠵᠤ ᠶᠠᠰᠤ ᠴᠢᠨᠠᠷ ᠢᠶᠠᠨ ᠳᠡᠭᠡᠭᠰᠢᠯᠡᠭᠦᠯᠦᠨ᠂ ᠦᠨᠡᠨᠬᠦ ᠶᠠᠪᠤᠭᠳᠠᠭᠤᠰᠢᠲᠠᠶ ᠠᠷᠭ᠎ᠠ ᠬᠡᠮᠵᠢᠶ᠎ᠡ ᠲᠣᠭᠲᠠᠭᠠᠵᠤ᠂ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠭᠤᠤᠯ ᠡᠭᠦᠷᠭᠡ ᠪᠣᠯᠭᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠴᠥᠬᠦᠷᠡᠰᠢ ᠥᠬᠡᠶ ᠰᠠᠶᠢᠲᠤᠷ ᠠᠳᠬᠤᠵᠤ ᠂ ᠪᠥᠬᠦ ᠬᠤᠰᠢᠭᠤᠨ ᠤ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ᠃
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ